ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/12/23
     12 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠭᠡᠰᠢᠭᠦᠳ ᠤᠨ ᠬᠤᠷᠠᠯ ᠬᠤᠷᠠᠯᠳᠤᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃     ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠶ ᠲᠠᠢ ᠪᠠᠨ ᠤᠶᠠᠯᠳᠤᠭᠤᠯᠤᠨ ᠳᠣᠣᠱᠯᠠᠭᠤᠯᠣᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠮᠠᠨ ᠤ ᠠᠶᠢᠮᠠᠭ ᠤᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠤᠨ ᠬᠥᠭᠵᠢᠯᠲᠡ ᠶᠢᠨ ᠳᠠᠪᠠᠭᠤᠯᠢᠭ ᠲᠤ ᠰᠠᠭᠤᠷᠢᠯᠠᠨ᠂ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠯᠠᠱᠠ ᠶᠢᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠬᠡᠨ ᠪᠠᠶᠢᠭᠤᠯᠬᠤ ᠬᠡᠷᠡᠭᠲᠡᠶ᠃ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠴᠢᠶᠣᠤ ᠱᠢ ᠨᠥᠬᠦᠷ ᠤᠨ 100 ᠵᠢᠯ ᠤᠨ ᠣᠶ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠴᠢᠶᠣᠤ ᠱᠢ ᠨᠥᠬᠦᠷ ᠤᠨ ᠬᠤᠪᠢᠰᠬᠠᠯ ᠤᠨ ᠵᠣᠷᠢᠭ ᠰᠠᠨᠠᠭ᠎ᠠ ᠪᠣᠯᠤᠨ ᠡᠷᠬᠢᠮ ᠳᠡᠭᠡᠳᠦ ᠬᠡᠪ ᠰᠣᠷᠳᠠᠯ ᠢ ᠭᠦᠨᠵᠡᠭᠡᠶ ᠰᠤᠷᠤᠯᠴᠠᠵᠤ᠂ ᠦᠨᠡᠨ ᠠᠴᠠ ᠵᠥᠪ ᠢ ᠡᠷᠢᠬᠦ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠶ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠠᠶᠢᠳᠠᠯ ᠢᠶᠠᠨ ᠪᠠᠲᠤᠯᠠᠵᠤ᠂ ᠠᠯᠠᠱᠠ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠦ ᠴᠢᠬᠤᠯᠠᠴᠢᠯᠠᠪᠠ᠃     ᠬᠤᠷᠠᠯ ᠳᠤ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠣᠶ᠎ᠠ︾ ᠬᠡᠬᠦ ᠴᠢᠬᠤᠯᠠ ᠨᠡᠶᠢᠳᠡᠯᠡᠯ ᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠢᠯᠵᠠᠷᠠᠯ ᠢ ᠵᠠᠯᠬᠠᠭᠠᠨ ᠰᠢᠳᠬᠡᠬᠦ ᠰᠦᠷ ᠬᠦᠴᠦᠲᠦ ᠪᠠᠶᠢᠳᠠᠯ ᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠣᠷᠴᠢᠨ  ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠨ ᠳᠣᠣᠱᠯᠠᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠳᠤ ᠪᠠᠰᠠ ᠵᠠᠯᠠᠭᠤ ᠺᠠᠳ᠋ᠷ ᠢ ᠬᠥᠮᠦᠵᠢᠭᠦᠯᠬᠦ᠂ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠬᠥᠭᠵᠢᠭᠦᠯᠬᠦ ᠵᠡᠷᠭᠡ ᠠᠵᠢᠯ ᠳᠤ ᠪᠠᠶᠢᠷᠢᠯᠠᠭᠤᠯᠤᠯᠲᠠ ᠬᠢᠵᠦ᠂ ᠠᠵᠢᠯ ᠦᠢᠯᠡᠰ ᠤᠨ ᠠᠯᠤᠰ ᠬᠡᠳᠤ ᠶᠢᠨ ᠬᠥᠭᠵᠢᠯᠲᠡ ᠶᠢᠨ ᠬᠡᠷᠡᠭᠴᠡᠭᠡ ᠶᠢ ᠪᠣᠳᠣᠯᠬᠢᠯᠠᠵᠤ᠂ ᠰᠢᠯᠢᠳᠡᠭ ᠵᠠᠯᠠᠭᠤ ᠺᠠᠳ᠋ᠷ ᠢ ᠬᠥᠮᠦᠵᠢᠭᠦᠯᠵᠦ ᠰᠢᠯᠢᠨ ᠳᠡᠪᠰᠢᠭᠦᠯᠬᠦ ᠪᠠᠶᠢᠩᠭᠤᠵᠢᠭᠰᠠᠨ ᠠᠵᠢᠯ ᠤᠨ ᠲᠣᠭᠲᠠᠴᠠ ᠶᠢ ᠪᠦᠷᠢᠨᠰᠢᠬᠦᠯᠵᠤ᠂ ᠵᠠᠯᠠᠭᠤ ᠺᠠᠳ᠋ᠷ ᠢ ᠳᠠᠪᠲᠠᠨ ᠪᠣᠯᠪᠠᠰᠤᠷᠠᠭᠤᠯᠬᠤ ᠲᠠᠪᠴᠠᠩ ᠢ ᠪᠠᠶᠢᠭᠤᠯᠵᠤ᠂ ᠨᠢᠭᠡ ᠪᠦᠯᠦᠭ ᠪᠣᠳᠠᠲᠠᠢ ᠠᠵᠢᠯᠯᠠᠵᠤ ᠬᠠᠷᠢᠭᠤᠴᠠᠯᠭ᠎ᠠ  ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠰᠢᠯᠢᠳᠡᠭ ᠵᠠᠯᠠᠭᠤ ᠺᠠᠳ᠋ᠷ ᠢ ᠨᠥᠭᠡᠴᠡᠯᠡᠨ ᠬᠥᠮᠦᠵᠢᠭᠦᠯᠵᠦ᠂ ᠠᠯᠠᠱᠠ ᠶᠢᠨ ᠠᠵᠢᠯ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠬᠤ ᠬᠡᠷᠡᠭᠲᠡᠢ᠃ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠠ ᠬᠥᠭᠵᠢᠯᠲᠡ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠯᠠᠱᠠ ᠶᠢᠨ ᠴᠢᠬᠤᠯᠠ ᠪᠠᠭᠤᠷᠢ ᠶᠢᠨ ᠬᠠᠭᠤᠴᠢ ᠰᠤᠳᠤᠯᠤᠯ ᠤᠨ ᠪᠠᠶᠢᠴᠠᠭᠠᠯᠲᠠ ᠪᠠ ᠬᠠᠮᠠᠭᠠᠯᠠᠯᠲᠠ ᠶᠢᠨ ᠴᠢᠨᠠᠷᠲᠠᠶ ᠪᠠᠷ ᠢᠯᠡᠷᠡᠬᠦᠯᠬᠦ ᠡᠷᠴᠢᠮ ᠢᠶᠠᠨ ᠴᠢᠩᠭᠠᠷᠠᠭᠤᠯᠵᠤ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠤᠬᠠᠭᠤᠯᠭ᠎ᠠ ᠪᠠ ᠮᠡᠳᠡᠯᠭᠡ ᠶᠢᠨ ᠲᠦᠭᠡᠮᠡᠯᠵᠢᠭᠦᠯᠦᠯᠲᠡ ᠶᠢ ᠴᠢᠩᠭᠠᠳᠬᠠᠨ᠂ ᠠᠷᠠᠳ ᠣᠯᠠᠨ ᠤ ᠲᠡᠤᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号