ᠪᠠᠢ ᠬᠠᠢ ᠯᠢᠨ ᠭᠤᠸᠠᠩᠳᠦ᠋ᠩ ᠤᠨ ᠵᠦᠵᠢᠶᠠᠩ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠤᠨ ᠶᠡᠷᠦᠩᠬᠡᠢ ᠵᠠᠬᠢᠷᠣᠯ ᠯᠢ ᡁᠢ ᠬᠤᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/23
    12 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠭᠤᠸᠠᠩᠳᠦ᠋ᠩ ᠤᠨ ᠵᠦᠵᠢᠶᠠᠩ ᠪᠠᠯᠠ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠤᠨ ᠶᠡᠷᠦᠩᠬᠡᠶ ᠵᠠᠬᠢᠷᠣᠯ ᠯᠢ ᡁᠢ ᠬᠤᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠬᠥᠭᠵᠢᠯᠲᠡ᠂ ᠠᠵᠤ ᠦᠢᠯᠡᠰ ᠤᠨ ᠲᠠᠰ  ᠳᠡᠪᠰᠢᠯᠳᠡ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ ᠶᠠᠪᠤᠳᠠᠯ ᠤᠨ ᠳᠣᠬᠠᠢ ᠶᠠᠷᠢᠯᠴᠠᠨ ᠰᠣᠯᠢᠯᠴᠠᠪᠠ᠃
1.jpg
     ᠪᠠᠢ ᠬᠠᠢ ᠯᠢᠨ᠂ ᠯᠢ ᡁᠢ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠣᠳᠣᠬᠠᠨ ᠳᠤ ᠠᠯᠠᠱᠠ ᠶᠠᠭ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠥᠲᠥᠭᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠲᠣᠭᠤᠷᠢᠨ ᠳᠤ᠂ ᠪᠥᠬᠦ ᠬᠦᠴᠦᠨ ᠢᠶᠠᠷ ᠢᠶᠠᠨ ᠥᠭᠡᠷᠡᠴᠢᠯᠡᠯᠲᠡ ᠶᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠬᠥᠭᠵᠢᠯᠲᠡ ᠶᠢ ᠠᠬᠢᠭᠤᠯᠵᠤ ᠪᠠᠶᠢᠨ᠎ᠠ᠃ ᠭᠤᠸᠠᠩᠳᠦ᠋ᠩ ᠤᠨ ᠵᠦᠵᠢᠶᠠᠩ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠪᠣᠯ ᠤᠯᠤᠰ ᠤᠨ ᠳᠣᠲᠣᠭᠠᠳᠤ ᠳᠤ ᠲᠦᠢᠯ ᠤᠨ ᠶᠡᠭᠡ ᠨᠥᠯᠥᠭᠡᠯᠡᠬᠦ ᠬᠦᠴᠦᠨ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠᠶᠢᠵᠤ᠂ ᠡᠯᠪᠡᠭ ᠪᠠᠶᠠᠯᠢᠭ ᠪᠡᠯᠡ ᠣᠷᠣᠭᠤᠯᠤᠯᠲᠠ ᠶᠢᠨ ᠲᠤᠷᠰᠢᠯᠭ᠎ᠠ ᠪᠠ ᠬᠥᠭᠵᠢᠯᠲᠡ ᠶᠢᠨ ᠬᠥᠷᠥᠩᠭᠡ ᠲᠠᠢ ᠪᠠᠶᠢᠵᠤ ᠂ ᠪᠣᠭᠤᠮᠲᠠ ᠶᠢᠨ ᠬᠥᠭᠵᠢᠯᠲᠡ᠂ ᠭᠠᠳᠠᠭᠠᠳᠤ ᠠᠷᠠᠯᠵᠢᠶ᠎ᠠ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢᠨ ᠤᠯᠤᠯᠴᠠᠭ᠎ᠠ ᠪᠠ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠭᠠᠷ ᠬᠤᠯᠪᠣᠨ ᠬᠠᠮᠲᠤᠪᠠᠷ ᠠᠰᠢᠭ ᠬᠦᠷᠳᠡᠬᠦ ᠶᠢ ᠬᠦᠰᠡᠵᠦ ᠪᠠᠶᠢᠨ᠎ᠠ ᠭᠡᠪᠡ᠃
2.jpg
     ᠯᠢ ᡁᠢ ᠬᠤᠩ᠂ ᠠᠯᠠᠱᠠ ᠶᠢᠨ ᠡᠬᠢ ᠪᠠᠶᠠᠯᠢᠭ ᠡᠯᠪᠡᠭ᠂ ᠣᠷᠣᠨ ᠪᠠᠶᠢᠷᠢ ᠶᠢᠨ ᠨᠥᠬᠦᠴᠡᠯ ᠥᠪᠡᠷᠮᠢᠴᠡ᠂ ᠠᠵᠤ ᠦᠢᠯᠡᠰ ᠤᠨ ᠰᠠᠭᠤᠷᠢ ᠪᠠᠬᠢ᠂ ᠪᠡᠯᠡ ᠣᠷᠣᠭᠤᠯᠤᠯᠲᠠ ᠶᠢᠨ ᠣᠷᠴᠢᠨ  ᠰᠠᠶᠢᠨ ᠪᠠᠶᠢᠵᠤ᠂ ᠮᠠᠰᠢ ᠶᠡᠭᠡ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠪᠠ ᠳᠠᠯᠳᠠ ᠬᠥᠭᠵᠢᠯᠲᠡ ᠶᠢᠨ ᠣᠷᠣᠨ ᠵᠠᠢ ᠲᠠᠢ ᠶᠤᠮ᠃ ᠭᠤᠸᠠᠩᠳᠦ᠋ᠩ ᠤᠨ ᠵᠦᠵᠢᠶᠠᠩ ᠪᠡᠯᠡ ᠣᠷᠣᠭᠤᠯᠤᠯᠲᠠ ᠶᠢᠨ ᠬᠤᠪᠢ ᠡᠵᠡᠮᠳᠡᠭᠰᠡᠨ ᠪᠦᠯᠦᠭᠯᠡᠯ ᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠯᠠᠱᠠ ᠶᠢᠨ ᠬᠥᠭᠵᠢᠯᠲᠡ ᠳᠤ ︽ᠪᠣᠭᠤᠮᠲᠠ+ ᠪᠠᠷᠠᠭᠠᠨ ᠤ ᠭᠦᠢᠯᠭᠡᠭᠡᠨ ᠤ ᠠᠷᠠᠯᠵᠢᠶ᠎ᠠ︾᠂ ︽ᠪᠣᠭᠤᠮᠲᠠ+ ᠤᠶᠤᠨᠲᠤ ᠬᠦᠷᠢᠶᠡᠯᠡᠩ ᠲᠣᠭᠤᠷᠢᠭ︾᠂ ︽ᠪᠣᠭᠤᠮᠲᠠ + ᠰᠠᠭᠤᠷᠢ ᠲᠥᠬᠦᠭᠡᠷᠦᠮᠵᠢ︾ ᠵᠡᠷᠭᠡ ᠲᠠᠯ᠎ᠠ ᠪᠠᠷ ᠭᠦᠨᠵᠡᠭᠡᠢ ᠬᠠᠮᠲᠤᠷᠠᠯᠴᠠᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠪᠡ᠃     ᠪᠦᠦ ᠶᠧ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号