12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ | ᠱᠠᠨᠳᠦ᠋ᠩ ᠶᠡᠭᠡ ᠰᠤᠷᠭᠠᠭᠤᠯᠢ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ | ᠲᠣᠬᠢᠷᠠᠯᠴᠠᠪᠠ᠃ ᠲᠤᠬᠠᠢ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠱᠠᠨᠳᠦ᠋ᠩ ᠶᠡᠭᠡ | ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠷᠧᠨ ᠶᠢᠦ ᠴᠢᠶᠦ᠋ᠨ᠂ ᠱᠠᠨᠳᠦ᠋ᠩ ᠶᠡᠭᠡ ᠰᠤᠷᠭᠠᠭᠤᠯᠢ ᠶᠢᠨ | ᠨᠠᠮ ᠤᠨ ᠬᠤᠷᠢᠶ᠎ᠠ ᠶᠢᠨ ᠳᠡᠳ᠋ ᠱᠦᠵᠢ᠂ ᠰᠤᠷᠭᠠᠭᠤᠯᠢ ᠶᠢᠨ ᠵᠠᠬᠢᠷᠤᠯ᠂ ᠳᠤᠮᠳᠠᠳᠤ ᠤᠯᠤᠰ ᠤᠨ ᠢᠨᠵᠧᠨᠧᠷᠢᠩ ᠤᠨ | ᠬᠦᠷᠢᠶᠡᠯᠡᠩ ᠤᠨ ᠠᠺᠠᠳᠧᠮᠢᠴᠢ ᠯᠢ ᠱᠣ᠋ ᠼᠠᠢ ᠲᠠᠢ ᠠᠭᠤᠯᠵᠠᠪᠠ᠃ | ᠱᠠᠨᠳᠦ᠋ᠩ ᠶᠡᠭᠡ ᠰᠤᠷᠭᠠᠭᠤᠯᠢ ᠪᠣᠯ ᠮᠠᠨ ᠤ ᠤᠯᠤᠰ ᠤᠨ ︽ᠬᠤᠣᠰ ᠲᠡᠷᠢᠭᠦᠨ ᠵᠡᠷᠭᠡ︾ ᠶᠢᠨ ᠪᠦᠲᠦᠭᠡᠨ | ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠳᠤ ᠴᠢᠬᠤᠯᠠ | ᠨᠥᠯᠥᠭᠡᠯᠡᠬᠦ ᠬᠦᠴᠦᠨ ᠲᠠᠢ ᠶᠤᠮ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠥᠪᠥᠷ | ᠮᠣᠩᠭᠤᠯ ᠤᠨ ᠡᠬᠢ ᠪᠠᠶᠠᠯᠢᠭ᠂ ᠣᠷᠣᠨ ᠪᠠᠶᠢᠷᠢᠯᠠᠯ᠂ ᠠᠵᠤ ᠦᠢᠯᠡᠰ᠂ ᠲᠦᠷᠦ ᠶᠢᠨ ᠪᠣᠳᠣᠯᠭ᠎ᠠ ᠶᠢᠨ ᠳᠠᠪᠠᠭᠤᠯᠢᠭ ᠢ | ᠱᠠᠨᠳᠦ᠋ᠩ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ᠂ ᠰᠢᠨᠵᠢᠯᠡᠭᠡᠨ᠂ | ᠰᠣᠶᠣᠯ ᠤᠨ ᠳᠠᠪᠠᠭᠤᠯᠢᠭ ᠲᠠᠢ ᠭᠦᠢᠴᠡᠳ ᠤᠶᠠᠯᠳᠤᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠤ ᠰᠣᠯᠢᠯᠴᠠᠭ᠎ᠠ᠂ ᠰᠶᠢᠳᠪᠦᠷᠢᠲᠦ ᠪᠣᠳᠣᠯᠭ᠎ᠠ | ᠲᠤᠬᠳᠠᠭᠠᠬᠤ ᠵᠦᠪᠯᠡᠯᠬᠡ ᠦᠭᠬᠦ᠂ ᠰᠣᠶᠣᠯ ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ ᠪᠠ ᠰᠢᠨ᠎ᠡ ᠶᠢ | ᠡᠭᠦᠳᠬᠦ ᠴᠢᠨᠠᠷᠲᠠᠢ ᠬᠦᠭᠵᠢᠯᠲᠡ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠬᠥᠭᠵᠢᠯᠲᠡ ᠶᠢ ᠬᠠᠮᠲᠤ ᠪᠠᠷ ᠠᠬᠢᠭᠤᠯᠵᠤ᠂ ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠳᠤ ᠬᠠᠮᠲᠤ ᠪᠠᠷ ᠦᠢᠯᠡᠴᠢᠯᠡᠬᠦ ᠪᠤᠯᠤᠨ᠎ᠠ᠃ | ᠠᠭᠤᠯᠵᠠᠯᠲᠠ ᠶᠢᠨ ᠳᠤᠮᠳᠠ᠂ ᠰᠦᠨ ᠱᠤᠤ ᠴᠧᠩ ᠷᠧᠨ ᠶᠢᠦ ᠴᠢᠶᠦ᠋ᠨ᠂ ᠯᠢ ᠱᠦ ᠼᠠᠢ ᠨᠠᠷ ᠢ ᠪᠠᠶᠠᠷᠯᠠᠨ | ᠤᠭᠲᠤᠵᠤ ᠪᠠᠶᠢᠬᠤ ᠪᠠᠨ ᠢᠯᠡᠳᠬᠡᠭᠰᠡᠨ ᠪᠦ᠋ᠭᠡᠳ ᠥᠪᠡᠷᠲᠡᠭᠡᠨ ᠵᠠᠰᠠᠬᠤ ᠣᠷᠣᠨ ᠤ ᠬᠢᠨ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠳᠣᠣᠱᠯᠠᠭᠤᠯᠣᠨ | ᠨᠠᠶᠢᠳᠠᠪᠤᠷᠢᠵᠢᠭᠤᠯᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ᠂ ᠥᠪᠥᠷ | ᠮᠣᠩᠭᠤᠯ ᠤᠨ ᠭᠠᠵᠠᠷ ᠨᠤᠲᠤᠭ ᠦᠷᠬᠡᠨ ᠠᠭᠤᠳᠠᠮ᠂ ᠡᠬᠢ ᠪᠠᠶᠠᠯᠢᠭ ᠡᠯᠪᠡᠭ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠷᠡᠭᠯᠡᠭᠡᠨ ᠤ ᠦᠵᠡᠭᠳᠡᠯ ᠪᠠᠶᠢᠳᠠᠯ ᠥᠷᠭᠡᠨ ᠳᠡᠯᠭᠡᠷ ᠶᠤᠮ᠂ ᠱᠠᠨᠳᠦ᠋ᠩ ᠶᠡᠭᠡ ᠰᠤᠷᠭᠠᠭᠤᠯᠢ ᠶᠢᠨ | ᠰᠢᠨᠵᠢᠯᠡᠭᠡᠨ ᠤ ᠲᠦᠷᠦᠯ ᠵᠦᠢᠯ ᠪᠦᠷᠢᠨ᠂ ᠰᠤᠷᠭᠠᠭᠤᠯᠢ ᠡᠷᠬᠢᠯᠡᠬᠦ ᠣᠨᠴᠠᠯᠢᠭ ᠢᠯᠡ ᠲᠣᠳᠣ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠳᠠᠪᠠᠭᠤᠯᠢᠭ ᠲᠣᠪᠤᠶᠢᠮ᠎ᠠ ᠪᠠᠶᠢᠵᠤ᠂ ᠬᠤᠶᠠᠷ ᠲᠠᠯ᠎ᠠ ᠶᠢᠨ | ᠬᠠᠮᠲᠤᠷᠠᠯᠴᠠᠭ᠎ᠠ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠮᠠᠰᠢ ᠴᠢᠩᠭ᠎ᠠ ᠪᠠᠶᠢᠨ᠎ᠠ᠃ ᠬᠤᠶᠠᠷ ᠲᠠᠯ᠎ᠠ ᠪᠠᠷ ᠢᠶᠠᠨ ᠲᠤᠰ | ᠤᠳᠠᠭ᠎ᠠ ᠶᠢᠨ ᠵᠦᠪᠯᠡᠯᠴᠡᠬᠡᠷ ᠲᠤᠬᠢᠷᠠᠯᠴᠠᠬᠤ ᠪᠠᠷ ᠠᠵᠠ ᠲᠣᠬᠢᠶᠠᠯ ᠪᠣᠯᠭᠠᠵᠤ᠂ ᠡᠨᠧᠷᠭᠢ ᠠᠭᠤᠷᠬᠠᠢ᠂ ᠮᠠᠯ ᠠᠵᠤ | ᠠᠬᠤᠢ ᠲᠠᠷᠢᠶᠠᠯᠠᠩ᠂ ᠠᠮᠢᠳᠤ ᠪᠣᠳᠠᠰ᠂ ᠠᠨᠠᠭᠠᠬᠤ ᠤᠬᠠᠭᠠᠨ᠂ ᠰᠣᠶᠣᠯ ᠲᠡᠦᠬᠡ ᠭᠦᠨ ᠤᠬᠠᠭᠠᠨ ᠵᠡᠷᠭᠡ | ᠬᠦᠷᠢᠶᠡᠨ ᠤ ᠲᠣᠭᠤᠷᠢᠨ ᠳᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠤᠯᠠᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠥᠪᠥᠷ ᠮᠣᠩᠭᠤᠯ | ᠪᠣᠯ ᠤᠯᠠᠨ ᠦᠨᠳᠦᠰᠦᠲᠡᠨ ᠠᠭᠤᠰᠤᠯᠴᠠᠭᠰᠠᠨ ᠭᠠᠵᠠᠷ ᠣᠷᠣᠨ ᠪᠣᠯᠣᠨ᠎ᠠ᠂ ᠲᠡᠦᠬᠡ ᠰᠣᠶᠣᠯ ᠤᠨ ᠡᠬᠢ ᠪᠠᠶᠠᠯᠢᠭ | ᠡᠯᠪᠡᠭ ᠪᠠᠶᠢᠵᠤ᠂ ᠪᠢᠳᠡ ᠶᠠᠭ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠢᠳᠡᠪᠬᠢᠲᠡᠢ ᠡᠭᠦᠳᠴᠦ ᠪᠤᠢ᠂ | ᠱᠠᠨᠳᠦ᠋ᠩ ᠶᠡᠭᠡ ᠰᠤᠷᠭᠠᠭᠤᠯᠢ ᠶᠢᠨ ᠬᠢᠨ ᠤ ᠬᠤᠯᠪᠣᠭᠳᠠᠯ ᠪᠦᠬᠦᠢ ᠰᠤᠳᠤᠯᠤᠨ ᠲᠠᠶᠢᠯᠪᠤᠷᠢᠯᠠᠬᠤ ᠠᠵᠢᠯ ᠳᠤ | ᠢᠳᠡᠪᠬᠢᠲᠡᠢ ᠣᠷᠣᠯᠴᠠᠵᠤ᠂ ᠪᠢᠳᠡᠨ ᠢ ᠬᠠᠪᠰᠤᠷᠤᠨ ᠡᠨᠡ ᠬᠦ ᠲᠦᠷᠦᠯ ᠲᠡᠮᠳᠡᠭ ᠢ ᠨᠡᠩ ᠬᠡᠷᠡᠯ ᠬᠢᠯᠪᠠᠭ᠎ᠠ | ᠰᠠᠴᠤᠷᠠᠭᠤᠯᠵᠤ᠂ ᠨᠡᠩ ᠠᠯᠳᠠᠷᠰᠢᠭᠤᠯᠬᠤ ᠶᠢ ᠬᠦᠰᠡᠵᠦ ᠪᠠᠶᠢᠨ᠎ᠠ ᠭᠡᠪᠡ᠃ | ᠷᠧᠨ ᠶᠢᠦ ᠴᠢᠶᠦ᠋ᠨ᠂ ᠯᠢ ᠱᠦ ᠼᠠᠢ ᠥᠪᠥᠷ ᠮᠣᠩᠭᠤᠯ ᠤᠯᠤᠰ ᠤᠨ ᠠᠮᠢ ᠠᠬᠤᠢ᠂ ᠡᠨᠧᠷᠭᠢ᠂ ᠠᠮᠤ ᠪᠤᠳᠠᠭ᠎ᠠ᠂ | ᠠᠵᠤ ᠦᠢᠯᠡᠰ᠂ ᠬᠢᠯᠢ ᠬᠢᠵᠠᠭᠠᠷ ᠤᠨ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠦ᠂ | ᠨᠠᠮ ᠪᠠ ᠤᠯᠤᠰ ᠤᠨ ᠠᠵᠢᠯ ᠤᠨ ᠪᠥᠬᠦ ᠲᠠᠯ᠎ᠠ ᠳᠤ ᠴᠢᠬᠤᠯᠠ ᠪᠠᠶᠢᠷᠢ ᠰᠠᠭᠤᠷᠢ ᠲᠠᠢ ᠶᠤᠮ᠃ ᠣᠶᠢᠷ᠎ᠠ ᠶᠢᠨ | ᠵᠢᠯ ᠠᠴᠠ ᠱᠠᠨᠳᠦ᠋ᠩ ᠶᠡᠭᠡ ᠰᠤᠷᠭᠠᠭᠤᠯᠢ ᠨᠠᠮ ᠤᠨ ᠲᠥᠪ ᠬᠤᠷᠢᠶ᠎ᠠ ᠶᠢᠨ ᠬᠢᠯᠢ ᠬᠢᠵᠠᠭᠠᠷ ᠤᠨ ᠵᠠᠰᠠᠯᠲᠠ ᠶᠢᠨ ᠲᠤᠬᠠᠢ | ᠡᠯ᠎ᠡ ᠵᠦᠢᠯ ᠤᠨ ᠰᠶᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠳᠣᠣᠱᠯᠠᠭᠤᠯᠣᠨ | ᠨᠠᠶᠢᠳᠠᠪᠤᠷᠢᠵᠢᠭᠤᠯᠵᠤ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠪᠠᠷᠢᠮᠲᠠᠯᠠᠪᠠ᠃ | ᠳᠠᠷᠠᠭᠠᠴᠢ ᠶᠢᠨ ᠠᠯᠬᠤᠮ ᠳᠤ᠂ ᠱᠠᠨᠳᠦ᠋ᠩ ᠶᠡᠭᠡ ᠰᠤᠷᠭᠠᠭᠤᠯᠢ ᠥᠪᠥᠷ ᠮᠣᠩᠭᠤᠯ ᠤᠨ ᠬᠤᠳᠠ ᠶᠢᠨ ᠪᠦᠲᠦᠭᠡᠨ | ᠪᠠᠶᠢᠭᠤᠯᠤᠯᠲᠠ ᠪᠣᠯᠣᠨ ᠠᠵᠤ ᠦᠢᠯᠡᠰ ᠤᠨ ᠬᠥᠭᠵᠢᠯᠲᠡ ᠲᠠᠢ ᠨᠢᠭᠲᠠ ᠠᠭᠤᠰᠤᠯᠴᠠᠵᠤ᠂ ᠱᠠᠨᠳᠦ᠋ᠩ ᠶᠡᠭᠡ | ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠶᠡᠭᠡ ᠳᠡᠭᠡᠳᠦ | ᠰᠤᠷᠭᠠᠭᠤᠯᠢ᠂ ᠠᠵᠤ ᠠᠬᠤᠶᠢᠯᠠᠯ ᠲᠠᠢ ᠬᠤᠯᠪᠤᠭᠠᠯᠠᠨ ᠦᠢᠯᠡᠳᠪᠤᠷᠢᠯᠠᠯ ᠵᠢᠭᠠᠨ ᠰᠤᠷᠭᠠᠯᠲᠠ ᠰᠤᠳᠤᠯᠭᠠᠨ ᠤ | ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ | ᠴᠢᠬᠤᠯᠠ ᠶᠡᠭᠡ ᠲᠦᠷᠦᠯ ᠵᠦᠢᠯ ᠢ ᠡᠭᠦᠷᠭᠡᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠱᠠᠨᠳᠦ᠋ᠩ ᠶᠡᠭᠡ ᠰᠤᠷᠭᠠᠭᠤᠯᠢ ᠶᠢᠨ ᠬᠦᠴᠦᠨ | ᠴᠢᠳᠠᠯ ᠢ ᠡᠷᠭᠦᠨ᠎ᠡ ᠭᠡᠵᠤ ᠢᠯᠡᠳᠬᠡᠪᠡ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠪᠦᠦ ᠰᠢᠶᠠᠨ ᠬᠤᠸᠠ᠂ ᠶᠠᠩ ᠵᠢᠶᠧ | ᠠᠵᠢᠯᠯᠠᠭ᠎ᠠ ᠳᠤ ᠣᠷᠣᠯᠴᠠᠵᠠᠢ᠃ |