ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠪᠠ
ᠨᠡᠶᠢᠲᠡᠯᠡᠭᠰᠡᠨ ᠴᠠᠭ᠄
2024/12/31
    12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠥᠬᠦᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠤᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃    ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠣᠨᠴᠠᠭᠠᠶ ᠵᠠᠰᠠᠭ ᠵᠠᠬᠢᠷᠭᠠᠨ ᠤ ᠣᠷᠣᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶ᠎ᠠ ᠪᠣᠯᠤᠨ ᠣᠣᠮᠧᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠤᠯᠪᠤᠭᠳᠠᠯ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠲᠣᠰ ᠪᠡᠶ᠎ᠡ ᠶᠢᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠰᠢᠨ᠎ᠡ ᠪᠠᠷ ᠮᠠᠨᠳᠤᠬᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠠᠵᠤ ᠦᠢᠯᠡᠰ ᠤᠨ ᠲᠦᠷᠭᠡᠨ ᠬᠥᠭᠵᠢᠯᠲᠡ ᠪᠠᠷ ᠠᠵᠤ ᠦᠢᠯᠡᠰ ᠤᠨ ᠪᠦᠲᠦᠴᠡ ᠶᠢᠨ ᠦᠷᠭᠦᠯᠵᠢᠯᠡᠨ ᠰᠢᠯᠢᠳᠡᠭᠵᠢᠬᠦ ᠶᠢ ᠠᠬᠢᠭᠤᠯᠬᠤ ᠬᠡᠷᠡᠭᠳᠠᠢ᠃ ᠥᠭᠡᠷᠡᠴᠢᠯᠡᠯᠲᠡ ᠪᠠ ᠬᠥᠭᠵᠢᠯᠲᠡ ᠶᠢᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠣᠷᠣᠨ ᠨᠤᠲᠤᠭ ᠤᠨ ᠬᠠᠤᠯᠢ ᠲᠣᠭᠲᠠᠭᠠᠯᠲᠠ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ᠃ ᠣᠣᠮᠧᠨ ᠤ ᠨᠡᠭᠡᠭᠡᠯᠲᠡᠲᠦ ᠬᠥᠭᠵᠢᠯᠲᠡ ᠶᠢᠨ ᠲᠤᠷᠰᠢᠯᠭ᠎ᠠ ᠶᠢ ᠰᠤᠷᠤᠯᠴᠠᠨ ᠲᠤᠯᠢ ᠪᠤᠯᠭᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠭᠠᠳᠠᠭᠠᠳᠤ ᠨᠡᠭᠡᠭᠡᠯᠳᠠ ᠶᠢ ᠪᠦᠬᠦ ᠲᠠᠯ᠎ᠠ ᠪᠠᠷ ᠲᠥᠯᠥᠪᠵᠢᠭᠦᠯᠦᠨ ᠠᠬᠢᠭᠤᠯᠵᠤ᠂ ︽ᠰᠢᠨ᠎ᠠ ᠡᠨᠧᠷᠬᠢ ᠶᠢᠨ ᠮᠠᠰᠢᠨ ᠲᠡᠷᠭᠡ᠂ ᠯᠢᠲ᠋ᠢ ᠳ᠋ᠢᠶᠠᠨ ‍ᠤᠤᠢ᠂ ᠭᠡᠷᠡᠯᠴᠢ ᠴᠡᠨᠡᠭ ᠤᠨ ᠦᠢᠯᠡᠳᠭᠦᠨ︾᠂ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠡᠪᠴᠢᠶ᠎ᠠ ᠶᠢ ᠦᠷᠭᠦᠯᠵᠢᠯᠡᠨ ᠥᠷᠭᠡᠳᠭᠡᠬᠦ ᠬᠡᠷᠡᠭᠳᠠᠢ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠦᠭᠵᠢᠬᠦᠯᠬᠦ ᠶᠢ ᠶᠡᠭᠡ ᠶᠠᠪᠤᠳᠠᠯ ᠪᠣᠯᠭᠠᠨ ᠠᠳᠬᠤᠬᠤ ᠶᠢ ᠪᠠᠷᠢᠮᠲᠠᠯᠠᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠬᠥᠭᠵᠢᠯᠲᠡ ᠶᠢᠨ ᠰᠢᠨ᠎ᠡ ᠠᠯᠬᠤᠭ᠎ᠠ ᠪᠠᠷ ᠠᠯᠬᠤᠬᠤ ᠶᠢ ᠠᠬᠢᠭᠤᠯᠬᠤ ᠬᠡᠷᠡᠭᠳᠠᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠲᠠᠢ ᠤᠶᠠᠯᠳᠤᠭᠤᠯᠤᠨ᠂ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠨᠠᠩ ᠣᠯᠠᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠪᠡᠯᠡᠳᠭᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠰᠤᠳᠤᠯᠤᠭᠰᠠᠨ ᠪᠥᠭᠡᠳ ᠬᠤᠶᠠᠷ ᠬᠤᠷᠠᠯ ᠢ ᠰᠠᠶᠢᠲᠤᠷ ᠬᠤᠷᠠᠯᠳᠤᠭᠤᠯᠬᠤ ᠲᠤᠬᠠᠶ ᠱᠠᠭᠠᠷᠳᠠᠯᠭ᠎ᠠ ᠳᠤᠷᠠᠳᠴᠠᠶ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠵᠠᠳᠠᠯᠤᠨ ᠰᠤᠳᠤᠯᠤᠨ ᠮᠠᠭᠠᠳᠯᠠᠵᠤ ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠬᠡ ᠤᠯᠤᠰ ᠤᠨ ︽ᠤᠮᠠᠷᠠᠳᠤ ᠶᠡᠭᠡ ᠬᠠᠭᠠᠯᠭ᠎ᠠ︾᠂ ᠨᠡᠶᠢᠰᠯᠡᠯ ᠤᠨ ︽ᠬᠠᠮᠠᠭᠠᠯᠠᠯᠳᠠ ᠶᠢᠨ ᠭᠤᠤᠯ︾ ᠢ ᠪᠥᠬᠦ ᠬᠦᠴᠦᠨ ᠢᠶᠠᠷ ᠢᠶᠠᠨ ᠰᠠᠶᠢᠲᠤᠷ ᠰᠠᠬᠢᠬᠤ ᠬᠡᠷᠡᠭᠲᠡᠶ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠢᠮᠠᠭᠲᠠ ᠲᠡᠷᠢᠭᠦᠨ ᠴᠢᠬᠤᠯᠠ ᠡᠭᠦᠷᠭᠡ ᠪᠣᠯᠭᠠᠵᠤ᠂ ᠤᠯᠤᠰ ᠲᠦᠷᠦ ᠶᠢᠨ ᠰᠡᠷᠭᠡᠭ ᠴᠢᠨᠠᠷ ᠢᠶᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠬᠦᠴᠦᠲᠡᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠳᠠᠢ᠃ ᠠᠮᠤᠷ ᠢ ᠬᠠᠮᠠᠭᠠᠯᠠᠬᠤ ᠬᠠᠮᠢᠶᠠᠷᠤᠯᠲᠠ ᠪᠠ ᠨᠡᠶᠢᠭᠡᠮ ᠤᠨ ᠵᠠᠰᠠᠯᠲᠠ ᠶᠢ ᠦᠨᠡᠨ ᠬᠦ ᠰᠠᠶᠢᠲᠤᠷ ᠠᠳᠬᠤᠵᠤ᠂ ᠤᠯᠤᠰ ᠲᠦᠷᠦ ᠬᠠᠤᠯᠢ ᠴᠠᠭᠠᠵᠠ ᠶᠢᠨ ᠨᠢᠭᠡᠴᠡ ᠶᠢᠨ ᠬᠤᠭᠤᠷᠣᠨᠳᠣᠬᠢ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠨ᠂ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠵᠥᠷᠢᠴᠡᠯ ᠵᠠᠭᠤᠷᠠᠯᠳᠤᠭᠠᠨ ᠢ ᠡᠬᠢ ᠡᠭᠦᠰᠦᠯ ᠠᠴᠠ ᠨᠢ ᠰᠢᠢᠳᠪᠦᠷᠢᠯᠡᠨ ᠠᠷᠢᠯᠭᠠᠬᠤ ᠶᠢ ᠴᠢᠩᠭᠠᠳᠬᠠᠨ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠳᠠᠢ᠃ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦ ᠬᠡᠷᠡᠭᠳᠠᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠵᠢᠯᠯᠠᠭ᠎ᠠ ᠶᠢ ᠵᠢᠷᠤᠮᠵᠢᠭᠤᠯᠵᠤ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃    ᠬᠤᠷᠠᠯ ᠠᠴᠠ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠬᠠᠨᠤᠮᠵᠢᠳᠠᠢ ᠠᠯᠪᠠᠲᠠᠨ︾ ᠪᠠ ︽ᠠᠷᠠᠳ ᠲᠦᠮᠡᠨ ᠬᠠᠨᠤᠮᠵᠢᠳᠠᠢ ᠠᠯᠪᠠᠲᠠᠨ ᠤ ᠬᠠᠮᠲᠤ︾ ᠶᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠳᠤ ᠦᠯᠢᠭᠡᠷ ᠳᠠᠭᠤᠷᠢᠶᠠᠯ ᠠᠴᠠ ᠲᠠᠭᠠᠨ ᠰᠤᠷᠤᠯᠴᠠᠬᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号