ᠡᠨᠡ ᠵᠢᠯ ᠠᠴᠠ ᠨᠠᠭᠠᠰᠢ ᠠᠯᠠᠱᠠ ᠪᠠᠷᠠᠭᠤᠨ ᠬᠤᠰᠢᠭᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ | ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ | ᠭᠡᠯᠪᠡᠷᠢ᠂ ᠰᠢᠨ᠎ᠡ ᠵᠠᠭᠪᠤᠷ ᠤᠨ ᠲᠠᠯ᠎ᠠ ᠪᠠᠷ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠲᠠᠰ ᠳᠡᠪᠰᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠪᠠ᠃ 2024 ᠣᠨ ᠤ1-10ᠰᠠᠷ᠎ᠠ ᠪᠤᠯᠳᠠᠯ᠎ᠠ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠢ ᠦᠢᠯᠡᠳᠬᠦᠨ ᠤ ᠥᠷᠲᠡᠭ ᠢ 70. | 81ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 205.83% ᠪᠠᠷ ᠨᠡᠮᠡᠭᠳᠡᠪᠡ᠃ | ᠡᠨᠡ ᠵᠢᠯ᠂ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ ᠪᠠᠶᠢᠭ᠎ᠠ ᠠᠯᠠᠱᠠ ᠪᠠᠷᠠᠭᠤᠨ ᠬᠤᠰᠢᠭᠤᠨ ᠤ ᠵᠢᠩ | ᠰᠢᠨ ᠲᠠᠩᠰᠤᠬᠪᠤᠯᠠᠭ ᠤᠨ 40 ᠲᠦᠮᠡᠨ ᠺᠢᠯᠣᠸᠠᠲ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠭᠡᠷᠡᠯᠴᠢ ᠴᠡᠨᠡᠭ ᠤᠨ ᠲᠥᠷᠥᠯ ᠵᠦᠢᠯ ᠪᠣᠯ ᠶᠤᠸᠠᠨ ᠵᠢᠩ ᠥᠪᠥᠷ ᠮᠣᠩᠭᠤᠯ ᠤᠨ ᠰᠢᠨ᠎ᠡ ᠪᠦᠯᠦᠭᠯᠡᠯ ᠤᠨ ᠠᠯᠠᠱᠠ | ᠠᠶᠢᠮᠠᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ | ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠯᠠᠱᠠ ᠪᠠᠷᠠᠭᠤᠨ ᠬᠤᠰᠢᠭᠤᠨ ᠤ ᠣᠷᠣᠨ ᠪᠦᠰᠡ ᠶᠢᠨ | ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠪᠣᠯᠣᠨ᠎ᠠ᠂ ᠲᠥᠯᠥᠪᠯᠡᠭᠰᠡᠨ ᠢᠶᠠᠷ ᠬᠤᠶᠠᠷ ᠬᠤᠭᠤᠴᠠᠭ᠎ᠠ ᠬᠤᠪᠢᠶᠠᠨ | ᠬᠡᠷᠡᠭᠵᠢᠭᠦᠯᠵᠦ᠂ ᠶᠡᠷᠦᠩᠬᠡᠢ ᠪᠠᠭᠲᠠᠭᠠᠮᠵᠢ ᠨᠢ 114.5 ᠲᠦᠮᠡᠨ ᠺᠢᠯᠣᠸᠠᠲ ᠲᠤ ᠬᠦᠷᠴᠦ᠂ ᠲᠣᠰ ᠬᠤᠭᠤᠴᠠᠭᠠᠨ ᠳᠤ | ᠭᠡᠷᠡᠯᠴᠢ ᠴᠡᠨᠡᠭ ᠢ 40 ᠲᠦᠮᠡᠨ ᠺᠢᠯᠣᠸᠠᠲ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠠᠯᠠᠪᠠᠶ ᠶᠢ 4.8 | ᠲᠦᠮᠡᠨ ᠮᠦ ᠪᠠᠶᠢᠷᠢᠯᠠᠭᠤᠯᠤᠨ᠎ᠠ᠃ ᠲᠣᠰ ᠲᠥᠷᠥᠯ ᠵᠦᠢᠯ ᠳᠤ 14.12 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂2025 ᠣᠨ ᠤ ᠡᠴᠦᠰ ᠠᠴᠠ ᠡᠮᠦᠨ᠎ᠡ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠪᠠᠷ | ᠲᠥᠯᠥᠪᠯᠡᠵᠦ ᠪᠤᠶ᠃ | ᠠᠯᠠᠱᠠ ᠪᠠᠷᠠᠭᠤᠨ ᠬᠤᠰᠢᠭᠤᠨ ᠤ ᠲᠠᠩᠰᠤᠬᠪᠤᠯᠠᠭ ᠰᠤᠮᠤ ᠶᠢᠨ ᠨᠠᠮ ᠤᠨ ᠬᠤᠷᠢᠶᠠᠨ ᠤ ᠱᠦᠵᠢ ᠰᠢᠦᠢ ᠵᠢᠶᠦ᠋ᠨ | ᠲᠠᠨᠢᠯᠴᠠᠭᠤᠯᠬᠤ ᠳᠠᠭᠠᠨ᠂ ᠲᠣᠰ ᠲᠥᠷᠥᠯ ᠵᠦᠢᠯ ᠨᠢ ᠠᠯᠠᠱᠠ ᠨᠤᠲᠤᠭ ᠤᠨ ᠡᠯᠪᠡᠭ ᠪᠠᠶᠠᠯᠢᠭ ᠰᠢᠨ᠎ᠡ ᠡᠨᠧᠷᠭᠢ ᠶᠢᠨ | ᠡᠬᠢ ᠪᠠᠶᠠᠯᠢᠭ ᠲᠤ ᠲᠦᠰᠢᠭᠯᠡᠨ᠂ ᠰᠠᠯᠬᠢ ᠭᠡᠷᠡᠯ ᠤᠨ ᠡᠨᠧᠷᠭᠢ ᠪᠠᠷ ᠡᠯᠡᠰᠦ ᠶᠢ ᠵᠠᠰᠠᠬᠤ ᠬᠠᠮᠲᠤᠷᠠᠭᠰᠠᠨ | ᠠᠵᠢᠯᠯᠠᠭᠠᠨ ᠤ ᠵᠠᠭᠪᠤᠷ ᠢ ᠬᠠᠶᠢᠨ ᠰᠦᠪᠡᠭᠴᠢᠯᠡᠵᠦ᠂ ᠬᠠᠷᠢᠯᠴᠠᠨ ᠲᠦᠰᠢᠭᠯᠡᠯᠴᠡᠵᠦ᠂ ᠬᠠᠷᠢᠯᠴᠠᠨ ᠠᠬᠢᠭᠤᠯᠵᠤ ᠪᠠᠶᠢᠨ᠎ᠠ | ᠭᠡᠪᠡ᠃ | ᠡᠨᠡ ᠵᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠲᠠᠭᠠᠨ | ᠰᠠᠭᠤᠷᠢᠯᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠨ᠂ ᠣᠳᠣᠬᠠᠨ ᠳᠤ ᠨᠢᠭᠡᠨᠲᠡ 9 ᠰᠢᠨ᠎ᠡ ᠡᠨᠧᠷᠭᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ | ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ68.7 ᠲᠦᠮᠡᠨ ᠺᠢᠯᠣᠸᠠᠲ ᠲᠤ ᠬᠦᠷᠴᠡᠢ᠃ | ᠥᠪᠥᠷ ᠮᠣᠩᠭᠤᠯ ᠤᠨ ᠶᠠᠪᠠᠷᠠᠢ ᠳᠠᠪᠤᠰᠤ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ | ᠺᠤᠮᠫᠠᠨᠢ ᠶᠢᠨ ᠢᠳᠡᠰᠢᠨ ᠳᠠᠪᠤᠰᠤ ᠦᠢᠯᠡᠳᠪᠦᠷᠢᠯᠡᠬᠦ ᠲᠠᠰᠤᠭ ᠲᠤ᠂ ᠠᠦ᠋ᠲ᠋ᠣᠴᠢᠯᠠᠭᠰᠠᠨ ᠵᠢᠵᠢᠭ ᠪᠣᠭᠤᠳᠠᠯ ᠪᠠᠭᠯᠠᠭ᠎ᠠ | ᠦᠢᠯᠡᠳᠪᠦᠷᠢᠯᠡᠬᠦ ᠱᠤᠭᠤᠮ ᠶᠠᠭ ᠲᠦᠷᠭᠡᠨ ᠬᠤᠷᠳᠤᠴᠠ ᠪᠠᠷ ᠠᠵᠢᠯᠯᠠᠵᠤ ᠪᠠᠶᠢᠪᠠ᠃ ᠠᠵᠤ ᠠᠬᠤᠶᠢᠯᠠᠯ ᠳᠤ ᠣᠳᠣ | ᠠᠵᠤ ᠦᠢᠯᠡᠳᠪᠦᠷᠢ ᠶᠢᠨ ᠳᠠᠪᠤᠰᠤ᠂ ᠨᠠᠷᠢᠯᠢᠭ ᠳᠠᠪᠤᠰᠤ᠂ ᠪᠣᠷᠳᠣᠭᠠᠨ ᠤ ᠨᠡᠮᠡᠯᠲᠡ ᠡᠳ᠋᠂ ᠮᠠᠯ ᠠᠵᠤ ᠠᠬᠤᠢ ᠶᠢᠨ | ᠳᠠᠪᠤᠰᠤᠨ ᠨᠤᠨᠳᠠᠭ ᠵᠡᠷᠭᠡ10 ᠭᠠᠷᠤᠢ ᠵᠦᠢᠯ ᠤᠨ ᠳᠠᠪᠤᠰᠤᠨ ᠦᠢᠯᠡᠳᠬᠦᠨ ᠲᠠᠢ᠂ ᠡᠭᠦᠨ ᠢ ᠪᠠᠨ ᠣᠷᠣᠨ ᠤ | ᠳᠣᠲᠣᠨ᠎ᠠ ᠭᠠᠳᠠᠨ᠎ᠠ ᠪᠣᠷᠣᠯᠠᠭᠤᠯᠵᠤ ᠪᠠᠶᠢᠨ᠎ᠠ᠃ ᠣᠶᠢᠷ᠎ᠠ ᠶᠢᠨ ᠵᠢᠯ ᠳᠤ᠂ ᠥᠪᠥᠷ ᠮᠣᠩᠭᠤᠯ ᠤᠨ ᠶᠠᠪᠠᠷᠠᠢ ᠳᠠᠪᠤᠰᠤ | ᠬᠢᠮᠢ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ︽ᠦᠢᠯᠡᠳᠬᠦᠨ ᠤ ᠪᠦᠲᠦᠴᠡ ᠣᠯᠠᠨ ᠡᠰᠢᠵᠢᠬᠦ᠂ ᠠᠵᠤ ᠦᠢᠯᠡᠰ ᠤᠨ | ᠬᠡᠯᠬᠢᠶ᠎ᠡ ᠲᠡᠭᠦᠯᠳᠡᠷᠵᠢᠬᠦ᠂ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠭᠦ︾ ᠡᠵᠡᠩᠨᠡᠯᠲᠡ ᠶᠢᠨ ᠵᠠᠭᠪᠤᠷ ᠢ | ᠢᠳᠡᠪᠬᠢᠲᠡᠢ ᠰᠦᠪᠡᠭᠴᠢᠯᠡᠵᠦ᠂ ᠴᠢᠨᠠᠷ ᠰᠠᠶᠢᠲᠠᠢ ᠠᠵᠤ ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠴᠢᠩᠭᠠᠳᠬᠠᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠵᠢᠯᠴᠠᠨ | ᠬᠥᠭᠵᠢᠬᠦ ᠶᠢ ᠪᠡᠶᠡᠯᠡᠭᠦᠯᠪᠡ᠃ | ᠣᠶᠢᠷ᠎ᠠ ᠶᠢᠨ ᠵᠢᠯ ᠠᠴᠠ ᠨᠠᠭᠠᠰᠢ᠂ ᠠᠯᠠᠱᠠ ᠪᠠᠷᠠᠭᠤᠨ ᠬᠤᠰᠢᠭᠤ ᠶᠠᠪᠠᠷᠠᠢ ᠠᠵᠤ ᠦᠢᠯᠡᠳᠪᠦᠷᠢ ᠶᠢᠨ | ᠲᠥᠪᠯᠡᠷᠡᠯ ᠤᠨ ᠣᠷᠣᠨ ᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠵᠤ᠂ ᠪᠦᠸᠧ ᠶᠤᠸᠠᠨ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ | ᠬᠦᠴᠦᠨ ᠢᠶᠠᠷ ᠢᠶᠠᠨ ᠠᠬᠢᠭᠤᠯᠤᠨ᠂ ᠪᠠᠶᠢᠭᠠᠯᠢ ᠶᠢᠨ ᠬᠤᠵᠢᠷ ᠤᠨ ᠢᠵᠢ ᠪᠦᠷᠢᠳᠦᠭᠰᠡᠨ ᠠᠵᠤ ᠦᠢᠯᠡᠰ ᠪᠣᠯᠣᠨ | ᠳᠤᠮᠳᠠ ᠳᠣᠣᠷᠠᠳᠤ ᠤᠷᠤᠰᠬᠠᠯ ᠤᠨ ᠠᠵᠤ ᠦᠢᠯᠡᠰ ᠢ ᠣᠷᠣᠭᠤᠯᠤᠨ ᠠᠪᠴᠢᠷᠠᠵᠤ᠂ ᠴᠡᠪᠡᠷ ᠬᠤᠵᠢᠷ ᠤᠨ ᠠᠵᠤ | ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠪᠠ᠃ ᠡᠭᠦᠨ ᠤ ᠬᠠᠮᠲᠤ᠂ ᠰᠢᠨ᠎ᠡ ᠡᠨᠧᠷᠭᠢ ᠶᠢᠨ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠪᠦᠭᠦ ᠲᠠᠯ᠎ᠠ ᠪᠠᠷ ᠲᠥᠯᠥᠪᠵᠢᠭᠦᠯᠵᠦ᠂ ᠣᠷᠣᠨ ᠪᠦᠰᠡ ᠠᠯᠤᠰᠯᠠᠭᠰᠠᠨ ᠰᠢᠨ᠎ᠡ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠰᠦᠪᠡᠭᠴᠢᠯᠡᠨ᠂ ᠰᠢᠨ᠎ᠡ | ᠡᠨᠧᠷᠭᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ | ᠲᠦᠷᠭᠡᠳᠬᠡᠵᠦ᠂ ᠪᠠᠶᠢᠭᠠᠯᠢ ᠶᠢᠨ ᠬᠤᠵᠢᠷ᠂ ᠰᠢᠨ᠎ᠡ ᠡᠨᠧᠷᠭᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠪᠠᠷ ᠭᠤᠣᠯ | ᠪᠤᠯᠭᠠᠬᠰᠠᠨ ᠠᠵᠤ ᠦᠢᠯᠡᠳᠪᠦᠷᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠠᠵᠤ | ᠦᠢᠯᠡᠳᠪᠦᠷᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠦᠷᠭᠡᠳᠬᠡᠨ᠂ ᠠᠵᠤ ᠠᠬᠤᠢ ᠶᠢᠨ ᠦᠷ᠎ᠡ | ᠠᠰᠢᠭ ᠢ ᠪᠦᠭᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ | ᠠᠯᠠᠱᠠ ᠪᠠᠷᠠᠭᠤᠨ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠬᠤᠳᠠᠯᠳᠤᠭᠠᠨ ᠤ | ᠶᠠᠪᠤᠳᠠᠯ ᠤᠨ ᠲᠣᠪᠴᠢᠶᠠᠨ ᠤ ᠳᠠᠷᠤᠭ᠎ᠠ ᠸᠴᠢᠷ᠂ ᠬᠥᠭᠵᠢᠯᠲᠡ ᠶᠢᠨ ᠠᠵᠠ ᠲᠣᠭᠢᠶᠠᠯ ᠢ ᠪᠠᠲᠤ ᠡᠵᠡᠮᠳᠡᠵᠦ᠂ | ᠪᠠᠶᠢᠭᠠᠯᠢ ᠶᠢᠨ ᠬᠤᠵᠢᠷ ᠢ ᠨᠡᠭᠡᠭᠡᠨ ᠠᠰᠢᠭᠯᠠᠬᠤ ᠲᠥᠷᠥᠯ ᠵᠦᠢᠯ ᠢ ᠪᠦᠭᠦ ᠲᠠᠯ᠎ᠠ ᠪᠠᠷ ᠦᠢᠯᠡᠳᠪᠦᠷᠢᠯᠡᠬᠦ ᠪᠠ ᠦᠷ᠎ᠡ | ᠪᠦᠲᠦᠮᠵᠢ ᠣᠯᠬᠤ ᠶᠢ ᠦᠷᠭᠦᠯᠵᠢᠯᠡᠨ ᠠᠬᠢᠭᠤᠯᠤᠨ᠂ ᠶᠠᠪᠠᠷᠠᠢ ᠶᠢᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ | ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ | ᠳᠤᠮᠳᠠᠬᠢ ᠠᠰᠠᠭᠤᠳᠠᠯ ᠢ ᠴᠢᠩᠭ᠎ᠠ ᠠᠩᠬᠠᠷᠴᠤ᠂ ᠡᠯ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠲᠠᠭᠤᠨ | ᠡᠷᠭᠢᠯᠲᠡ ᠶᠢ ᠪᠦᠭᠦ ᠬᠦᠴᠦᠨ ᠢᠶᠠᠷ ᠪᠠᠲᠤᠯᠠᠨ᠂ ᠠᠯᠠᠱᠠ ᠪᠠᠷᠠᠭᠤᠨ ᠬᠤᠰᠢᠭᠤᠨ ᠤ ᠠᠵᠤ ᠦᠢᠯᠡᠳᠪᠦᠷᠢ ᠶᠢᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ ᠭᠡᠵᠦ ᠪᠠᠶᠢᠪᠠ᠃ | |