ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/23
   12 ᠰᠠᠷ᠎ᠠ ᠶᠢᠨ 19 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃   ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠥᠪᠥᠷ ᠮᠣᠩᠭᠤᠯ ᠤᠨ ᠣᠨᠴᠠᠯᠢᠭ ᠪᠠ ᠳᠠᠪᠠᠭᠤᠯᠢᠭ ᠲᠠᠢ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠭᠤᠤᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠭᠡᠨ ᠠᠬᠢᠭᠤᠯᠵᠤ᠂ ᠣᠯᠠᠨ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ  ᠢ ᠪᠦᠷᠢᠨᠰᠢᠬᠦᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ  ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ  ᠶᠢᠨ ᠬᠤᠪᠢᠰᠬᠠᠯ  ᠤᠨ ᠲᠤᠬᠠᠢ ᠴᠢᠬᠤᠯᠠ ᠦᠵᠡᠯ ᠰᠠᠨᠠᠭ᠎ᠠ  ᠶᠢ ᠭᠦᠨᠵᠡᠭᠡᠢ ᠰᠤᠷᠤᠯᠴᠠᠵᠤ᠂ ᠪᠦᠬᠦ ᠲᠠᠯ᠎ᠠ  ᠪᠠᠷ ᠨᠠᠮ  ᠢ ᠴᠢᠩᠭ᠎ᠠ ᠵᠠᠰᠠᠬᠤ ᠤᠯᠤᠰ ᠲᠦᠷᠦ  ᠶᠢᠨ ᠬᠠᠷᠢᠭᠤᠴᠠᠯᠭ᠎ᠠ  ᠶᠢ ᠪᠠᠲᠤ ᠡᠭᠦᠷᠭᠡᠯᠡᠵᠦ᠂ ᠨᠠᠮ  ᠤᠨ ᠰᠠᠬᠢᠯᠭ᠎ᠠ ᠪᠠᠲᠤ   ᠶᠢᠨ ᠰᠤᠷᠤᠯᠴᠠᠯᠭ᠎ᠠ ᠬᠥᠮᠦᠵᠢᠯ  ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ  ᠶᠢ ᠠᠬᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠠᠰᠠᠭᠤᠳᠠᠯ  ᠢ ᠡᠷᠡᠰ ᠵᠠᠯᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ 2024 ᠣᠨ ᠤ ᠪᠦᠬᠦ ᠣᠷᠣᠨ ᠤ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠪᠣᠯᠤᠨ 2025 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ ᠵᠢᠴᠢ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠰᠤᠳᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠣᠣᠱᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠠᠵᠢᠯ ᠲᠥᠷᠥᠯ ᠬᠦᠷᠢᠶ᠎ᠡ ᠴᠠᠷᠠᠭ᠎ᠠ ᠳᠠᠷᠠᠭᠠᠯᠠᠨ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠪᠣᠳᠠᠲᠠᠶ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠵᠤ᠂ ᠡᠴᠦᠰ ᠲᠤᠨᠢ ᠲᠤᠯᠲᠠᠯ᠎ᠠ ᠠᠩᠬᠠᠷᠴᠤ᠂ ᠪᠢᠲᠡᠭᠦᠦ ᠭᠤᠭᠴᠤᠭ᠎ᠠ ᠪᠠᠷ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠲᠠᠩᠰᠠ ᠲᠤᠰᠢᠶᠠᠬᠤ ᠬᠡᠷᠡᠭᠲᠡᠶ᠃ ᠲᠥᠰᠦᠪ ᠤᠨ ᠡᠷᠬᠡ ᠰᠦᠷᠲᠦ ᠴᠢᠨᠠᠷ ᠢ ᠴᠢᠩᠭᠠᠳᠬᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠳᠠᠳᠬᠠᠯ ᠲᠠᠢ ᠪᠤᠯᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃   ᠬᠤᠷᠠᠯ ᠠᠴᠠ ᠬᠥᠬᠡᠬᠤᠲᠠ ᠪᠤᠭᠤᠲᠤ ᠣᠷᠳᠣᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠬᠤ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠨᠤᠲᠤᠭ ᠪᠡᠯᠴᠢᠭᠡᠷ ᠤᠨ ᠲᠠᠭᠠᠭᠠᠴᠡ ᠠᠴᠠ ᠬᠡᠳᠦᠷᠡᠳᠡᠯ᠎ᠡ ᠪᠡᠯᠴᠢᠭᠡᠷᠯᠡᠭᠦᠯᠵᠦ ᠪᠠᠶᠢᠬᠤ ᠠᠰᠠᠭᠤᠳᠠᠯ ᠢ ᠪᠥᠬᠦ ᠲᠠᠯ᠎ᠠ ᠪᠠᠷ ᠰᠢᠢᠳᠪᠦᠷᠢᠯᠡᠬᠦ ᠭᠤᠷᠪᠠᠨ ᠥᠭᠡᠷᠡᠴᠢᠯᠡᠯᠲᠡ ᠶᠢᠨ ᠲᠥᠰᠦᠯ ᠢ ᠬᠢᠨᠠᠨ ᠵᠥᠪᠯᠡᠵᠦ ᠪᠠᠲᠤᠯᠠᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠬᠥᠬᠡᠬᠤᠲᠠ ᠪᠤᠭᠤᠲᠤ ᠣᠷᠳᠣᠰ ᠤᠨ ᠲᠥᠷᠥ ᠶᠢᠨ ᠪᠣᠳᠣᠯᠭ᠎ᠠ ᠶᠢᠨ ᠬᠠᠷᠢᠯᠴᠠᠨ ᠨᠡᠪᠲᠡᠷᠡᠯᠴᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠠᠵᠤ ᠦᠢᠯᠡᠰ ᠢᠶᠠᠨ ᠬᠠᠷᠢᠯᠴᠠᠨ ᠠᠬᠢᠭᠤᠯᠬᠤ᠂ ᠮᠡᠳᠡᠭᠡ ᠵᠠᠩᠭᠢ ᠪᠠᠨ ᠬᠠᠷᠢᠯᠴᠠᠨ ᠬᠤᠯᠪᠣᠭᠠᠯᠠᠬᠤ᠂ ᠴᠢᠳᠠᠪᠤᠷᠢᠲᠠᠨ ᠢᠶᠠᠷ ᠬᠠᠷᠢᠯᠴᠠᠨ ᠲᠡᠳᠬᠦᠬᠦ ᠶᠢ ᠠᠬᠢᠭᠤᠯᠬᠤ ᠬᠡᠷᠡᠭᠲᠡᠶ᠃ ᠬᠠᠤᠯᠢ ᠬᠡᠷᠡᠭᠵᠢᠭᠦᠯᠬᠦ ᠣᠷᠴᠢᠨ ᠢ ᠰᠢᠯᠢᠳᠡᠭᠵᠢᠭᠦᠯᠦᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠ ᠨᠠᠷᠢᠯᠢᠭ ᠣᠨᠣᠴᠠᠳᠠᠢ ᠪᠣᠯᠭᠠᠬᠤ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠵᠢᠷᠤᠮ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠮᠠᠯ ᠠᠵᠤ ᠠᠬᠤᠶ ᠶᠢᠨ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠨᠤᠲᠤᠭ ᠪᠡᠯᠴᠢᠭᠡᠷ ᠢ ᠠᠮᠤᠷᠵᠢᠭᠤᠯᠤᠨ ᠰᠡᠷᠭᠦᠭᠡᠬᠦ  ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠪᠠᠰᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠭᠰᠠᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠣᠷᠣᠨ ᠨᠤᠲᠤᠭ ᠤᠨ ᠥᠷᠢ ᠥᠭᠴᠡᠭᠡ ᠪᠠ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ ᠠᠵᠢᠯ ᠢ ᠰᠤᠳᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号