ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠬᠢᠪᠠ
ᠨᠡᠶᠢᠲᠡᠯᠡᠭᠰᠡᠨ ᠴᠠᠭ᠄
2024/12/23
    12 ᠰᠠᠷ᠎ᠠ ᠶᠢᠨ 20 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠦ ᠴᠣᠭᠴᠠᠯᠠᠬᠤ᠂ ᠬᠢᠯᠢ ᠬᠢᠵᠠᠭᠠᠷ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠢ ᠬᠠᠢ ᠯᠢᠨ ᠬᠤᠷᠠᠯ ᠢ ᠡᠷᠬᠢᠯᠡᠪᠡ᠃    ᠬᠤᠷᠠᠯ ᠳᠡᠭᠡᠷ᠎ᠡ᠂ ᠮᠥᠩᠬᠡ᠂ ᠲᠠᠩ ᠬᠤᠩ ᠴᠢᠩ᠂ ᠷᠧᠨ ᠯᠢ ᠬᠤᠸᠠ᠂ ᠬᠠᠰᠪᠠᠭᠠᠨ᠎ᠠ ᠵᠡᠷᠭᠡ ᠲᠦᠷᠪᠡᠨ ᠨᠥᠬᠦᠷ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠭᠤᠣᠯ ᠳᠤᠭᠤᠶᠢᠯᠠᠩ ᠤᠨ ᠪᠤᠰᠤᠳ  ᠪᠦᠷᠢᠯᠳᠦᠭᠦᠨ ᠪᠢᠴᠢᠭ  ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃    ᠪᠠᠢ ᠬᠠᠢ ᠯᠢᠨ᠂ ᠠᠯᠠᠱᠠ ᠡᠬᠡ ᠤᠯᠤᠰ ᠤᠨ ︽ᠤᠮᠠᠷᠠᠲᠤ ᠶᠡᠭᠡ ᠬᠠᠭᠠᠯᠭ᠎ᠠ︾ ᠪᠣᠯᠣᠨ ᠥᠪᠥᠷ ᠮᠣᠩᠭᠤᠯ ᠤᠨ ︽ᠪᠠᠷᠠᠭᠤᠨ ᠶᠡᠭᠡ ᠡᠭᠦᠳᠡ︾ ᠪᠣᠯᠤᠭᠰᠠᠨ ᠤ ᠬᠤᠪᠢ ᠳᠤ᠂ ᠤᠯᠤᠰ ᠤᠨ ᠬᠢᠯᠢ ᠬᠢᠵᠠᠭᠠᠷ ᠢ ᠵᠠᠰᠠᠬᠤ ᠲᠠᠯ᠎ᠠ ᠪᠠᠷ ᠴᠢᠬᠤᠯᠠ ᠶᠡᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠲᠣᠳᠣᠷᠬᠠᠶᠢᠯᠠᠨ᠂ ᠠᠵᠢᠯ ᠤᠨ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠳᠣᠣᠱᠯᠠᠭᠤᠯᠣᠨ ᠨᠠᠶᠢᠳᠠᠪᠤᠷᠢᠵᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠦ ᠴᠣᠭᠴᠠᠯᠠᠬᠤ ᠭᠤᠣᠯ ᠰᠢᠵᠢᠮ ᠢ ᠪᠦᠬᠦ ᠲᠠᠯ᠎ᠠ ᠪᠠᠷ ᠳᠣᠣᠱᠯᠠᠭᠤᠯᠣᠨ᠂ ᠰᠡᠳᠬᠢᠴᠡ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠪᠣᠳᠠᠲᠠᠶᠢᠵᠢᠭᠤᠯᠤᠨ ᠨᠠᠷᠢᠯᠢᠭᠵᠢᠭᠤᠯᠵᠤ᠂ ᠤᠶᠠᠯᠳᠤᠭᠤᠯᠬᠤ ᠪᠠ ᠠᠭᠤᠰᠤᠯᠴᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ︽ᠬᠤᠭᠤᠰᠤᠨ᠂ ᠪᠦᠳᠦᠭᠦᠯᠢᠭ᠂ ᠡᠬᠢ ᠵᠠᠬ᠎ᠠ ᠦᠬᠡᠢ︾ ᠠᠰᠠᠭᠤᠳᠠᠯ ᠢ ᠶᠡᠬᠡᠪᠡᠷ ᠰᠢᠢᠳᠪᠦᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠦ  ᠴᠣᠭᠴᠠᠯᠠᠬᠤ ᠭᠤᠣᠯ ᠰᠢᠵᠢᠮ ᠢ  ᠡᠯ᠎ᠡ  ᠲᠦᠷᠦᠯ ᠤᠨ ᠠᠵᠢᠯ ᠳᠤ ᠦᠨᠡᠨᠬᠦ ᠳᠣᠣᠱᠯᠠᠭᠤᠯᠬᠤ ᠬᠡᠷᠡᠭᠲᠡᠢ᠃ ᠬᠥᠭᠵᠢᠯᠲᠡ ᠶᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠲᠦᠯᠬᠢᠭᠦᠷ ᠪᠤᠯᠭᠠᠨ᠂ ᠥᠭᠡᠷᠡᠴᠢᠯᠡᠯᠲᠡ ᠪᠠᠷ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠦᠢᠯᠡᠰ ᠢ ᠪᠦᠬᠦ ᠲᠠᠯ᠎ᠠ ᠪᠠᠷ ᠰᠠᠶᠢᠲᠤᠷ ᠬᠢᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠳᠡᠬᠦ᠂ ᠦᠨᠳᠦᠰᠦᠲᠡᠨ ᠤ ᠠᠰᠠᠭᠤᠳᠠᠯ ᠳᠤ ᠬᠠᠨᠳᠤᠬᠤ᠂ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠴᠢᠳᠠᠮᠠᠭᠠᠢ ᠪᠠᠶᠢᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠠᠮᠤᠷ ᠲᠦᠪᠰᠢᠨ᠂ ᠬᠢᠯᠢ ᠬᠢᠵᠠᠭᠠᠷ ᠤᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠵᠦ ᠨᠠᠮ ᠤᠨ ᠪᠠᠶᠢᠭᠤᠯᠤᠯᠲᠠ ᠶᠢ ᠠᠳᠬᠤᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠦᠷ᠎ᠡ ᠪᠦᠲᠦᠮᠵᠢ ᠶᠢ ᠲᠡᠭᠡᠭᠰᠢᠯᠡᠬᠦᠯᠦᠨ᠂ ᠪᠦᠬᠦ ᠬᠦᠴᠦᠨ ᠢᠶᠠᠷ ᠢᠶᠠᠨ ᠠᠯᠠᠱᠠ ᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ ᠬᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号