ᠠᠶᠢᠮᠠᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠦᠪᠯᠡᠬᠦ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠠᠵᠢᠯ ᠢᠶᠠᠨ ᠮᠡᠳᠡᠬᠦᠯᠬᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2024/12/24
    12 ᠰᠠᠷ᠎ᠠ ᠶᠢᠨ 22 ᠤᠨ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠠᠵᠢᠯ ᠢᠶᠠᠨ ᠮᠡᠳᠡᠬᠦᠯᠬᠦ ᠬᠤᠷᠠᠯ ᠬᠤᠷᠠᠯᠳᠤᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ ᠳᠣᠣᠱᠯᠠᠭᠤᠯᠵᠦ᠂ ᠪᠦᠬᠦ ᠠᠶᠢᠮᠠᠭ ᠤᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ᠂ ᠠᠯᠠᠱᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠬᠤᠸᠠᠩ ᠶᠠ ᠯᠢ ᠶᠢᠨ ᠨᠠᠶᠢᠳᠠᠯᠭ᠎ᠠ ᠪᠠᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠢ ᠡᠷᠭᠢᠯᠡᠪᠡ᠃     ᠬᠤᠷᠠᠯ ᠳᠡᠭᠡᠷ᠎ᠡ᠂ ᠠᠯᠠᠱᠠ ᠵᠡᠭᠦᠨ ᠬᠤᠰᠢᠭᠤ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠭᠤᠤᠯ ᠬᠠᠷᠢᠭᠤᠴᠠᠯᠭᠠᠲᠠᠨ ᠲᠤᠬᠠᠶ ᠶᠢᠨ ᠲᠠᠯᠠᠪᠠᠢ ᠳᠤ ᠠᠵᠢᠯ ᠢᠶᠠᠨ ᠮᠡᠳᠡᠭᠦᠯᠵᠦ᠂ ᠪᠤᠰᠤᠳ ᠬᠤᠰᠢᠭᠤ ᠣᠷᠣᠨ ᠪᠢᠴᠢᠭ ᠤᠨ ᠬᠡᠯᠪᠡᠷᠢ ᠪᠠᠷ ᠠᠵᠢᠯ ᠢᠶᠠᠨ ᠮᠡᠳᠡᠭᠦᠯᠪᠠ᠃ ᠪᠠᠶ ᠬᠠᠶ ᠯᠢᠨ ᠡᠯ᠎ᠡ ᠬᠤᠰᠢᠭᠤ ᠣᠷᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠦᠨᠡᠯᠡᠪᠡ᠃ ᠠᠯᠠᠱᠠ ᠶᠢᠨ ᠴᠡᠷᠢᠭ ᠤᠨ ᠬᠤᠪᠢᠶᠠᠷᠢ ᠲᠣᠭᠤᠷᠢᠭ ᠤᠨ ᠺᠤᠮᠠᠨᠳ᠋ᠯᠠᠭᠴᠢ ᠲᠠᠩ ᠬᠤᠩ ᠴᠢᠩ ᠪᠥᠬᠦ ᠠᠶᠢᠮᠠᠭ ᠤᠨ 2024 ᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢ ᠳᠠᠶᠢᠴᠢᠯᠠᠭᠰᠠᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ᠃     ᠬᠤᠷᠠᠯ ᠠᠴᠠ᠂ ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠱᠠᠲᠤᠨ ᠤ ᠬᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠦ᠂ ᠲᠡᠶᠢᠨ ᠳᠤ ᠪᠡᠯᠡᠳᠭᠡᠵᠤ ᠪᠠᠶᠢᠯᠳᠤᠭᠠᠨ ᠬᠢᠬᠦ ᠪᠠᠷ ᠭᠤᠤᠯ ᠪᠣᠯᠭᠠᠭᠰᠠᠨ ᠡᠯ᠎ᠡ ᠵᠦᠢᠯ ᠤᠨ ᠡᠭᠦᠷᠭᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠶᠠᠷ ᠶᠡᠭᠡ ᠰᠠᠭᠤᠷᠢᠨ ᠭᠠᠵᠠᠷ ᠲᠤ ᠪᠥᠬᠦ ᠬᠦᠴᠦᠨ ᠢᠶᠠᠷ ᠢᠶᠠᠨ ᠦᠢᠯᠡᠴᠢᠯᠡᠵᠦ ᠪᠠᠲᠤᠯᠠᠭ᠎ᠠ ᠬᠠᠩᠭᠠᠪᠠ ᠭᠡᠪᠡ᠃     ᠬᠤᠷᠠᠯ ᠠᠴᠠ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠳᠬᠤᠵᠤ᠂ ᠤᠯᠤᠰ ᠲᠦᠷᠦ ᠶᠢᠨ ᠪᠠᠶᠢᠭᠤᠯᠭ᠎ᠠ ᠪᠣᠯᠤᠨ ᠤᠯᠤᠰ ᠳᠦᠷᠦᠵᠢᠭᠰᠡᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠳᠣᠭᠳᠠᠭᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠰᠠᠭᠤᠷᠢᠯᠠᠵᠤ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠬᠦᠴᠦᠲᠡᠢ ᠳᠡᠭᠡᠭᠰᠢᠯᠡᠭᠦᠯᠬᠦ ᠬᠡᠷᠡᠭᠲᠡᠢ᠃ ᠴᠡᠷᠢᠭ ᠠᠩᠭᠢ ᠪᠠ ᠣᠷᠣᠨ ᠨᠤᠲᠤᠭ ᠤᠨ ᠬᠠᠮᠵᠢᠯᠴᠠᠭ᠎ᠠ ᠶᠢ ᠴᠢᠩᠭᠠᠳᠬᠠᠵᠤ᠂ ᠴᠡᠷᠢᠭ ᠠᠩᠭᠢ ᠪᠠ ᠣᠷᠣᠨ ᠨᠤᠲᠤᠭ ᠤᠨ ᠡᠬᠢ ᠪᠠᠶᠠᠯᠢᠭ ᠢ ᠬᠠᠮᠲᠤ ᠪᠠᠷ ᠪᠠᠶᠢᠭᠤᠯᠵᠤ ᠬᠠᠮᠲᠤ ᠪᠠᠷ ᠬᠤᠪᠢᠶᠠᠯᠴᠠᠵᠦ ᠬᠠᠮᠲᠤ ᠪᠠᠷ ᠬᠡᠷᠡᠭᠯᠡᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠣᠣᠷ᠎ᠠ ᠠᠭᠠᠷ ᠤᠨ ᠠᠵᠤ ᠠᠬᠤᠢ᠂ ᠬᠤᠳᠠᠯᠳᠤᠭᠠᠨ ᠤ ᠵᠣᠷᠢᠭᠤᠯᠣᠯᠳᠠ ᠪᠦᠬᠦᠢ ᠰᠠᠨᠰᠠᠷ ᠠᠶᠠᠯᠠᠯ᠂ ᠰᠣᠶᠣᠯ ᠵᠢᠭᠤᠯᠴᠢᠯᠠᠯ ᠵᠡᠷᠭᠡ ᠴᠡᠷᠢᠭ ᠠᠷᠠᠳ ᠤᠨ ᠬᠡᠷᠡᠭᠯᠡᠭᠡ ᠶᠢ ᠠᠭᠤᠰᠣᠯᠴᠠᠭᠤᠯᠣᠭᠰᠠᠨ ᠠᠵᠤ ᠦᠢᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ᠃ ᠴᠡᠷᠢᠭ ᠵᠠᠰᠠᠭ ᠴᠡᠷᠢᠭ ᠠᠷᠠᠳ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠨᠠᠷᠢᠯᠢᠭ ᠬᠢᠵᠦ ᠂ ᠴᠡᠷᠢᠭ ᠠᠴᠠ ᠬᠠᠯᠠᠭᠳᠠᠭᠰᠠᠳ᠂ ᠠᠵᠢᠯ ᠣᠯᠭᠤᠵᠤ ᠲᠥᠪᠬᠢᠨᠡᠭᠦᠯᠬᠦ᠂ ᠦᠷ᠎ᠡ ᠬᠡᠦᠬᠡᠳ ᠢ ᠨᠢ ᠰᠤᠷᠭᠠᠭᠤᠯᠢ ᠳᠤ ᠣᠷᠣᠭᠤᠯᠬᠤ ᠵᠡᠷᠭᠡ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠤᠶᠢᠰᠢᠳᠠ ᠶᠢᠨ ᠵᠣᠪᠠᠨᠢᠯ ᠢ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠶᠢᠮᠠᠭ ᠲᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠴᠡᠷᠢᠭ ᠤᠨ ᠶᠠᠪᠤᠳᠠᠯ ᠤᠨ ᠡᠭᠦᠷᠭᠡ ᠪᠠᠨ ᠪᠡᠶᠡᠯᠡᠭᠦᠯᠦᠭᠰᠡᠨ ᠤᠷᠢᠲᠠᠯ ᠳᠣᠤᠷ᠎ᠠ᠂ ᠣᠷᠣᠨ ᠨᠤᠲᠤᠭ ᠤᠨ ᠭᠤᠤᠯ ᠠᠵᠢᠯ ᠲᠠᠢ ᠢᠳᠡᠪᠬᠢᠲᠡᠶ ᠣᠶᠠᠯᠳᠣᠬᠤ ᠪᠠ ᠳᠡᠬᠦᠨ ᠳᠤ ᠦᠢᠯᠡᠴᠢᠯᠡᠵᠦ᠂ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ  ᠬᠡᠵᠦ ᠴᠢᠬᠤᠯᠠᠴᠢᠯᠠᠪᠠ᠃     ᠠᠶᠢᠮᠠᠭ ᠲᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠭᠢ ᠶᠢᠨ ᠬᠠᠷᠢᠭᠤᠴᠠᠯᠭᠠᠲᠠᠨ ᠪᠣᠯᠤᠨ ᠠᠶᠢᠮᠠᠭ ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠣᠷᠣᠯᠴᠠᠪᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号