ᠣᠶᠢᠷ᠎ᠠ ᠳᠤ᠂ ᠡᠵᠡᠨ᠎ᠡ ᠬᠤᠰᠢᠭᠤᠨ ᠤ ᠮᠧᠩ ᠶᠠ ᠣᠯᠠᠨ ᠤᠯᠤᠰ ᠤᠨ ᠲᠣᠮᠣ ᠪᠠᠭᠤᠳᠠᠯ ᠤᠨ | ᠬᠠᠷᠢᠭᠤᠴᠠᠯᠭᠠᠲᠠᠨ ᠸᠠᠩ ᠵᠢᠶᠦ᠋ᠨ ︽ᠠᠵᠢᠯ ᠶᠠᠪᠤᠳᠠᠯ ᠰᠢᠢᠳᠪᠦᠷᠢᠯᠡᠬᠦ ᠳᠡᠭᠡᠨ ᠪᠦᠲᠦᠮᠵᠢᠲᠡᠶ᠂ ᠦᠢᠯᠡᠴᠢᠯᠡᠭᠡ | ᠲᠦᠷᠭᠡᠨ ᠮᠦᠷᠳᠡᠭᠡᠨ ᠬᠠᠯᠠᠭᠤᠮᠰᠤᠭ︾ ᠬᠡᠬᠦ ᠬᠡᠮᠡᠷᠯᠢᠭ ᠲᠤᠭ ᠢ ︽ᠠᠯᠳᠠᠨ ᠳᠤᠤᠷᠠᠢ ᠬᠠᠪᠰᠤᠷᠴᠦ ᠤᠷᠤᠯᠠᠵᠦ | ᠭᠦᠢᠴᠡᠳᠭᠡᠬᠦ ᠦᠢᠯᠡᠴᠢᠯᠡᠭᠡᠨ ᠤ ᠠᠩᠭᠢ︾ ᠶᠢᠨ ᠭᠡᠰᠢᠭᠦᠨ ᠵᠠᠩ ᠵᠢᠩ ᠴᠦᠨ ᠳᠤ ᠬᠦᠷᠭᠡᠵᠦ᠂ ᠲᠡᠭᠦᠨ ᠤ | ᠬᠠᠪᠰᠤᠷᠤᠨ ᠭᠦᠢᠴᠡᠳᠭᠡᠬᠦ ᠶᠠᠪᠤᠴᠠ ᠳᠠᠭᠠᠨ ᠨᠠᠷᠢᠨ ᠨᠢᠮᠪᠠᠶ ᠦᠢᠯᠡᠴᠢᠯᠡᠭᠡ ᠬᠠᠩᠭᠠᠭᠰᠠᠨ ᠳᠤ ᠲᠠᠯᠠᠷᠬᠠᠪᠠ᠃ ᠡᠵᠡᠨ᠎ᠡ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠠᠯᠲᠠᠨ ᠲᠤᠤᠷᠠᠶ︾ ᠤᠨᠴᠠᠯᠢᠬᠳᠤ | ᠬᠠᠪᠰᠤᠷᠤᠨ ᠭᠦᠢᠴᠡᠳᠭᠡᠬᠦ ᠡᠩᠨᠡᠭᠡ ᠶᠢ ᠪᠠᠶᠢᠭᠤᠯᠤᠭᠰᠠᠨ ᠠᠴᠠ ᠨᠠᠭᠠᠰᠢ᠂ ᠠᠵᠤ ᠠᠬᠤᠶᠢᠯᠠᠯ ᠤᠨ ᠭᠠᠷᠳᠠᠮ | ᠬᠦᠢᠴᠡᠳᠭᠡᠬᠦ᠂ ᠲᠥᠷᠥᠯ ᠵᠦᠢᠯ ᠤᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭ ᠶᠠᠪᠤᠳᠠᠯ ᠵᠡᠷᠭᠡ ᠠᠷᠠᠳ ᠲᠤ | ᠲᠥᠬᠦᠮ ᠦᠵᠡᠬᠦᠯᠦᠨ ᠠᠵᠤ ᠠᠬᠤᠶᠢᠯᠠᠯ ᠳᠤ ᠠᠰᠢᠭ ᠬᠦᠷᠲᠡᠭᠡᠬᠦ ᠵᠦᠢᠯᠡᠰ ᠢ ᠬᠠᠪᠰᠤᠷᠴᠦ ᠤᠷᠤᠯᠠᠵᠦ ᠭᠦᠢᠴᠡᠳᠭᠡᠬᠦ | ᠦᠢᠯᠡᠴᠢᠯᠡᠭᠡ ᠳᠡᠭᠡᠨ ᠨᠢᠭᠡᠳᠦᠯᠲᠡᠶ ᠣᠷᠣᠭᠤᠯᠵᠤ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠣᠯᠠᠨ | ᠵᠦᠢᠯ ᠤᠨ ᠲᠥᠬᠦᠮ ᠦᠢᠯᠡᠴᠢᠯᠡᠭᠡ ᠬᠠᠩᠭᠠᠨ᠂ ᠬᠠᠪᠰᠤᠷᠴᠦ ᠤᠷᠤᠯᠠᠵᠦ ᠭᠦᠢᠴᠡᠳᠭᠡᠬᠦ ᠦᠢᠯᠡᠴᠢᠯᠡᠭᠡᠨ ᠤ ᠶᠠᠰᠤ | ᠴᠢᠨᠠᠷ ᠪᠠ ᠦᠷ᠎ᠡ ᠪᠦᠲᠦᠮᠵᠢ ᠪᠠᠨ ᠲᠠᠰᠤᠷᠠᠯᠲᠠ ᠥᠬᠡᠶ ᠳᠡᠭᠡᠭᠰᠢᠯᠡᠬᠦᠯᠵᠡᠢ᠃ | ᠡᠵᠡᠨ᠎ᠡ ᠬᠤᠰᠢᠭᠤᠨ ᠤ ᠮᠧᠩ ᠶᠠ ᠣᠯᠠᠨ ᠤᠯᠤᠰ ᠤᠨ ᠲᠤᠮᠤ ᠪᠠᠭᠤᠳᠠᠯ ᠪᠣᠯ ᠨᠢᠭᠡᠨ ᠰᠢᠨ᠎ᠡ ᠪᠠᠷ ᠨᠡᠭᠡᠭᠡᠭᠰᠡᠨ | ᠪᠠᠭᠤᠳᠠᠯ ᠪᠣᠯᠤᠨ᠎ᠠ᠂ ᠠᠵᠢᠯ ᠡᠬᠢᠯᠡᠬᠦ ᠠᠴᠠ ᠡᠮᠦᠨ᠎ᠡ᠂ ᠲᠡᠭᠦᠨ ᠤ ᠬᠠᠷᠢᠭᠤᠴᠠᠯᠭᠠᠲᠠᠨ ᠸᠠᠩ ᠵᠢᠶᠦ᠋ᠨ ᠠᠵᠢᠯ ᠤᠨ | ᠰᠢᠯᠲᠠᠭᠠᠨ ᠠᠴᠠ ᠪᠤᠯᠵᠤ᠂ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠣᠴᠢᠵᠤ ᠭᠠᠷᠳᠠᠮ ᠭᠦᠢᠴᠡᠳᠭᠡᠵᠦ | ᠳᠡᠶᠢᠯᠦᠭᠰᠡᠨ ᠦᠭᠡᠢ ᠪᠠᠶᠢᠪᠠ᠃ ︽ᠠᠯᠳᠠᠨ ᠳᠤᠤᠷᠠᠢ ᠬᠠᠪᠰᠤᠷᠴᠦ ᠤᠷᠤᠯᠠᠵᠦ ᠭᠦᠢᠴᠡᠳᠭᠡᠬᠦ ᠦᠢᠯᠡᠴᠢᠯᠡᠭᠡᠨ ᠤ | ᠠᠩᠭᠢ︾ ᠶᠢᠨ ᠭᠡᠰᠢᠭᠦᠨ ᠵᠠᠩ ᠵᠢᠩ ᠴᠦᠨ ᠣᠷᠣᠯᠠᠨ ᠭᠦᠢᠴᠡᠳᠭᠡᠬᠦ ᠭᠤᠶᠤᠴᠢᠯᠠᠯ ᠢ ᠣᠯᠣᠭᠰᠠᠨ ᠤ ᠳᠠᠷᠠᠭ᠎ᠠ᠂ | ᠪᠦᠬᠦ ᠶᠠᠪᠤᠴᠠ ᠳᠤ ᠳᠡᠬᠦᠨ ᠤ ᠳᠤᠮᠢᠯᠠᠭᠰᠠᠨ ᠠᠵᠢᠯᠳᠠᠨ ᠢ ᠵᠢᠯᠣᠭᠤᠳᠤᠨ ᠴᠢᠬᠤᠯᠠ ᠪᠦᠬᠦᠢ ᠮᠠᠲ᠋ᠧᠷᠢᠶᠠᠯ ᠢ | ᠳᠤᠰᠢᠶᠠᠵᠦ ᠳᠠᠮᠵᠢᠭᠤᠯᠬᠤ ᠶᠠᠪᠤᠴᠠ ᠶᠢ ᠪᠡᠶᠡᠯᠡᠬᠦᠯᠦᠨ᠂ ᠨᠢᠭᠡ ᠯᠡ ᠡᠳᠦᠷ ᠤᠨ ᠬᠤᠭᠤᠴᠠᠭᠠᠨ ᠳᠤ ᠭᠠᠷᠳᠠᠮ ᠢ | ᠪᠦᠬᠦᠨ ᠢ ᠬᠦᠢᠴᠡᠳᠭᠡᠵᠦ ᠦᠭᠬᠦᠭᠰᠡᠨ ᠪᠠᠶᠢᠨ᠎ᠠ᠃ | ︽ᠪᠢ ᠲᠤᠰᠬᠠᠶᠢᠯᠠᠨ ᠢᠷᠡᠵᠦ ᠠᠵᠢᠯᠲᠠᠳ ᠲᠤ ᠲᠠᠯᠠᠷᠬᠠᠵᠤ ᠪᠠᠶᠢᠬᠤ ᠪᠠᠨ ᠢᠯᠡᠳᠭᠡᠵᠦ ᠪᠠᠶᠢᠨ᠎ᠠ᠂ ᠭᠠᠷ | ᠭᠦᠢᠴᠡᠳᠭᠡᠯ ᠬᠢᠬᠦ ᠶᠠᠪᠤᠴᠠ ᠳᠤ᠂ ᠵᠠᠰᠠᠭ ᠤᠨ ᠶᠠᠪᠤᠳᠠᠯ ᠤᠨ ᠲᠥᠪ ᠤᠨ ᠠᠵᠢᠯᠲᠠᠨ ᠤ ᠦᠢᠯᠡᠴᠢᠯᠡᠭᠡᠨ ᠤ ᠲᠤᠰᠬᠠᠶ | ᠮᠡᠷᠭᠡᠵᠢᠯ᠂ ᠬᠦᠯᠢᠴᠡᠩᠭᠦᠶ ᠤᠪᠤᠷ᠂ ᠬᠠᠯᠠᠭᠤᠨ ᠰᠡᠳᠭᠢᠯᠭᠡ ᠪᠠᠷ ᠦᠢᠯᠡᠴᠢᠯᠡᠭᠰᠡᠨ ᠳᠤ ᠳᠠᠯᠠᠷᠬᠠᠵᠦ ᠪᠠᠶᠢᠨ᠎ᠠ︾ ᠬᠡᠵᠦ | ᠸᠠᠩ ᠵᠢᠶᠦ᠋ᠨ ᠶᠠᠷᠢᠵᠦ ᠪᠠᠶᠢᠯ᠎ᠠ᠃ | ᠡᠨᠡ ᠵᠢᠯ ᠠᠴᠠ ᠨᠠᠭᠠᠰᠢ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ | ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠣᠯᠠᠨ ᠲᠦᠮᠡᠨ ᠤ ︽ᠣᠶᠢᠯᠠᠭᠠᠯᠲᠠ︾ ᠶᠢ | ᠳᠡᠭᠡᠭᠰᠢᠯᠡᠭᠦᠯᠬᠦ ᠪᠠᠷ ᠡᠬᠢᠯᠡᠯᠲᠡ ᠪᠠᠨ ᠪᠤᠯᠭᠠᠨ᠂ ᠨᠢᠭᠡ ᠥᠷᠲᠡᠭᠡᠴᠢᠯᠡᠭᠰᠡᠨ ᠮᠠᠶ᠋ᠢᠭ ᠤᠨ ᠦᠢᠯᠡᠴᠢᠯᠡᠭᠡ ᠶᠢ | ᠬᠡᠷᠡᠭᠵᠢᠭᠦᠯᠵᠦ᠂ ᠠᠵᠤ ᠠᠬᠤᠶᠢᠯᠠᠯ ᠳᠤ ︽ᠨᠢᠭᠡ ᠰᠦᠯᠵᠢᠶ᠎ᠡ᠂ ᠨᠢᠭᠡ ᠴᠣᠩᠬᠤ᠂ ᠨᠢᠭᠡ ᠤᠳᠠᠭ᠎ᠠ︾ ᠶᠢᠨ ᠪᠥᠬᠦ | ᠶᠠᠪᠤᠴᠠ ᠶᠢᠨ ᠰᠢᠢᠳᠪᠦᠷᠢᠯᠡᠵᠦ ᠳᠠᠭᠤᠰᠬᠠᠬᠤ ᠵᠠᠭᠪᠤᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠦᠷᠭᠡᠨ | ᠵᠠᠮ︾ ᠢ ᠪᠠᠶᠢᠭᠤᠯᠤᠨ᠂ ᠦᠢᠯᠡᠴᠢᠯᠡᠭᠡᠨ ᠤ ᠶᠠᠪᠤᠴᠠ ᠳᠠᠬᠢ ᠲᠦᠭᠵᠢᠷᠡᠯ᠂ ᠬᠦᠴᠢᠷ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠪᠠ ᠣᠯᠠᠨ ᠲᠦᠮᠡᠨ ᠳᠤ ᠳᠦᠬᠦᠮ ᠳᠦᠳᠡ ᠦᠢᠯᠡᠴᠢᠯᠡᠭᠡ ᠬᠠᠩᠭᠠᠬᠤ ᠶᠢᠨ | ᠬᠠᠮᠲᠤ ᠵᠠᠮ ᠬᠠᠷᠢᠯᠴᠠᠭ᠎ᠠ ᠳᠥᠭᠦᠮ ᠦᠭᠡᠢ᠂ ᠬᠥᠳᠡᠯᠵᠦ ᠪᠠᠷᠢᠬᠤ ᠳᠤ ᠳᠥᠭᠦᠮ ᠦᠭᠡᠢ ᠵᠡᠷᠭᠡ ᠣᠨᠴᠠᠭᠠᠶ ᠣᠯᠠᠨ | ᠲᠦᠮᠡᠨ ᠳᠤ ᠴᠢᠭᠯᠡᠭᠦᠯᠦᠨ᠂ ᠬᠡᠷ ᠲᠤᠨᠢ ᠬᠦᠷᠴᠦ ᠦᠢᠯᠡᠴᠢᠯᠡᠬᠦ᠂ ᠤᠷᠢᠳᠴᠢᠯᠠᠨ ᠪᠣᠯᠵᠣᠵᠤ ᠦᠢᠯᠡᠴᠢᠯᠡᠬᠦ ᠪᠠ ᠴᠠᠭ ᠢ | ᠤᠷᠲᠤᠳᠬᠠᠬᠤ ᠦᠢᠯᠡᠴᠢᠯᠡᠭᠡ ᠶᠢ ᠬᠡᠷᠡᠭᠵᠢᠬᠦᠯᠵᠡᠢ᠃ | ︽ᠬᠠᠪᠰᠤᠷᠴᠦ ᠤᠷᠤᠯᠠᠵᠦ ᠭᠦᠢᠴᠡᠳᠭᠡᠬᠦ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ | ᠰᠢᠯᠢᠳᠡᠭᠵᠢᠭᠦᠯᠦᠨ ᠳᠡᠭᠡᠭᠰᠢᠯᠡᠭᠦᠯᠬᠦ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠡᠵᠡᠩᠨᠡᠯᠳᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠠᠵᠤ ᠠᠬᠤᠶᠢᠯᠠᠯ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ | ᠪᠤᠯᠭᠠᠨ᠂ ᠴᠢᠨᠠᠷ ᠰᠠᠶᠢᠲᠠᠢ ᠦᠢᠯᠡᠴᠢᠯᠡᠭᠡᠨ ᠤ ᠬᠦᠴᠦᠨ ᠢ ᠨᠡᠶᠢᠳᠭᠡᠵᠦ᠂ ︿ᠪᠦᠷᠢᠨ ᠮᠡᠷᠬᠡᠵᠢᠯ ᠤᠨ ᠬᠡᠯᠪᠡᠷᠢ﹀ ᠶᠢᠨ | ᠦᠢᠯᠡᠴᠢᠯᠡᠭᠡᠨ ᠤ ᠠᠵᠢᠯᠳᠠᠨ ᠤ ᠲᠤᠰᠬᠠᠶᠢᠵᠢᠭᠰᠠᠨ ᠡᠩᠨᠡᠭᠡ ᠶᠢ ᠪᠠᠶᠢᠭᠤᠯᠬᠤ ᠪᠠᠷ ᠳᠠᠮᠵᠢᠭᠤᠯᠤᠨ᠂ ᠠᠵᠤ ᠠᠬᠤᠶᠢᠯᠠᠯ | ᠤᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠣᠶᠢᠯᠠᠭᠠᠯᠲᠠ ᠶᠢ ᠬᠦᠨᠵᠡᠬᠡᠶᠢᠷᠡᠬᠦᠯᠪᠡ︾ ᠭᠡᠵᠦ ᠡᠵᠡᠨ᠎ᠡ | ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠯᠢ ᠲᠢᠩ ᠶᠠᠷᠢᠯ᠎ᠠ᠃ | ᠣᠲᠣ ᠪᠣᠯᠲᠠᠯ᠎ᠠ᠂ ︽ᠠᠯᠳᠠᠨ ᠳᠤᠤᠷᠠᠢ ᠬᠠᠪᠰᠤᠷᠴᠦ ᠤᠷᠤᠯᠠᠵᠦ ᠭᠦᠢᠴᠡᠳᠭᠡᠬᠦ ᠦᠢᠯᠡᠴᠢᠯᠡᠭᠡᠨ ᠤ ᠠᠩᠭᠢ︾ | ᠨᠢ ᠨᠡᠶᠢᠲᠡ 3822 ᠬᠤᠪᠢ ᠬᠡᠷᠡᠭ ᠶᠠᠪᠤᠳᠠᠯ ᠢ ᠭᠦᠢᠴᠡᠳᠭᠡᠨ ᠦᠭᠴᠤ᠂ ᠠᠵᠤ ᠠᠬᠤᠶᠢᠯᠠᠯ ᠤᠨ 1930 ᠬᠡᠷᠡᠭ | ᠶᠠᠪᠤᠳᠠᠯ ᠢ ᠬᠦᠢᠴᠡᠳᠭᠡᠵᠦ᠂ ᠣᠨᠴᠠᠭᠠᠶ ᠴᠤᠭᠴᠠ ᠳᠤ ︽ᠰᠠᠭᠠᠳ ᠥᠬᠡᠶ ᠨᠡᠪᠲᠡᠷᠡᠬᠦ ᠵᠠᠮ︾ ᠢᠶᠠᠷ 326 ᠬᠥᠮᠦᠨ | ᠤᠳᠠᠭ᠎ᠠ ᠶᠢ ᠬᠠᠪᠰᠤᠷᠴᠦ ᠤᠷᠤᠯᠠᠵᠦ ᠬᠦᠢᠴᠡᠳᠭᠡᠭᠰᠡᠨ ᠪᠦᠬᠡᠳ ᠬᠡᠷ ᠲᠤᠨᠢ ᠬᠦᠷᠴᠦ ᠬᠠᠪᠰᠤᠷᠴᠦ ᠤᠷᠤᠯᠠᠵᠦ | ᠬᠦᠢᠴᠡᠳᠭᠡᠬᠦ ᠦᠢᠯᠡᠴᠢᠯᠡᠭᠡ 6 ᠤᠳᠠᠭ᠎ᠠ᠂ ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠭᠰᠡᠨ ᠵᠦᠢᠯ | 20 ᠬᠤᠪᠢ᠂ ᠰᠦᠢᠳᠭᠡᠯ ᠬᠤᠷᠢᠶᠠᠬᠤ ᠥᠬᠡᠶ ᠪᠠᠷ ᠳᠠᠷᠤᠮᠠᠯᠯᠠᠬᠤ ᠦᠢᠯᠡᠴᠢᠯᠡᠭᠡ 20863 ᠬᠤᠪᠢ᠂ ᠵᠥᠪᠯᠡᠯᠭᠡ | ᠥᠭᠴᠦ ᠬᠥᠲᠥᠯᠥᠨ ᠵᠢᠯᠣᠭᠤᠳᠬᠤ ᠦᠢᠯᠡᠴᠢᠯᠡᠭᠡ 17220 ᠤᠳᠠᠭ᠎ᠠ᠂ ᠴᠠᠭ ᠢ ᠤᠷᠳᠤᠳᠬᠠᠭᠰᠠᠨ ᠦᠢᠯᠡᠴᠢᠯᠡᠭᠡ | 562 ᠤᠳᠠᠭ᠎ᠠ ᠬᠠᠩᠭᠠᠵᠡᠢ᠃ |