ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ
ᠨᠡᠶᠢᠲᠡᠯᠡᠭᠰᠡᠨ ᠴᠠᠭ᠄
2024/12/24
    12 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠣᠱᠯᠠᠭᠤᠯᠣᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠢ ᠬᠤᠷᠠᠯᠳᠤᠭᠤᠯᠬᠤ ᠪᠠᠷ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ︽ᠮᠠᠯ ᠠᠵᠤ ᠠᠬᠤᠢ ᠲᠠᠷᠢᠶᠠᠯᠠᠩ ᠮᠠᠯᠵᠢᠬᠤ ᠳᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠲᠠᠭᠠᠭᠠᠴᠢᠯᠠᠯᠲᠠ ᠶᠢ ᠤᠷᠲᠤᠳᠬᠠᠬᠤ ᠠᠵᠢᠯ ᠢ ᠡᠷᠲᠡᠬᠡᠨ ᠲᠥᠯᠥᠪᠵᠢᠭᠦᠯᠵᠦ᠂ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠴᠢᠩᠳᠠᠯᠠᠬᠤ ᠬᠡᠷᠡᠭᠳᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠬᠤᠵᠢᠷᠯᠢᠭ ᠭᠠᠵᠠᠷ ᠢ ᠰᠠᠶᠢᠵᠢᠷᠠᠭᠤᠯᠬᠤ᠂ ᠲᠠᠷᠢᠶᠠᠯᠠᠩ ᠤᠨ ᠤᠰᠤ ᠠᠷᠪᠢᠯᠠᠬᠤ ᠶᠢ ᠴᠢᠨᠠᠷ ᠰᠠᠶᠢᠲᠠᠶ ᠠᠬᠢᠭᠤᠯᠵᠤ᠂ ᠠᠮᠤ ᠪᠤᠳᠠᠭᠠᠨ ᠤ ᠮᠤ᠋ ᠨᠢᠭᠡᠴᠢ ᠶᠢᠨ ᠤᠨᠠᠯᠲᠠ ᠶᠢ ᠴᠢᠷᠮᠠᠶᠢᠨ ᠳᠡᠭᠡᠭᠰᠢᠯᠡᠭᠦᠯᠬᠦ ᠬᠡᠷᠡᠭᠳᠡᠢ᠃ ᠰᠢᠶᠠᠨ ᠤ ᠬᠡᠪᠴᠢᠶᠡᠨ ᠤ ᠠᠵᠤ ᠠᠬᠤᠶ ᠶᠢ ᠪᠤᠵᠠᠭᠠᠶᠢᠷᠠᠭᠤᠯᠵᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠳᠡᠢ᠃ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ᠂ ᠣᠨᠣᠪᠴᠢᠲᠤ ᠴᠢᠨᠠᠷ ᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠬᠦ ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠡᠢ᠃ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠡᠬᠢ ᠪᠠᠶᠠᠯᠢᠭ ᠤᠨ ᠡᠯᠧᠮᠧᠨ᠋ᠲ ᠢ ᠠᠮᠢᠳᠤᠯᠢᠭᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠳᠠᠪᠠᠭᠤᠯᠢᠭ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠢᠳᠡᠪᠬᠢᠵᠢᠯ ᠢ ᠳᠠᠶᠢᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠳᠡᠢ᠃ ᠵᠥᠪ ᠲᠠᠯ᠎ᠠ ᠠᠴᠠ ᠰᠠᠨᠠᠭᠠᠴᠢᠯᠠᠬᠤ ᠪᠠ ᠴᠢᠩᠭ᠎ᠠ ᠬᠠᠮᠢᠶᠠᠷᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠡᠭᠦᠷ ᠪᠣᠯᠤᠨ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢ ᠪᠠᠳᠠᠷᠠᠭᠤᠯᠤᠨ᠂ ᠬᠠᠭᠤᠴᠢᠨ ᠰᠤᠷᠳᠠᠯ ᠪᠤᠯᠬᠢ ᠳᠠᠳᠬᠠᠯ ᠢ ᠥᠭᠡᠷᠡᠴᠢᠯᠡᠬᠦ ᠶᠢ ᠶᠡᠬᠡᠪᠡᠷ ᠠᠬᠢᠭᠤᠯᠬᠤ ᠬᠡᠷᠡᠭᠲᠡᠶ᠃ ᠠᠵᠢᠯ ᠣᠯᠭᠤᠯᠲᠠ ᠡᠨᠡ ᠬᠦ ᠠᠷᠠᠳ ᠤᠨ ᠠᠮᠢᠳᠤᠷᠠᠯ ᠤᠨ ᠦᠨᠳᠦᠰᠦ ᠶᠢ ᠲᠣᠪᠤᠶᠢᠯᠭᠠᠨ ᠰᠠᠶᠢᠲᠤᠷ ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠭᠢᠬᠦ ᠬᠡᠷᠡᠭᠳᠡᠢ᠃ ᠵᠢᠯ ᠤᠨ ᠡᠴᠦᠰ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠩᠭᠤᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠶᠣᠤ ᠱᠢ ᠨᠥᠬᠦᠷ ᠤᠨ ᠮᠡᠨᠳᠦᠯᠡᠭᠰᠡᠨ 100 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠬᠤᠪᠢᠰᠬᠠᠯ ᠤᠨ ᠤᠳᠤᠮᠰᠢᠯ ᠢ ᠰᠠᠶᠢᠲᠤᠷ ᠤᠯᠠᠮᠵᠢᠯᠠᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠦᠷᠦᠩᠭᠡ ᠶᠢ ᠪᠠᠳᠠᠷᠠᠭᠤᠯᠤᠨ ᠳᠡᠯᠭᠡᠷᠡᠭᠦᠯᠬᠦ ᠬᠡᠷᠡᠭᠲᠡᠢ᠃ ᠭᠤᠶᠢᠪᠢᠰᠢ ᠦᠬᠡᠢ ᠪᠠᠷ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢ ᠲᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠵᠤ᠂ ᠨᠠᠮ ᠪᠣᠯᠤᠨ ᠠᠷᠠᠳ ᠲᠦᠮᠡᠨ ᠳᠤ ᠣᠰᠣᠯᠳᠠᠬᠤ ᠦᠭᠡᠢ ᠰᠢᠨ᠎ᠡ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠬᠡᠷᠡᠭᠳᠡᠢ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ︽ᠶᠢᠰᠦᠨ︾ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠲᠣᠭᠤᠷᠢᠨ ᠦᠵᠡᠬᠦ ᠲᠤᠭᠤᠷᠢᠨ ᠪᠠᠶᠢᠴᠠᠭᠠᠬᠤ ︽ᠨᠢᠭᠡ ᠯᠡ ᠱᠤᠭᠤᠮ︾ ᠢᠶᠠᠷ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠤᠨ ᠲᠣᠭᠲᠠᠴᠠ ᠶᠢ ᠰᠠᠶᠢᠲᠤᠷ ᠬᠡᠷᠡᠭᠯᠡᠵᠦ᠂ ᠦᠢᠯᠡᠳᠦᠯᠭᠡᠵᠢᠭᠦᠯᠬᠦ ᠶᠢᠨ ᠳᠠᠭᠠᠤ ᠲᠡᠭᠦᠯᠳᠡᠷᠵᠢᠭᠦᠯᠵᠦ᠂ ᠲᠣᠭᠲᠠᠴᠠ ᠶᠢᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠤᠨᠳᠤᠤᠰᠢᠭᠤᠯᠬᠤ ᠬᠡᠷᠡᠭᠲᠡᠢ᠃ ᠦᠨᠳᠦᠰᠦᠨ ᠱᠠᠲᠤ ᠶᠢ ᠶᠡᠭᠡ ᠪᠠᠷ ᠠᠳᠬᠤᠬᠤ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠴᠤ ᠠᠬᠢᠭᠤᠯᠤᠨ᠂ ᠬᠢᠬᠦ ᠶᠣᠰᠣᠲᠠᠶ ᠠᠵᠢᠯ ᠢᠶᠠᠨ ᠰᠠᠶᠢᠲᠤᠷ ᠬᠢᠬᠦ ᠬᠡᠷᠡᠭᠲᠡᠶ᠃ ᠲᠦᠷᠦᠯ ᠵᠦᠢᠯ᠂ ᠪᠡᠯᠡ ᠮᠥᠩᠭᠦ ᠲᠥᠪᠯᠡᠷᠡᠭᠰᠡᠨ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ ᠬᠢᠨᠠᠯᠲᠠ ᠲᠠᠯᠪᠢᠬᠤ ᠰᠠᠬᠢᠯᠭ᠎ᠠ ᠪᠠᠲᠤ ᠬᠡᠷᠡᠭᠵᠢᠭᠦᠯᠬᠦ ᠪᠠᠨ ᠴᠢᠩᠭᠠᠳᠬᠠᠵᠤ᠂ ᠬᠢᠨᠠᠨ ᠬᠠᠮᠢᠶᠠᠷᠬᠤ ᠲᠣᠭᠲᠠᠴᠠ ᠪᠠᠨ ᠲᠡᠭᠦᠯᠳᠡᠷᠵᠢᠭᠦᠯᠵᠦ᠂ ᠢᠯᠵᠠᠷᠠᠯ ᠤᠨ ᠠᠰᠠᠭᠤᠳᠠᠯ ᠡᠭᠦᠰᠭᠦ ᠶᠢ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ 2024 ᠣᠨ ᠤ ᠠᠵᠤ ᠠᠬᠤᠶ ᠶᠢᠨ ᠡᠷᠬᠢᠯᠳᠡ ᠶᠢᠨ ᠪᠠᠶᠢᠳᠠᠯ ᠪᠣᠯᠤᠨ 2025 ᠣᠨ ᠤ ᠠᠵᠤ ᠠᠬᠤᠶ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠢ 12 ᠰᠠᠷ᠎ᠠ ᠶᠢᠨ 25 ᠠᠴᠠ 26 ᠤ ᠡᠳᠦᠷ ᠪᠣᠯᠲᠠᠯ᠎ᠠ ᠬᠥᠬᠡᠬᠤᠲᠠ ᠳᠤ ᠬᠤᠷᠠᠯᠳᠤᠭᠤᠯᠤᠨ᠎ᠠ᠂ ᠭᠤᠣᠯ ᠡᠭᠦᠷᠭᠡ ᠪᠤᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠤᠨ᠎ᠠ ᠬᠡᠵᠤ ᠲᠣᠭᠲᠠᠪᠠ᠃    ᠬᠤᠷᠠᠯ ᠠᠴᠠ 2024 ᠣᠨ ᠤ ᠪᠥᠬᠦ ᠣᠷᠣᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠦᠷᠢᠮ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠬᠤᠯᠪᠤᠬᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号