12 ᠰᠠᠷ᠎ᠠ ᠶᠢᠨ 21 ᠤ ᠡᠳᠦᠷ᠂ ︽ᠮᠥᠰᠥ ᠴᠠᠰᠤᠨ ᠤ ᠪᠠᠶᠠᠷ ᠴᠠᠩᠬᠡᠯ ᠢ ᠡᠳ᠋ᠯᠠᠵᠤ ᠬᠠᠮᠲᠤ ᠪᠠᠷ | ᠢᠷᠡᠭᠡᠳᠦᠢ ᠪᠠᠨ ᠴᠣᠭᠴᠠᠯᠠᠶ᠎ᠠ︾ ᠬᠡᠬᠦ ᠪᠠᠷ ᠭᠤᠣᠯ ᠰᠡᠳᠦᠪ ᠪᠤᠯᠭᠠᠬᠰᠠᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ | ᠤᠯᠤᠰ ᠤᠨ ᠤᠯᠠᠨ ᠲᠦᠮᠡᠨᠴᠢ ᠮᠥᠰᠥ ᠴᠠᠰᠤᠨ ᠤ ᠤᠯᠠᠷᠢᠯ ᠤᠨ ᠠᠵᠢᠯᠯᠠᠭ᠎ᠠ ᠬᠥᠯᠥᠨ ᠪᠤᠶᠢᠷ ᠲᠤ ᠡᠬᠢᠯᠡᠪᠡ᠃ | ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠲᠣᠪᠴᠢᠶᠠᠨ ᠳᠠᠷᠤᠭ᠎ᠠ ᠭᠤᠤ ᡁᠢ ᠳ᠋ᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ | ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠣᠷᠣᠯᠴᠠᠵᠠᠶ᠃ | ᠦᠳᠡ ᠶᠢᠨ ᠡᠮᠦᠨᠡᠬᠢ 9 ᠴᠠᠭ ᠲᠤ᠂ ᠡᠬᠢᠯᠡᠯᠲᠡ ᠶᠢᠨ ᠶᠣᠰᠣᠯᠠᠯ ᠭᠤᠶᠢᠳᠠ ᠰᠠᠶᠢᠬᠠᠨ ᠮᠥᠰᠥᠨ ᠳᠡᠭᠡᠷᠡᠬᠢ | ᠦᠵᠡᠭᠦᠯᠭᠡ ᠶᠢᠨ ᠲᠤᠭᠯᠠᠯᠲᠠ ᠶᠢᠨ ᠳᠤᠮᠳᠠ ᠬᠦᠰᠢᠭᠡ ᠪᠠᠨ ᠰᠡᠭᠦᠪᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ | ᠲᠣᠪᠴᠢᠶ᠎ᠠ ᠶᠢᠨ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠵᠤᠷᠭᠠᠨ ᠤ ᠳᠠᠷᠤᠭ᠎ᠠ ᠳ᠋ᠢᠩ ᠳ᠋ᠦᠩ ᠪᠠᠶᠠᠷ ᠤᠨ ᠦᠭᠡ | ᠬᠡᠯᠡᠵᠦ᠂ ᠲᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠵᠥᠪᠯᠡᠯ ᠤᠨ ᠲᠡᠷᠢᠭᠦᠯᠡᠭᠴᠢ ᠪᠠᠾᠧ | ᠸᠢᠳᠢᠣ᠋ ᠪᠠᠷ ᠪᠠᠶᠠᠷ ᠤᠨ ᠦᠭᠡ ᠬᠡᠯᠡᠵᠦ᠂ ᠰᠣᠶᠣᠯ ᠵᠢᠭᠤᠯᠴᠢᠯᠠᠯ ᠤᠨ ᠶᠠᠮᠤᠨ ᠤ ᠠᠵᠤ ᠦᠢᠯᠡᠰ ᠤᠨ ᠬᠥᠭᠵᠢᠯᠲᠡ ᠶᠢᠨ | ᠵᠤᠷᠭᠠᠨ ᠤ ᠳᠠᠷᠤᠭ᠎ᠠ ᠮᠢᠶᠣᠣ ᠮᠥ ᠶᠠᠩ ︽ᠤᠷᠤᠯᠳᠤᠭᠠᠨ ᠢ ᠲᠠᠭᠠᠵᠤ ᠵᠢᠭᠤᠯᠴᠢᠯᠠᠬᠤ︾ ᠪᠥᠬᠦ ᠤᠯᠤᠰ ᠤᠨ ᠮᠥᠰᠥ | ᠴᠠᠰᠤᠨ ᠤ ᠤᠷᠤᠯᠳᠤᠭᠠᠨ ᠤ ᠶᠠᠪᠤᠳᠠᠯ ᠤᠨ ᠭᠠᠷᠴᠠᠭ ᠢ ᠨᠡᠶᠢᠲᠡᠯᠡᠪᠡ᠃ ᠳᠠᠷᠠᠭ᠎ᠠ ᠨᠢ᠂ ᠭᠤᠤ ᡁᠢ ᠳ᠋ᠠᠨ᠂ ᠸᠠᠩ ᠯᠢ | ᠰᠢᠶᠠ ᠣᠯᠢᠮᠫᠢᠺ ᠤᠨ ᠲᠠᠮᠢᠷ ᠤᠨ ᠴᠤᠭᠯᠠᠭᠠᠨ ᠤ ᠮᠠᠩᠯᠠᠢ ᠯᠢ ᠴᠢᠶᠠᠨ᠂ ᠬᠠᠨ ᠼᠦᠩ ᠵᠢᠴᠢ ᠣᠯᠠᠨ ᠲᠦᠮᠡᠨ ᠤ | ᠲᠥᠯᠥᠭᠡᠯᠡᠭᠴᠢᠳ ᠲᠠᠢ ᠬᠠᠮᠲᠤ ᠪᠠᠷ ᠠᠵᠢᠯᠯᠠᠭ᠎ᠠ ᠶᠢ ᠡᠬᠢᠯᠡᠭᠦᠯᠪᠡ᠃ | ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠸᠠᠩ ᠯᠢ ᠰᠢᠶᠠ ᠮᠥᠰᠥ ᠴᠠᠰᠤᠨ ᠤ ᠲᠠᠮᠢᠷ ᠤᠨ | ᠬᠥᠳᠡᠯᠭᠡᠭᠡᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠮᠥᠰᠥ ᠴᠠᠰᠤᠨ ᠤ ᠠᠵᠤ ᠠᠬᠤᠶ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠲᠣᠭᠤᠷᠢᠨ ᠳᠤ ᠪᠠᠶᠢᠴᠠᠭᠠᠨ ᠰᠤᠳᠤᠯᠪᠠ᠃ ᠥᠪᠥᠷ ᠮᠣᠩᠭᠤᠯ ᠤᠨ ᠮᠥᠰᠥ | ᠴᠠᠰᠤᠨ ᠤ ᠲᠠᠮᠢᠷ ᠤᠨ ᠬᠦᠳᠡᠯᠭᠡᠭᠡᠨ ᠤ ᠰᠤᠷᠭᠠᠭᠤᠯᠢ ᠳᠤ᠂ ᠲᠡᠷᠡ ᠲᠠᠮᠢᠷᠴᠢᠳ ᠲᠠᠢ ᠳᠣᠲᠣᠨᠣ ᠪᠠᠷ ᠶᠠᠷᠢᠯᠴᠠᠵᠤ᠂ | ᠪᠣᠯᠪᠠᠰᠤᠷᠠᠯ᠂ ᠰᠤᠷᠤᠯᠭ᠎ᠠ ᠪᠠ ᠠᠮᠢᠳᠤᠷᠠᠯ ᠤᠨ ᠪᠠᠶᠢᠳᠠᠯ ᠢ ᠯᠠᠪᠯᠠᠨ ᠠᠰᠠᠭᠤᠵᠤ᠂ ᠴᠢᠳᠠᠪᠤᠷᠢᠲᠠᠨ ᠢ ᠬᠥᠮᠦᠵᠢᠭᠦᠯᠬᠦ | ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠥᠷᠭᠡᠳᠭᠡᠵᠦ᠂ | ᠲᠠᠮᠢᠷᠴᠢᠳ ᠤᠨ ᠰᠤᠷᠭᠠᠭᠤᠯᠢ ᠳᠡᠪᠰᠢᠵᠦ ᠠᠵᠢᠯ ᠤᠯᠬᠤ ᠠᠷᠭ᠎ᠠ ᠵᠠᠮ ᠢ ᠥᠷᠭᠡᠳᠭᠡᠵᠦ᠂ ᠴᠢᠳᠠᠪᠤᠷᠢᠲᠠᠨ ᠢ | ᠢᠯᠡᠭᠦᠬᠡᠨ ᠬᠥᠮᠦᠵᠢᠭᠦᠯᠵᠦ᠂ ᠡᠷᠲᠡᠬᠡᠨ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠱᠠᠭᠠᠷᠳᠠᠪᠠ᠃ ᠭᠤᠤᠯ ᠲᠠᠭᠠᠤ ᠪᠡᠶ᠎ᠡ ᠶᠢᠨ ᠲᠠᠮᠢᠷ ᠤᠨ ᠴᠡᠴᠡᠷᠯᠢᠭ ᠲᠤ᠂ ᠴᠠᠰᠤᠨ ᠲᠡᠭᠡᠷᠡᠬᠢ ᠭᠦᠯ ᠪᠦᠮᠪᠦᠭᠡ᠂ | ᠴᠠᠰᠤᠨ ᠲᠡᠭᠡᠷᠡᠬᠢ ᠯᠤᠤᠲᠤ ᠤᠩᠭᠤᠴᠠ᠂ ᠴᠠᠰᠤᠨ ᠲᠤᠯᠤᠯᠳᠤᠭᠠᠨ ᠵᠡᠷᠭᠡ ᠠᠵᠢᠯᠯᠠᠭ᠎ᠠ ᠶᠢ ᠬᠦᠷ ᠬᠦᠭᠵᠢᠶᠡᠨ ᠲᠠᠢ | ᠶᠠᠪᠤᠭᠳᠠᠭᠤᠯᠵᠤ ᠪᠠᠶᠢᠬᠤ ᠶᠢ ᠬᠠᠷᠠᠭᠠᠳ ᠸᠠᠩ ᠯᠢ ᠰᠢᠶᠠ᠂ ᠤᠯᠠᠨ ᠲᠦᠮᠡᠨ ᠤ ᠳᠡᠷᠭᠡᠳᠡᠬᠢ ᠮᠥᠰᠥ ᠴᠠᠰᠤᠨ ᠤ | ᠬᠥᠳᠡᠯᠭᠡᠭᠡᠨ ᠢ ᠢᠯᠡᠭᠦᠬᠡᠨ ᠥᠷᠨᠢᠭᠦᠯᠵᠦ᠂ ᠥᠪᠥᠷ ᠮᠣᠩᠭᠤᠯ ᠤᠨ ᠣᠨᠴᠠᠯᠢᠭ ᠪᠦᠬᠦᠢ ᠮᠥᠰᠥ ᠴᠠᠰᠤᠨ ᠤ ᠲᠠᠯᠠᠪᠤᠷ | ᠭᠠᠵᠠᠷ ᠢ ᠨᠡᠩ ᠤᠯᠠᠨ ᠡᠬᠦᠳᠬᠦ ᠬᠡᠷᠡᠭᠲᠡᠢ᠃ ᠲᠠᠯᠠᠪᠤᠷ ᠭᠠᠵᠠᠷ ᠤᠨ ᠲᠣᠨᠣᠭᠯᠠᠯ᠂ ᠬᠤᠪᠢ ᠬᠥᠮᠦᠨ ᠤ ᠮᠥᠰᠥ | ᠴᠠᠰᠤᠨ ᠤ ᠲᠣᠨᠣᠭᠯᠠᠯ ᠵᠡᠷᠭᠡ ᠰᠤᠳᠤᠯᠤᠨ ᠨᠡᠭᠡᠭᠡᠵᠦ ᠦᠢᠯᠡᠳᠬᠦ ᠠᠵᠤ ᠦᠢᠯᠡᠰ ᠢ ᠶᠡᠭᠡ ᠪᠠᠷ ᠬᠥᠭᠵᠢᠭᠦᠯᠵᠦ᠂ | ᠮᠥᠰᠥ ᠴᠠᠰᠤ ᠪᠣᠯᠤᠨ ᠰᠣᠶᠣᠯ᠂ ᠵᠢᠭᠤᠯᠴᠢᠯᠠᠯ ᠢ ᠠᠭᠤᠰᠤᠯᠴᠠᠭᠤᠯᠤᠭᠰᠠᠨ ᠰᠣᠶᠣᠯ ᠤᠨ ᠪᠦᠳᠦᠬᠡᠯᠴᠢ | ᠦᠢᠯᠡᠳᠬᠦᠨ ᠢ ᠨᠡᠩ ᠤᠯᠠᠨ ᠨᠡᠭᠡᠭᠡᠨ ᠬᠥᠭᠵᠢᠭᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ | ᠪᠦᠷᠢᠯᠳᠦᠭᠦᠯᠬᠦ ᠬᠡᠷᠡᠭᠲᠡᠢ ᠭᠡᠵᠡᠢ᠃ ᠳᠠᠷᠠᠭ᠎ᠠ ᠨᠢ ᠸᠠᠩ ᠯᠢ ᠰᠢᠶᠠ ᠠᠩᠬᠠᠳᠤᠭᠠᠷ ᠬᠤᠭᠤᠴᠠᠭᠠᠨ ᠤ ᠪᠥᠬᠦ ᠤᠯᠤᠰ ᠤᠨ | ᠬᠤᠲᠠ ᠶᠢᠨ ᠬᠡᠭᠡᠷ᠎ᠡ ᠶᠢᠨ ᠴᠡᠨᠡᠯᠡᠯᠲᠡ ᠶᠢᠨ ᠤᠷᠤᠯᠳᠤᠭᠠᠨ᠂ ᠢᠮᠢᠨ ᠭᠤᠤᠯ ᠮᠥᠰᠥ ᠴᠠᠰᠤᠨ ᠤ ᠴᠡᠩᠭᠡᠭᠦᠨ | ᠨᠠᠶᠢᠷ ᠤᠨ ᠲᠤᠬᠠᠶ ᠶᠢᠨ ᠲᠠᠯᠠᠪᠠᠶ ᠪᠣᠯᠤᠨ ᠬᠦᠬᠡ ᠴᠢᠨ᠋ᠸ᠎ᠠ ᠴᠠᠭᠠᠨ ᠪᠤᠭᠤ ᠮᠥᠰᠥ ᠴᠠᠰᠤᠨ ᠤ ᠬᠥᠳᠡᠯᠭᠡᠭᠡᠨ ᠤ | ᠰᠠᠭᠤᠷᠢᠨ ᠳᠤ ᠬᠦᠷᠴᠦ᠂ ᠵᠠᠮ ᠢᠶᠠᠷ ᠢᠶᠠᠨ ᠬᠤᠲᠠ ᠶᠢᠨ ᠨᠡᠭᠦᠳᠡᠯ ᠮᠠᠯᠵᠢᠯ ᠤᠨ ᠤᠯᠠᠭ᠎ᠠ ᠥᠷᠲᠡᠭᠡ᠂ ᠴᠠᠨᠠᠯᠠᠯᠲᠠ ᠶᠢᠨ | ᠥᠷᠲᠡᠭᠡ᠂ ᠰᠣᠶᠣᠯ ᠤᠨ ᠪᠦᠳᠦᠬᠡᠯᠴᠢ ᠦᠢᠯᠡᠳᠬᠦᠨ ᠤ ᠳᠡᠯᠭᠡᠭᠦᠷ ᠲᠤ ᠤᠷᠤᠵᠤ᠂ ᠡᠵᠡᠩᠨᠡᠭᠴᠢᠳ ᠠᠴᠠ ᠲᠠᠸᠠᠷ ᠤᠨ | ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠵᠢᠭᠤᠯᠴᠢᠯᠠᠭᠰᠡᠳ ᠢᠶᠠᠷ ᠦᠨᠳᠦᠰᠦ ᠪᠣᠯᠭᠠᠵᠤ᠂ ︽ᠢᠳᠡᠵᠦ | ᠤᠤᠭᠤᠬᠤ ᠶᠠᠪᠤᠵᠤ ᠰᠠᠭᠤᠬᠤ ᠵᠢᠭᠤᠯᠴᠢᠯᠠᠬᠤ ᠬᠤᠳᠠᠯᠳᠤᠨ ᠠᠪᠬᠤ ᠵᠤᠭᠠᠯᠠᠨ ᠴᠡᠩᠭᠡᠬᠦ︾ ᠲᠣᠭᠤᠷᠢᠨ ᠳᠤ | ᠡᠵᠡᠩᠨᠡᠯᠲᠡ ᠶᠢᠨ ᠬᠡᠯᠪᠡᠷᠢ ᠶᠢ ᠨᠠᠷᠢᠨ ᠨᠢᠮᠪᠠᠶ ᠡᠬᠦᠳᠴᠤ᠂ ᠵᠢᠭᠤᠯᠴᠢᠯᠠᠯ ᠤᠨ ᠡᠵᠡᠩᠨᠡᠨ ᠪᠣᠷᠣᠯᠠᠭᠤᠯᠭ᠎ᠠ | ᠤᠬᠠᠭᠤᠯᠭ᠎ᠠ ᠶᠢ ᠶᠡᠭᠡ ᠪᠠᠷ ᠥᠷᠨᠢᠭᠦᠯᠵᠦ᠂ ᠣᠯᠠᠨ ᠲᠦᠮᠡᠨ ᠤ ᠣᠷᠣᠯᠴᠠᠬᠤ ᠬᠡᠮᠵᠢᠶ᠎ᠡ᠂ ᠪᠡᠶᠡᠴᠢᠯᠡᠨ ᠣᠶᠢᠯᠠᠭᠠᠬᠤ | ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠮᠥᠰᠥ ᠴᠠᠰᠤᠨ ᠤ ᠠᠵᠤ ᠠᠬᠤᠶ ᠶᠢ ᠬᠥᠭᠵᠢᠶᠡᠨ ᠲᠠᠢ ᠪᠣᠯᠭᠠᠬᠤ | ᠬᠡᠷᠡᠭᠲᠡᠶ ᠭᠡᠵᠦ ᠴᠢᠬᠤᠯᠠᠴᠢᠯᠠᠪᠠ᠃ |