ᠠᠯᠠᠱᠠ ᠠᠶᠢᠮᠠᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠠᠵᠢᠯ ᠢ ᠠᠳᠬᠤᠭᠰᠠᠨ ᠪᠠᠶᠢᠳᠠᠯ ᠢᠶᠠᠨ ᠮᠡᠳᠡᠬᠦᠯᠬᠦ ᠲᠤᠰᠬᠠᠶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/12/31
     12 ᠰᠠᠷ᠎ᠠ ᠶᠢᠨ 30 ᠤ ᠡᠳᠦᠷ᠂ ᠠᠯᠠᠱᠠ ᠠᠶᠢᠮᠠᠭ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠠᠵᠢᠯ ᠢ ᠠᠳᠬᠤᠭᠰᠠᠨ ᠪᠠᠶᠢᠳᠠᠯ ᠢᠶᠠᠨ ᠮᠡᠳᠡᠬᠦᠯᠬᠦ ᠲᠤᠰᠬᠠᠶ ᠬᠤᠷᠠᠯ ᠬᠤᠷᠠᠯᠳᠤᠵᠤ᠂ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ  ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠮᠡᠳᠡᠭᠳᠡᠵᠦ᠂ ᠬᠡᠰᠡᠭ ᠬᠤᠰᠢᠭᠤ ᠣᠷᠣᠨ ᠪᠠ ᠰᠠᠯᠠᠭ᠎ᠠ ᠮᠥᠴᠢᠷ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2025 ᠣᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠬᠠᠶ ᠢᠦᠶ ᠬᠤᠷᠠᠯ ᠢ ᠡᠷᠭᠢᠯᠡᠪᠡ᠃     ᠬᠤᠷᠠᠯ ᠠᠴᠠ᠂ ᠬᠠᠤᠯᠢ ᠪᠠᠷ ᠵᠠᠰᠠᠬᠤ ᠪᠣᠯ ᠲᠦᠷᠦ ᠶᠢ ᠵᠠᠰᠠᠵᠤ ᠵᠠᠰᠠᠭ ᠢ ᠡᠷᠬᠢᠯᠡᠬᠦ ᠦᠨᠳᠦᠰᠦᠨ ᠠᠷᠭ᠎ᠠ ᠬᠡᠯᠪᠡᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠪᠠᠲᠤᠯᠠᠭ᠎ᠠ ᠮᠥᠨ᠃ ᠡᠯ᠎ᠡ ᠬᠤᠰᠢᠭᠤ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ  ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠭᠡᠵᠤ᠂ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠥᠨᠳᠥᠷ ᠲᠦᠪᠰᠢᠨ ᠪᠥᠬᠦᠶ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠᠷ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠶ ᠬᠡᠪᠠ᠃     ᠬᠤᠷᠠᠯ ᠠᠴᠠ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠬᠦᠯᠵᠦ᠂ ᠰᠡᠳᠬᠢᠯ ᠲᠠᠯᠪᠢᠨ ᠬᠥᠭᠵᠢᠭᠦᠯᠬᠦ ᠬᠡᠷᠡᠭᠲᠡᠢ᠃ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠬᠠᠮᠰᠠᠷ ᠢ ᠪᠠᠳᠣᠳᠬᠠᠵᠦ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠪᠠᠷ ᠵᠠᠰᠠᠬᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ︽ᠶᠡᠷᠦᠩᠬᠡᠶᠢᠯᠡᠨ ᠨᠢᠭᠡ ᠤᠳᠠᠭ᠎ᠠ ᠪᠠᠶᠢᠴᠠᠭᠠᠬᠤ︾ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠡᠷᠡᠭᠵᠢᠭᠦᠯᠬᠦ ᠬᠡᠷᠡᠭᠲᠡᠶ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠪᠠᠶᠢᠩᠭᠤ ᠰᠠᠶᠢᠲᠤᠷ ᠠᠳᠬᠤᠵᠤ᠂ ᠭᠡᠨᠡᠳᠲᠡ ᠶᠢᠨ ᠬᠡᠷᠡᠭ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠳᠣᠭᠳᠠᠯᠴᠠᠭ᠎ᠠ ᠶᠢ ᠪᠦᠷᠢᠨᠰᠢᠬᠦᠯᠤᠨ᠂ ᠨᠡᠶᠢᠭᠡᠮ ᠤᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠩ ᠥᠨᠳᠥᠷ ᠲᠦᠪᠰᠢᠨ ᠪᠥᠬᠦᠶ ︽ᠠᠮᠣᠭᠤᠯᠠᠩᠲᠣ ᠠᠯᠠᠱᠠ︾ ᠶᠢ ᠴᠢᠷᠮᠠᠶᠢᠨ ᠪᠠᠶᠢᠭᠤᠯᠬᠤ ᠬᠡᠷᠡᠭᠲᠡᠶ᠃ ᠬᠠᠣᠯᠢ ᠪᠠᠷ ᠵᠠᠰᠠᠬᠤ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠳᠣᠭᠳᠠᠯᠴᠠᠭ᠎ᠠ ᠶᠢ ᠪᠦᠷᠢᠨᠰᠢᠬᠦᠯᠵᠤ᠂ ᠲᠣᠭᠠᠴᠢᠯᠠᠭᠰᠠᠨ ᠬᠠᠣᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠨ ᠪᠠᠶᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠬᠢᠨᠠᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠬᠡᠵᠦ ᠴᠢᠬᠤᠯᠠᠴᠢᠯᠠᠪᠠ᠃     ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号