ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠪᠦᠭᠦ ᠤᠯᠤᠰ ᠤᠨ ᠬᠠᠩᠭᠠᠨ ᠪᠣᠷᠣᠯᠠᠭᠤᠯᠬᠤ  ᠬᠤᠷᠰᠢᠶ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ ᠶᠢᠨ ᠢᠷᠠᠭᠤ ᠠᠯᠳᠠᠷ ᠢ ᠭᠦᠷᠲᠡᠪᠡ
ᠨᠡᠶᠢᠲᠡᠯᠡᠭᠰᠡᠨ ᠴᠠᠭ᠄
2024/12/5
    ᠣᠶᠢᠷ᠎ᠠ ᠶᠢᠨ ᠡᠳᠦᠷ᠂ ᠪᠦᠭᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠠᠴᠠ ᠪᠠᠶᠠᠷ ᠤᠨ ᠮᠡᠳᠡᠭᠡ ᠤᠯᠠᠮᠵᠢᠯᠠᠭᠳᠠᠨ᠂ ᠡᠵᠡᠨ᠎ᠡ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠨᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ᠂ ᠳᠤᠮᠳᠠᠳᠤ ᠶᠢᠨ ᠪᠦᠭᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠢ ᠬᠤᠷᠰᠢᠶ᠎ᠠ ᠶᠢᠨ ︽ᠪᠦᠭᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ ᠲᠡᠷᠢᠭᠦᠨ ᠤ ᠬᠠᠮᠲᠤ︾ ᠪᠠᠷ ᠬᠥᠬᠢᠭᠦᠯᠦᠭᠳᠡᠪᠡ᠃    ᠣᠶᠢᠷ᠎ᠠ ᠶᠢᠨ ᠵᠢᠯ ᠤᠳ ᠲᠤ᠂ ᠲᠤᠰ ᠬᠤᠷᠰᠢᠶ᠎ᠠ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠥᠳᠡᠭᠡ ᠠᠵᠤ ᠠᠬᠤᠢ ᠶᠢ ᠬᠥᠭᠵᠢᠭᠦᠯᠬᠦ ᠡᠭᠦᠷᠭᠡᠯᠡᠯ ᠢ ᠳᠣᠪᠤᠶᠢᠯᠭᠠᠵᠤ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠭᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠡᠷᠡᠭᠰᠡᠯ ᠢ ᠨᠥᠭᠡᠴᠡᠯᠡᠨ ᠪᠣᠷᠣᠯᠠᠭᠤᠯᠬᠤ᠂ ᠰᠦᠯᠵᠢᠶᠡᠨ ᠤ ᠰᠢᠰᠲ᠋ᠧᠮ ᠤᠨ ᠪᠠᠶᠢᠭᠤᠯᠤᠯᠲᠠ᠂ ᠠᠵᠢᠯ ᠲᠥᠷᠥᠯ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠦᠢᠯᠡᠴᠢᠯᠡᠭᠡᠨ ᠤ ᠦᠢᠯᠡᠰ ᠤᠨ ᠭᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠤᠷᠢᠳ ᠬᠤᠵᠢᠳ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ 7᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠷᠢᠶ᠎ᠠ ᠠᠵᠤ ᠠᠬᠤᠶᠢᠯᠠᠯ 2᠂ ᠬᠤᠷᠰᠢᠶ᠎ᠠ 6 ᠶᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ 2 ᠢ ᠡᠭᠦᠳᠦᠨ ᠪᠠᠶᠢᠭᠤᠯᠪᠠ᠃ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 7 ᠶᠢ ᠪᠠᠶᠢᠭᠤᠯᠤᠨ᠂ ᠲᠤᠰᠬᠠᠢ ᠠᠵᠢᠯ ᠤᠨ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ 1 ᠶᠢ ᠳᠠᠭᠠᠭᠤᠯᠤᠨ ᠡᠷᠭᠢᠯᠡᠵᠦ᠂ ᠣᠷᠣᠨ ᠤ ᠬᠤᠷᠰᠢᠶ᠎ᠠ ᠶᠢᠨ ᠲᠠᠰ ᠠᠴᠠ ᠳᠡᠭᠡᠭᠰᠢᠬᠢ ᠮᠠᠯᠴᠢᠨ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠵᠢᠱᠢᠶ᠎ᠡ ᠦᠵᠡᠭᠦᠯᠭᠦ ᠬᠤᠷᠰᠢᠶ᠎ᠠ 5᠂ ᠲᠠᠪᠤᠨ ᠣᠳᠣᠨ ᠲᠠᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠤᠷᠰᠢᠶ᠎ᠠ 3 ᠶᠢ ᠡᠭᠦᠳᠦᠨ ᠪᠠᠶᠢᠭᠤᠯᠵᠠᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠢ 6 ᠡᠭᠦᠳᠴᠦ᠂ ︽ᠠᠯᠠᠱᠠ ᠪᠡᠯᠡᠭ︾ ᠢᠶᠠᠷ ᠭᠤᠣᠯ ᠰᠡᠳᠦᠪ ᠪᠣᠯᠭᠠᠨ ᠦᠵᠡᠭᠦᠯᠭᠡ ᠳᠡᠯᠭᠡᠨ᠂ ᠦᠵᠡᠰᠭᠦᠯᠡᠩ ᠴᠤᠭᠯᠠᠭᠠᠨ ᠤ ᠬᠤᠭᠤᠴᠠᠭᠠᠨ ᠳᠤ ᠨᠡᠶᠢᠲᠡ 350 ᠲᠦᠮᠡᠨ ᠲᠥᠭᠦᠷᠢᠭ ᠤᠨ ᠪᠣᠷᠤᠯᠠᠭᠤᠯᠭ᠎ᠠ ᠶᠢᠨ ᠨᠣᠷᠮ᠎ᠠ ᠶᠢ ᠪᠡᠶᠡᠯᠡᠭᠦᠯᠦᠨ᠂ 7 ᠠᠵᠤ ᠠᠬᠤᠶᠢᠯᠠᠯ ᠲᠠᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃    ᠪᠦᠭᠦ ᠬᠤᠰᠢᠭᠤᠨ ᠤ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠭᠠᠩ ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠶᠢ ᠲᠠᠨᠢᠯᠴᠠᠭᠤᠯᠬᠤ ᠬᠤᠷᠠᠯ ᠬᠤᠷᠠᠯᠳᠤᠭᠤᠯᠵᠤ᠂ ᠬᠤᠰᠢᠭᠤ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠡᠪᠡᠰᠦ ᠪᠣᠷᠳᠣᠭᠠᠨ ᠤ ᠵᠠᠬ᠎ᠠ ᠳᠡᠯᠭᠡᠭᠦᠷ ᠢ ᠨᠢᠭᠡᠳᠦᠯᠲᠡᠢ ᠲᠥᠯᠥᠪᠵᠢᠭᠦᠯᠦᠨ ᠬᠠᠮᠢᠶᠠᠷᠬᠤ ᠶᠢ ᠨᠡᠯᠢᠶᠡᠳ ᠰᠠᠶᠢᠨ ᠪᠡᠶᠡᠯᠡᠭᠦᠯᠪᠡ᠃ ᠣᠳᠣᠬᠠᠨ ᠪᠤᠯᠲᠠᠯ᠎ᠠ 2307 ᠲᠣᠨ ᠡᠪᠡᠰᠦ ᠪᠣᠷᠳᠤᠭ᠎ᠠ ᠪᠣᠷᠣᠯᠠᠭᠤᠯᠤᠨ᠂ 4200 ᠲᠣᠨ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠪᠣᠷᠣᠯᠠᠭᠤᠯᠤᠯᠲᠠ ᠶᠢᠨ ᠬᠡᠮᠵᠢᠶ᠎ᠡ 383 ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠤ 540 ᠲᠣᠨ ᠴᠠᠷᠭᠠᠰᠤ᠂ 32 ᠲᠣᠨ ᠡᠷᠳᠡᠨᠢ ᠰᠢᠰᠢ ᠶᠢᠨ ᠡᠰᠢ ᠰᠦᠷᠡᠯ ᠪᠣᠷᠣᠯᠠᠭᠤᠯᠬᠤ ᠳᠤ ᠬᠦᠴᠦᠨ ᠨᠡᠮᠡᠷᠢᠯᠡᠪᠡ᠃    ︽ᠲᠡᠷᠭᠡᠨ ᠬᠦᠷᠳᠦᠨ ᠳᠡᠭᠡᠷᠡᠬᠢ ᠬᠠᠩᠭᠠᠨ ᠪᠣᠷᠣᠯᠠᠭᠤᠯᠬᠤ ᠬᠤᠷᠰᠢᠶ᠎ᠠ︾ ᠶᠢᠨ ᠦᠢᠯᠡᠴᠢᠯᠡᠭᠡᠨ ᠤ ᠵᠠᠭᠪᠤᠷ ᠲᠤ ᠦᠷᠭᠦᠯᠵᠢᠯᠡᠨ ᠰᠢᠨ᠎ᠡ ᠶᠢ ᠡᠭᠦᠳᠦᠨ᠂ ᠵᠢᠯ ᠤᠨ ᠠᠶᠠᠯᠠᠯ ᠨᠢ ᠨᠡᠶᠢᠲᠡ 3.5 ᠲᠦᠮᠡᠨ ᠺᠢᠯᠣᠮᠧᠲᠷ ᠲᠤ ᠬᠦᠷᠴᠦ᠂ ᠪᠤᠶᠢᠳᠠ ᠪᠥᠭᠯᠡᠭᠦᠦ ᠰᠤᠮᠤ ᠪᠠᠯᠭᠠᠰᠤᠨ ᠤ ᠭᠠᠴᠠᠭ᠎ᠠ ᠲᠣᠰᠬᠤᠨ ᠤ ᠮᠠᠯᠵᠢᠬᠤ ᠲᠠᠷᠢᠶᠠᠯᠠᠬᠤ ᠡᠷᠦᠭᠡ ᠪᠣᠯᠣᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠪᠠᠶᠢᠭ᠎ᠠ ᠣᠯᠠᠨ ᠲᠦᠮᠡᠨ ᠳᠤ 47 ᠤᠳᠠᠭ᠎ᠠ ᠡᠳ᠋ ᠪᠠᠷᠠᠭ᠎ᠠ ᠲᠣᠬᠢᠷᠠᠭᠤᠯᠤᠨ ᠬᠦᠷᠭᠡᠵᠦ᠂ ᠵᠣᠭᠤᠰ ᠤᠨ ᠲᠤᠭ᠎ᠠ ᠨᠢ 82 ᠲᠦᠮᠡᠨ ᠲᠥᠭᠦᠷᠢᠭ ᠲᠤ ᠬᠦᠷᠴᠦ᠂ ᠲᠤᠬᠠᠢ ᠶᠢᠨ ᠭᠠᠵᠠᠷ ᠤᠨ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠪᠠᠶᠢᠭ᠎ᠠ ᠡᠷᠦᠭᠡ ᠪᠣᠯᠣᠨ ᠬᠢᠯᠢ ᠬᠢᠵᠠᠭᠠᠷ ᠣᠷᠣᠨ ᠤ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠲᠤᠶᠢᠯ ᠤᠨ ᠶᠡᠭᠡ ᠲᠥᠭᠦᠮ ᠦᠵᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号