ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠦᠭᠦᠳᠡ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠨᠤᠤᠷᠠᠭ ᠢ ᠶᠠᠷᠢᠯᠴᠠᠪᠠ
ᠨᠡᠶᠢᠲᠡᠯᠡᠭᠰᠡᠨ ᠴᠠᠭ᠄
2024/12/26
    12 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠦᠬᠦᠳᠠ ︵ᠥᠷᠭᠡᠳᠭᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ︽ᠵᠠᠰᠠᠭ ᠤᠨ ᠣᠷᠳᠣᠨ ᠤ ᠠᠵᠢᠯ ᠤᠨ ᠢᠯᠡᠳᠭᠡᠯ︾ ᠤᠨ ᠨᠤᠤᠷᠠᠭ ᠢ ᠶᠠᠷᠢᠯᠴᠠᠪᠠ᠃    ᠬᠤᠷᠠᠯ ᠳᠡᠭᠡᠷ᠎ᠡ᠂ ᠠᠶᠢᠮᠠᠭ ᠬᠤᠲᠠ ᠶᠢᠨ ᠵᠠᠰᠠᠭ ᠤᠨ ᠣᠷᠳᠣᠨ ︵ᠵᠠᠬᠢᠷᠭ᠎ᠠ︶᠂ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠶᠢᠨ ᠬᠠᠷᠢᠭᠤᠴᠠᠯᠭᠠᠲᠠᠨ ᠨᠥᠬᠦᠳ ᠵᠢᠴᠢ ᠳᠡᠳ᠋ ᠲᠡᠷᠢᠭᠦᠯᠡᠭᠴᠢ ᠨᠡᠷ ᠤᠷᠢᠳ ᠬᠤᠵᠢᠳ ᠦᠭᠡ ᠬᠡᠯᠡᠭᠰᠡᠨ ᠪᠥᠭᠡᠳ ᠭᠦᠨᠵᠡᠭᠡᠶ ᠰᠤᠳᠤᠯᠤᠨ ᠶᠠᠷᠢᠯᠴᠠᠪᠠ᠃ ᠸᠠᠩ ᠯᠢ ᠰᠢᠶᠠ ᠢᠯᠡᠳᠭᠡᠯ ᠢ ᠲᠤᠭᠤᠷᠪᠢᠬᠤ ᠳᠤᠭᠤᠶᠢᠯᠠᠩ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ ᠠᠪᠴᠤ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠢᠯᠡᠳᠭᠡᠯ ᠳᠤ ᠤᠯᠠᠮ ᠨᠢᠭᠡ ᠠᠯᠬᠤᠮ ᠰᠠᠶᠢᠲᠤᠷ ᠵᠠᠰᠠᠪᠦᠷᠢ ᠤᠷᠤᠭᠤᠯᠬᠤ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠤᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠶᠠᠷᠯᠠᠭᠤᠰᠢᠳᠠᠢ ᠠᠮᠵᠢᠯᠲᠠ ᠣᠯᠵᠠᠢ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠵᠦ᠂ ᠤᠳᠠᠯ ᠦᠭᠡᠢ ᠬᠤᠷᠠᠯᠳᠤᠬᠤ ᠬᠡᠵᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2025 ᠣᠨ ᠤ ᠬᠠᠷᠠᠯᠲᠠ ᠡᠭᠦᠷᠭᠡ ᠠᠷᠭ᠎ᠠ ᠬᠡᠮᠵᠢᠶ᠎ᠡ ᠶᠢ ᠲᠡᠷᠡ ᠳᠠᠷᠤᠢ ᠳᠤᠨᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠤᠭᠳᠠᠭᠤᠨ ᠡᠬᠢᠯᠡᠯᠲᠡ᠂ ᠰᠠᠶᠢᠨ ᠡᠬᠢᠯᠡᠯᠲᠡ ᠲᠠᠢ ᠪᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠦᠵᠡᠪᠡ᠃    ᠬᠤᠷᠠᠯ ᠠᠴᠠ᠂ ᠵᠢᠯ ᠤᠨ ᠡᠴᠦᠰ ᠣᠨ ᠤ ᠡᠬᠢ ᠪᠠᠷ᠂ ᠠᠶᠤᠯᠭᠦᠢ ᠦᠢᠯᠡᠳᠪᠦᠷᠢᠯᠡᠯ ᠡᠨᠡ ᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ᠴᠠᠬᠢᠯᠭᠠᠨ ᠬᠡᠷᠡᠭᠯᠡᠬᠦ᠂ ᠨᠡᠭᠦᠷᠡᠰᠦ ᠬᠡᠷᠡᠭᠯᠡᠬᠦ᠂ ᠪᠠᠶᠢᠭᠠᠯᠢ ᠶᠢᠨ ᠰᠢᠲᠠᠮᠠᠬᠠᠢ ᠬᠡᠢ ᠬᠡᠷᠡᠭᠯᠡᠬᠦ ᠠᠮᠤᠷ ᠲᠦᠪᠰᠢᠨ ᠤ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠠᠮᠤᠷ ᠲᠦᠪᠰᠢᠨ ᠤ ᠬᠡᠮ ᠰᠣᠭᠤᠭ ᠢ ᠨᠠᠷᠢᠨ ᠨᠢᠭᠲᠠ ᠵᠢᠭᠰᠠᠭᠠᠨ ᠪᠠᠶᠢᠴᠠᠭᠠᠵᠤ ᠰᠢᠢᠳᠪᠦᠷᠢᠯᠡᠨ᠂ ᠡᠯ᠎ᠡ ᠲᠦᠷᠦᠯ ᠤᠨ ᠠᠳᠡᠯ ᠭᠠᠷᠬᠤ ᠶᠢ ᠲᠠᠰᠤ ᠬᠤᠷᠢᠭᠯᠠᠬᠤ ᠬᠡᠷᠡᠭᠲᠡᠢ᠃ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠰᠠᠶᠢᠲᠤᠷ ᠪᠠᠲᠤᠯᠠᠵᠤ᠂ ᠢᠯᠠᠩᠭᠤᠶ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠲᠤᠰᠠᠯᠠᠬᠤ ᠴᠠᠭᠳᠠᠭ᠎ᠠ ᠵᠡᠷᠭᠡ ᠪᠡᠷᠬᠡ ᠬᠠᠲᠠᠭᠤᠵᠢᠯᠲᠠᠶ ᠠᠵᠢᠯ ᠤᠨ ᠪᠠᠶᠢᠷᠢ ᠳᠤ ᠠᠵᠢᠯᠯᠠᠵᠤ ᠪᠠᠶᠢᠭ᠎ᠠ ᠠᠵᠢᠯᠲᠠᠳ ᠢ ᠬᠠᠯᠠᠮᠵᠢᠯᠠᠨ ᠬᠠᠶᠢᠷᠠᠯᠠᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠠᠷᠠᠳ ᠣᠯᠠᠨ ᠤ ᠪᠠᠶᠠᠷ ᠤᠨ ᠡᠳᠦᠷ ᠢᠶᠠᠨ ᠠᠮᠤᠷ ᠵᠢᠷᠭᠠᠯ ᠲᠠᠢ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠸᠠᠩ ᡁᠢ ᠴᠢᠶᠠᠩ᠂ ᠴᠢ᠊ ᠪᠠᠲᠤ᠂ ᠪᠦᠦ ᠰᠢᠶᠠᠨ ᠬᠤᠸᠠ᠂ ᠵᠧᠩ ᠭᠤᠸᠠᠩ ᠵᠤᠤ᠂ ᠶᠤᠤ ᠶᠦᠩ ᠪᠥᠸᠧ᠂ ᠳᠠᠶᠢᠴᠢᠨ᠂ ᠰᠦᠨ ᠵᠢᠶᠦ᠋ᠨ ᠴᠢᠩ ᠣᠷᠣᠯᠴᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号