ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/23
     12 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠳᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠲᠥᠪ ᠬᠤᠷᠢᠶᠠᠨ ᠤ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠮᠠᠭᠠᠳᠯᠠᠬᠤ᠂ ᠬᠠᠷᠠᠯᠲᠠ ᠡᠭᠦᠷᠭᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠰᠢᠵᠦ᠂ ᠪᠦᠬᠦ ᠠᠶᠢᠮᠠᠭ ᠤᠨ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠸ᠎ᠠ ᠲᠦᠷᠦ ᠶᠢᠨ ᠪᠤᠳᠤᠯᠭ᠎ᠠ ᠪᠣᠯᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠢᠴᠡᠳ ᠰᠠᠶᠢᠲᠤᠷ ᠬᠡᠷᠡᠭᠯᠡᠵᠦ᠂ ᠢᠷᠡᠬᠦ ᠵᠢᠯ ᠤᠨ ᠠᠵᠢᠯ ᠢᠶᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠪᠣᠳᠠᠲᠠᠢ ᠢᠨᠵᠧᠨᠧᠷᠢᠩ ᠤᠨ ᠲᠦᠷᠦᠯ ᠵᠦᠢᠯ ᠪᠣᠯᠭᠠᠨ ᠬᠤᠪᠢᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠢᠳᠡᠪᠬᠢᠲᠡᠢ ᠪᠠᠷ ᠴᠢᠳᠠᠪᠤᠷᠢ ᠣᠯᠭᠤᠵᠤ᠂ ᠴᠠᠭ ᠪᠣᠯᠤᠨ ᠤᠶᠤᠨ ᠴᠢᠳᠠᠯ ᠢᠶᠠᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠡᠭᠡᠷ᠎ᠡ ᠦᠨᠡᠨᠬᠦ ᠲᠥᠪᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠳᠤ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠠᠶᠢᠮᠠᠭ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠰᠣᠨᠣᠰᠴᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ᠂ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ᠠᠲᠠᠷᠰᠢᠭᠤᠯᠤᠭᠰᠠᠨ ᠭᠠᠵᠠᠷ ᠪᠣᠯᠤᠨ ᠬᠤᠵᠢᠷᠰᠢᠭᠰᠠᠨ ᠭᠠᠵᠠᠷ ᠢ ᠵᠠᠰᠠᠵᠤ ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠣᠨᠣᠪᠴᠢᠳᠠᠢ ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠢᠳᠡᠪᠬᠢᠵᠢᠯ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠴᠠᠭᠠᠨ ᠳᠡᠷᠡᠰᠦ ᠠᠴᠠ ᠪᠠᠶᠠᠨᠬᠤᠲᠠ ᠬᠦᠷᠬᠦ ᠲᠡᠮᠦᠷ ᠵᠠᠮ ᠪᠣᠯᠤᠨ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠬᠦ ᠲᠥᠷᠥᠯ ᠵᠦᠢᠯ ᠤᠨ ᠪᠠᠶᠢᠳᠠᠯ ᠢ ᠰᠣᠨᠣᠰᠴᠤ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠢᠭᠲᠠ ᠬᠠᠮᠵᠢᠯᠴᠠᠵᠤ᠂ ᠴᠠᠭ ᠤᠨ ᠵᠠᠩᠭᠢᠯᠠᠭ᠎ᠠ ᠶᠢ ᠴᠢᠩᠭ᠎ᠠ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠬᠤᠷᠳᠤᠴᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠬᠢᠵᠦ᠂ ᠡᠷᠲᠡᠬᠡᠨ ᠠᠵᠢᠯ ᠢᠶᠠᠨ ᠡᠬᠢᠯᠡᠭᠦᠯᠵᠦ᠂ ᠡᠷᠲᠡᠬᠡᠨ ᠪᠠᠶᠢᠭᠤᠯᠵᠤ᠂ ᠡᠷᠲᠡᠬᠡᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃    ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃       
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号