ᠰᠦᠨ ᠱᠤᠤ ᠴᠧᠩ ᠸᠠᠩ ᠯᠢ ᠰᠢᠶᠠ ᠵᠦᠩ ᠮᠸᠢ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠸᠠᠩ ᠱᠤ᠋ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/23
   12 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠳᠤᠮᠳᠠᠳᠤ ᠤᠯᠤᠰ ᠤᠨ ᠵᠥᠩ ᠮᠧᠶ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠱᠤ᠋ ᠳ᠋ᠦᠩ ᠲᠠᠢ ᠠᠭᠤᠯᠵᠠᠪᠠ᠃   ᠰᠦᠨ ᠱᠤᠤ ᠴᠧᠩ ᠸᠠᠩ ᠱᠤ᠋ ᠳ᠋ᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠲᠦᠬᠦᠮ ᠲᠠᠨᠢᠯᠴᠠᠭᠤᠯᠪᠠ᠃ ᠲᠡᠷᠡ᠂ ᠪᠢᠳᠡ ᠤᠶᠢᠷ᠎ᠠ ᠳᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠣᠨ ᠢᠷᠡᠬᠦ ᠵᠢᠯ ᠤᠨ ᠠᠵᠤ ᠠᠬᠤᠢ ᠶᠢᠨ ᠠᠵᠢᠯ ᠢ ᠰᠤᠳᠤᠯᠤᠨ ᠲᠥᠯᠥᠪᠵᠢᠭᠦᠯᠵᠤ ᠪᠠᠶᠢᠨ᠎ᠠ᠃ ᠥᠪᠥᠷ ᠮᠣᠩᠭᠤᠯ ᠤᠨ ᠠᠵᠤ ᠠᠬᠤᠢ ᠶᠢᠨ ᠬᠥᠭᠵᠢᠯᠲᠡ ᠶᠢ ᠭᠤᠤᠯᠳᠠᠭᠤ ᠪᠡᠯᠡ ᠣᠷᠣᠭᠤᠯᠤᠯᠲᠠ ᠪᠠᠷ ᠳᠠᠶᠢᠴᠢᠯᠠᠬᠤ ᠴᠢᠬᠤᠯᠠᠳᠠᠢ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠭᠤᠤᠯᠳᠠᠭᠤ ᠲᠦᠷᠦᠯ ᠵᠦᠢᠯ ᠢᠯᠠᠩᠭᠤᠶ᠎ᠡ ᠰᠢᠨ᠎ᠡ ᠡᠨᠧᠷᠭᠢ ᠶᠢᠨ ᠲᠦᠷᠦᠯ ᠵᠦᠢᠯ ᠢᠶᠠᠷ ᠲᠤᠯᠭᠠᠭᠤᠷᠢᠯᠠᠬᠤ ᠴᠢᠬᠤᠯᠠᠳᠠᠢ ᠶᠤᠮ᠃ ᠢᠷᠡᠬᠦ ᠵᠢᠯ᠂ ᠪᠢᠳᠡ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠬᠦ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠪᠡᠯᠡ ᠣᠷᠣᠭᠤᠯᠤᠯᠲᠠ ᠶᠢᠨ ᠲᠣᠭᠲᠠᠭᠤᠨ ᠨᠡᠮᠡᠭᠳᠡᠯ ᠢ ᠴᠢᠷᠮᠠᠶᠢᠨ ᠪᠠᠲᠤᠯᠠᠨ᠎ᠠ᠃ ᠳᠡᠭᠡᠷ᠎ᠡ ᠤᠳᠠᠭ᠎ᠠ ᠠᠭᠤᠯᠵᠠᠭᠰᠠᠨ ᠠᠴᠠ ᠨᠠᠭᠠᠰᠢ᠂ ᠥᠪᠥᠷ ᠮᠣᠩᠭᠤᠯ ᠪᠣᠯᠣᠨ ᠵᠦᠩ ᠮᠸᠢ ᠪᠦᠯᠦᠭᠯᠡᠯ ᠤᠨ ᠬᠠᠮᠲᠤᠷᠠᠯᠴᠠᠭᠠᠨ ᠤ ᠲᠥᠷᠥᠯ ᠵᠦᠢᠯ ᠲᠦᠷᠭᠡᠨ ᠨᠠᠶᠢᠳᠠᠪᠤᠷᠢᠵᠢᠭᠳᠠᠨ ᠠᠰᠢᠭᠯᠠᠯᠳᠠ ᠳᠤ ᠤᠷᠤᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠨᠠᠩ ᠨᠢᠭᠳᠠ ᠪᠣᠯᠵᠤ᠂ ᠬᠠᠮᠲᠤᠷᠠᠯᠴᠠᠭᠠᠨ ᠤ ᠢᠷᠡᠭᠡᠳᠦᠢ ᠥᠷᠭᠡᠨ ᠠᠭᠤᠳᠠᠮ ᠪᠤᠯᠵᠠᠢ᠃ ᠵᠦᠩ ᠮᠸᠢ ᠪᠦᠯᠦᠭᠯᠡᠯ ᠤᠨ ᠬᠢᠨ ᠮᠠᠨ ᠤ ᠣᠷᠣᠨ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠨᠧᠷᠭᠢ ᠬᠠᠳᠠᠭᠠᠯᠠᠬᠤ᠂ ᠪᠣᠬᠢᠷᠲᠤᠯ ᠦᠭᠡᠢ ᠤᠰᠤᠲᠥ᠋ᠷᠥᠭᠴᠢ ᠪᠣᠬᠢᠷᠲᠤᠯ ᠦᠭᠡᠢ ᠰᠢᠪᠲᠦᠷ ᠦᠢᠯᠡᠳᠬᠦ ᠪᠠ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ᠃ ᠪᠢᠳᠡ ᠲᠤᠰᠬᠠᠢ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠨᠠᠨ ᠵᠥᠪᠰᠢᠶᠡᠷᠡᠬᠦ ᠣᠷᠣᠯᠠᠨ ᠭᠦᠢᠴᠡᠳᠬᠡᠬᠦ ᠵᠡᠷᠭᠡ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠥᠭᠵᠢᠯᠲᠡ ᠳᠤ ᠨᠠᠩ ᠰᠠᠶᠢᠨ ᠢᠶᠠᠷ ᠬᠦᠴᠦᠨ ᠨᠡᠮᠡᠷᠢᠯᠡᠨ᠎ᠡ ᠭᠡᠵᠤ ᠬᠡᠯᠡᠪᠡ᠃    ᠸᠠᠩ ᠱᠤ᠋ ᠳ᠋ᠦᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠵᠦᠩ ᠮᠸᠢ ᠪᠦᠯᠦᠭᠯᠡᠯ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠬᠤ ᠶᠢᠨ ᠬᠠᠮᠲᠤ ᠵᠦᠩ ᠮᠸᠢ ᠪᠦᠯᠦᠭᠯᠡᠯ ᠤᠨ ᠲᠤᠰᠬᠠᠢ ᠴᠡᠭᠴᠡᠯᠡᠨ ᠵᠠᠰᠠᠯᠲᠠ᠂ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠵᠡᠷᠭᠡ ᠪᠠᠶᠢᠳᠠᠯ ᠢ ᠲᠠᠨᠢᠯᠴᠠᠭᠤᠯᠪᠠ᠃ ᠲᠡᠷᠡ᠂ ᠵᠦᠩ ᠮᠸᠢ ᠪᠦᠯᠦᠭᠯᠡᠯ ᠤᠨ ᠬᠢᠨ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠥᠪᠥᠷ ᠮᠣᠩᠭᠤᠯ ᠪᠣᠯᠣᠨ ᠵᠦᠩ ᠮᠸᠢ ᠪᠦᠯᠦᠭᠯᠡᠯ ᠤᠨ ᠬᠠᠮᠲᠤᠷᠠᠯᠴᠠᠭ᠎ᠠ ᠮᠠᠰᠢ ᠰᠠᠶᠢᠨ ᠪᠠᠶᠢᠵᠤ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠪᠢᠳᠡᠨ ᠳᠤ ᠬᠠᠩᠭᠠᠭᠰᠠᠨ ᠦᠢᠯᠡᠴᠢᠯᠡᠭᠡ ᠪᠠᠳᠤᠯᠠᠭ᠎ᠠ ᠮᠠᠰᠢ ᠭᠦᠢᠴᠡᠳ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠨᠡᠭᠦᠷᠡᠰᠦ ᠪᠠᠭ᠎ᠠ ᠨᠡᠭᠦᠷᠡᠰᠦ ᠦᠭᠡᠢ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠪᠠᠷ ᠬᠡᠢ ᠦᠢᠯᠡᠳᠬᠦ᠂ ᠰᠢᠨ᠎ᠡ ᠡᠨᠧᠷᠭᠢ ᠵᠡᠷᠭᠡ ᠬᠦᠷᠢᠶᠡᠨ ᠳᠤ ᠥᠪᠥᠷ ᠮᠣᠩᠭᠤᠯ ᠳᠠᠬᠢ ᠪᠡᠯᠡ ᠣᠷᠣᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠨᠠᠩ ᠰᠠᠶᠢᠨ ᠢᠶᠠᠷ ᠬᠦᠴᠦᠨ ᠨᠡᠮᠡᠷᠢᠯᠡᠨ᠎ᠠ ᠭᠡᠵᠤ ᠬᠡᠯᠡᠪᠡ᠃   ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号