ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 25 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠪᠠ᠂ ᠬᠤᠷᠠᠯ ᠤᠨ ᠬᠤᠭᠤᠴᠠᠭ᠎ᠠ ᠨᠢ 2 ᠡᠳᠦᠷ ᠪᠤᠯᠤᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠩᠬᠠᠳᠤᠭᠠᠷ ᠪᠦᠬᠦᠳᠠ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠪᠦᠬᠦᠳᠠ ᠬᠤᠷᠠᠯ ᠳᠤ ᠠᠵᠢᠯ ᠤᠨ ᠮᠡᠳᠡᠬᠦᠯᠤᠯᠳᠠ ᠬᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠪᠠ᠃    ᠳᠤᠰ ᠤᠳᠠᠭ᠎ᠠ ᠶᠢᠨ ᠪᠦᠬᠦᠳᠡ ᠬᠤᠷᠠᠯ ᠤᠨ ᠭᠤᠣᠯ ᠡᠭᠦᠷᠭᠡ ᠪᠣᠯ᠄ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠳᠣᠣᠱᠯᠠᠭᠤᠯᠵᠦ᠂ 2024 ᠣᠨ ᠤ ᠠᠵᠢᠯ ᠢ ᠳ᠋ᠦᠩᠨᠡᠵᠦ᠂ 2025 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号