12 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠤᠨ | ᠶᠠᠪᠤᠳᠠᠯ ᠢ ᠵᠥᠪᠯᠡᠬᠦ ᠬᠤᠷᠠᠯ ᠵᠢᠴᠢ ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ | ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ | ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ | ᠴᠡᠷᠢᠭ ᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ ᠪᠥᠬᠦ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠠᠴᠠ | ᠵᠡᠪᠰᠡᠭᠲᠦ ᠬᠦᠴᠦᠨ ᠢ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠪᠣᠯᠪᠠᠰᠤᠷᠠᠭᠤᠯᠤᠨ ᠲᠡᠶᠢᠨ ᠳᠤ ᠪᠡᠯᠡᠳᠭᠡᠬᠦ᠂ ᠬᠢᠯᠢ | ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ ᠪᠠᠬᠢᠵᠢᠭᠦᠯᠬᠦ᠂ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ | ᠪᠦᠯᠢ ᠶᠢ ᠬᠠᠷᠠᠭᠠᠯᠵᠠᠬᠤ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ᠂ ᠰᠢᠨ᠎ᠡ ᠦᠷ᠎ᠡ ᠪᠦᠲᠦᠮᠵᠢ ᠤᠯᠪᠠ᠃ | ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠬᠤᠶᠠᠷ ᠶᠡᠭᠡ ᠶᠠᠪᠤᠳᠠᠯ ᠢᠯᠠᠩᠭᠤᠶ᠎ᠠ ᠠᠶᠤᠯ ᠭᠠᠮᠰᠢᠭ ᠠᠴᠠ ᠠᠪᠤᠷᠬᠠᠤ | ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠵᠡᠷᠭᠡ ᠠᠵᠢᠯ ᠳᠤ ᠣᠷᠣᠯᠠᠭᠤᠯᠵᠤ | ᠪᠣᠯᠤᠰᠢ ᠥᠬᠡᠶ ᠦᠢᠯᠡᠳᠦᠯ ᠦᠵᠡᠭᠦᠯᠵᠦ᠂ ᠣᠷᠣᠨ ᠨᠤᠲᠤᠭ ᠤᠨ ᠬᠥᠭᠵᠢᠯᠲᠡ ᠳᠤ ᠲᠣᠪᠤᠶᠢᠮ᠎ᠠ ᠬᠤᠪᠢ ᠨᠡᠮᠡᠷᠢ | ᠦᠵᠡᠭᠦᠯᠵᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠰᠢᠨ᠎ᠡ ᠨᠢᠭᠡ ᠵᠢᠯ ᠳᠤ ᠪᠥᠬᠦ ᠣᠷᠣᠨ ᠤ ᠡᠯ᠎ᠡ ᠱᠠᠲᠤᠨ ᠤ ᠬᠢᠨ ᠰᠢ ᠶᠢᠨ ᠫᠢᠩ ᠤᠨ ᠴᠡᠷᠢᠭ ᠢ | ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠤᠯᠤᠰ ᠤᠨ ᠪᠠᠲᠤᠯᠠᠨ | ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠠᠶᠢᠭᠤᠯᠤᠯᠲᠠ ᠶᠢᠨ ᠲᠤᠬᠠᠶ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠨᠠᠮ ᠠᠴᠠ ᠵᠡᠪᠰᠡᠭᠲᠦ | ᠬᠦᠴᠦᠨ ᠢ ᠬᠠᠮᠢᠶᠠᠷᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠭᠡᠯ ᠬᠦᠴᠦᠨ ᠤ | ᠪᠠᠶᠢᠭᠤᠯᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠬᠡᠷᠡᠭᠲᠡᠶ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠳᠠᠯᠳᠠ ᠬᠦᠴᠦᠨ ᠤ ᠪᠠᠶᠢᠳᠠᠯ ᠢ ᠲᠣᠳᠣᠷᠬᠠᠶ | ᠣᠶᠢᠯᠠᠭᠠᠵᠤ᠂ ᠡᠩ ᠤᠨ ᠦᠶ᠎ᠡ ᠪᠠ ᠲᠡᠶᠢᠨ ᠤ ᠦᠶ᠎ᠡ ᠶᠢᠨ ᠰᠣᠯᠢᠭᠳᠠᠯ ᠤᠨ ᠲᠣᠭᠲᠠᠴᠠ ᠶᠢ ᠪᠦᠷᠢᠨᠰᠢᠬᠦᠯᠤᠨ᠂ | ᠤᠴᠢᠷ ᠲᠠᠢ ᠯᠠ ᠪᠣᠯ ᠳᠠᠶᠢᠴᠢᠯᠠᠯᠲᠠ ᠶᠢᠨ ᠪᠡᠯᠡᠳᠭᠡᠯ ᠢ ᠦᠳᠲᠡᠷ ᠲᠦᠷᠭᠡᠨ ᠪᠡᠶᠡᠯᠡᠭᠦᠯᠬᠦ ᠶᠢ ᠪᠠᠲᠤᠯᠠᠬᠤ ᠭᠡᠷᠡᠭᠳᠠᠢ᠃ | ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠪᠣᠯᠤᠨ ᠣᠷᠣᠨ ᠨᠤᠲᠤᠭ ᠤᠨ ᠬᠠᠷᠢᠯᠴᠠᠭ᠎ᠠ ᠶᠢ ᠤᠯᠠᠮ ᠨᠢᠭᠡ ᠠᠯᠬᠤᠮ | ᠨᠢᠭᠲᠠᠷᠠᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠬᠦ | ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠥᠪᠥᠷ ᠮᠣᠩᠭᠤᠯ ᠴᠡᠷᠢᠭ ᠠᠩᠬᠢ ᠶᠢᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ | ᠪᠠᠲᠤᠯᠠᠬᠤ ᠳᠤ ᠦᠢᠯᠡᠴᠢᠯᠡᠬᠦ ᠲᠠᠯ᠎ᠠ ᠪᠠᠷ ᠬᠢᠵᠤ ᠳᠡᠶᠢᠯᠬᠦ ᠶᠠᠪᠤᠳᠠᠯ ᠮᠠᠰᠢ ᠤᠯᠠᠨ ᠪᠤᠢ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠡᠷᠡᠭᠴᠡᠭᠡ ᠶᠢᠨ ᠲᠣᠭᠤᠷᠢᠨ ᠳᠤ ᠨᠢᠭᠡ ᠪᠦᠯᠦᠭ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠶᠢ | ᠱᠠᠯᠠᠪᠳᠠᠭᠤᠯᠤᠨ ᠰᠤᠳᠤᠯᠵᠤ ᠭᠠᠷᠭᠠᠬᠤ ᠬᠡᠷᠡᠭᠲᠡᠢ᠃ ᠰᠡᠳᠭᠢᠴᠡ ᠠᠷᠭ᠎ᠠ ᠶᠢᠨ ᠰᠢᠨ᠎ᠡ ᠶᠢ ᠡᠭᠦᠳᠴᠦ᠂ ᠬᠢᠯᠢ | ᠬᠢᠵᠠᠭᠠᠷ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ | ᠬᠥᠭᠵᠢᠯᠲᠡ ᠪᠣᠯᠤᠨ ᠠᠮᠤᠷ ᠲᠦᠪᠰᠢᠨ ᠤ ᠰᠠᠶᠢᠨ ᠬᠤᠷᠰᠢᠯᠴᠠᠭ᠎ᠠ ᠶᠢ ᠠᠬᠢᠭᠤᠯᠬᠤ ᠬᠡᠷᠡᠭᠲᠡᠢ᠃ ᠥᠪᠥᠷ | ᠮᠣᠩᠭᠤᠯ ᠤᠨ ᠴᠡᠷᠢᠭ ᠤᠨ ᠲᠣᠭᠤᠷᠢᠭ ᠪᠣᠯᠤᠨ ᠮᠠᠨ ᠤ ᠣᠷᠣᠨ ᠳᠤ ᠰᠠᠭᠤᠭ᠎ᠠ ᠴᠡᠷᠢᠭ ᠠᠩᠭᠢ ᠳᠤ ᠲᠤᠯᠭᠠᠷᠠᠭᠰᠠᠨ | ᠬᠦᠴᠢᠷ ᠠᠰᠠᠭᠤᠳᠠᠯ ᠢ ᠡᠯ᠎ᠡ ᠭᠠᠵᠠᠷ ᠤᠨ ᠬᠢᠨ ᠴᠠᠭ ᠲᠤᠬᠠᠶ ᠳᠤᠨᠢ ᠡᠵᠡᠮᠰᠢᠵᠦ᠂ ᠪᠦᠬᠦ ᠬᠦᠴᠦᠨ ᠢᠶᠠᠷ ᠢᠶᠠᠨ | ᠬᠠᠪᠰᠤᠷᠤᠨ ᠰᠢᠢᠳᠪᠦᠷᠢᠯᠡᠬᠦ ᠬᠡᠷᠡᠭᠲᠡᠶ ᠭᠡᠵᠤ ᠴᠢᠬᠤᠯᠠᠴᠢᠯᠠᠪᠠ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠡᠷᠬᠢᠯᠡᠭᠴᠢ ᠸᠠᠩ ᠯᠢ ᠰᠢᠶᠠ | ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠤᠤ ᠺᠠᠩ | ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ | ᠪᠠᠶᠢᠭᠤᠯᠤᠯᠲᠠ ᠶᠢᠨ ᠲᠤᠬᠠᠶ ᠰᠢᠷᠢᠰ ᠴᠢᠬᠤᠯᠠ ᠵᠢᠭᠠᠪᠤᠷᠢ ᠪᠣᠯᠤᠨ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ | ᠪᠥᠬᠦᠶ ᠴᠢᠬᠤᠯᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮᠵᠢᠯᠠᠵᠤ᠂ 2024 ᠣᠨ ᠤ ᠪᠥᠬᠦ | ᠣᠷᠣᠨ ᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠤᠭᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ ᠪᠣᠯᠤᠨ ᠪᠡᠯᠡᠳᠭᠡᠯ ᠬᠦᠴᠦᠨ ᠤ ᠪᠠᠶᠢᠭᠤᠯᠤᠯᠲᠠ ᠶᠢᠨ ᠪᠠᠶᠢᠳᠠᠯ ᠢ ᠬᠠᠷᠢᠭᠤ ᠮᠡᠳᠡᠭᠦᠯᠪᠡ᠃ ᠡᠯ᠎ᠡ | ᠴᠡᠷᠢᠭ ᠤᠨ ᠬᠤᠪᠢᠶᠠᠷᠢ ᠲᠣᠭᠤᠷᠢᠭ ︵ᠰᠡᠷᠭᠡᠶᠢᠯᠡᠯᠲᠡ ᠶᠢᠨ ᠲᠣᠭᠤᠷᠢᠭ︶ ᠤᠨ ᠨᠠᠮ ᠤᠨ ᠬᠤᠷᠢᠶ᠎ᠠ ᠶᠢᠨ ᠨᠢᠭᠡᠳᠦᠭᠡᠷ | ᠱᠦᠵᠢ ᠲᠤᠰᠢᠶᠠᠯ ᠤᠨ ᠮᠡᠳᠡᠭᠦᠯᠦᠯᠲᠡ ᠬᠢᠪᠡ᠃ | ᠥᠪᠡᠷᠲᠡᠭᠡᠨ ᠵᠠᠰᠠᠬᠤ ᠣᠷᠣᠨ ᠤ ᠴᠡᠷᠢᠭ ᠠᠩᠭᠢ ᠪᠠ ᠣᠷᠣᠨ ᠨᠤᠲᠤᠭ ᠤᠨ ᠬᠤᠯᠪᠣᠭᠳᠠᠯ ᠪᠦᠬᠦᠢ ᠤᠳᠤᠷᠢᠳᠬᠤ | ᠨᠥᠬᠦᠳ ᠣᠷᠣᠯᠴᠠᠵᠠᠢ᠃ |