ᠠᠯᠠᠱᠠ ᠠᠶᠢᠮᠠᠭ ᠤᠨ ᠵᠠᠬᠢᠷᠭ᠎ᠠ ᠳᠦᠷᠦ ᠶᠢᠨ ᠠᠵᠢᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/12/5
    12 ᠰᠠᠷ᠎ᠠ ᠶᠢᠨ 4 ᠤ ᠡᠳᠦᠷ ᠪᠣᠯ ᠠᠷᠪᠠᠨ ᠨᠢᠭᠡᠳᠡᠬᠢ ᠳᠦᠷᠦ ᠶᠢᠨ ᠦᠨᠳᠦᠰᠦᠨ ᠬᠠᠤᠯᠢ ᠶᠢᠨ ᠡᠳᠦᠷ ᠪᠣᠯᠤᠨ᠎ᠠ ᠂ ᠠᠶᠢᠮᠠᠭ ᠤᠨ ᠵᠠᠬᠢᠷᠭ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠪᠠᠢ ᠬᠠᠢ ᠯᠢᠨ᠂ ᠪᠦᠦ ᠶᠧ᠂ ᠯᠢᠦ ᠳ᠋ᠧ᠂ ᠯᠢᠦ ᠳ᠋ᠧ ᠼᠦᠢ ᠵᠡᠷᠭᠡ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠤᠨ ᠭᠡᠰᠢᠭᠦᠳ ᠲᠠᠩᠭᠠᠷᠢᠭᠯᠠᠬᠤ ᠳᠤ ᠣᠷᠣᠯᠴᠠᠪᠠ᠃ ᠠᠶᠢᠮᠠᠭ ᠤᠨ ᠳᠡᠳ᠋ ᠳᠠᠷᠤᠭ᠎ᠠ ᠯᠢᠦ ᠴᠥᠩ ᠰᠢᠶᠤᠤ ᠬᠤᠷᠠᠯ ᠢ ᠡᠷᠭᠢᠯᠡᠵᠦ᠂ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠯᠢ ᠵᠢᠶᠦ᠋ᠨ ᠣᠯᠠᠨ ᠢ ᠳᠠᠭᠠᠭᠤᠯᠣᠨ ᠲᠠᠩᠭᠠᠷᠢᠭᠯᠠᠪᠠ᠃
1.jpg
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠣᠯᠤᠨ ᠦᠨᠳᠦᠰᠦᠨ ᠬᠠᠤᠯᠢ ᠳᠤ ᠲᠠᠩᠭᠠᠷᠢᠭᠯᠠᠬᠤ ᠲᠦᠷᠢᠮ ᠢ ᠦᠨᠳᠦᠰᠦᠯᠡᠨ᠂ ᠠᠶᠢᠮᠠᠭ ᠤᠨ ᠵᠠᠬᠢᠷᠭ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠵᠠᠬᠢᠷᠭ᠎ᠠ ᠶᠢᠨ ᠪᠦᠷᠢᠯᠳᠦᠬᠦᠨ ᠰᠠᠯᠠᠭ᠎ᠠ ᠮᠥᠴᠢᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯᠤᠨ 2023 ᠣᠨ ᠤ 12 ᠰᠠᠷ᠎ᠠ ᠠᠴᠠ ᠨᠠᠰᠢ ᠠᠶᠢᠮᠠᠭ ᠤᠨ ᠵᠠᠬᠢᠷᠭ᠎ᠠ ᠠᠴᠠ ᠲᠣᠮᠢᠯᠠᠭᠰᠠᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠲᠤᠰᠢᠶᠠᠯ ᠡᠭᠦᠷᠭᠡᠯᠡᠭᠰᠡᠨ ᠲᠥᠷᠥ ᠶᠢᠨ ᠠᠵᠢᠯᠲᠠᠨ ᠬᠠᠤᠯᠢ ᠶᠣᠰᠣᠭᠠᠷ ᠦᠨᠳᠦᠰᠦᠨ ᠬᠠᠤᠯᠢ ᠳᠤ ᠲᠠᠩᠭᠠᠷᠢᠭᠯᠠᠪᠠ᠃     ᠲᠠᠩᠭᠠᠷᠢᠭᠯᠠᠬᠤ ᠶᠣᠰᠣᠯᠠᠯ ᠤᠨ ᠲᠤᠬᠠᠢ ᠶᠢᠨ ᠲᠠᠯᠠᠪᠠᠢ ᠰᠦᠷ ᠵᠢᠪᠬᠤᠯᠠᠩᠲᠠᠢ ᠪᠠᠶᠢᠯ᠎ᠠ᠃ ᠪᠦᠭᠦᠳᠡᠭᠡᠷ ᠢᠶᠠᠨ ᠲᠥᠪ ᠵᠣᠭᠰᠣᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠪᠠ᠃ ᠳᠠᠷᠠᠭ᠎ᠠ ᠨᠢ᠂ ᠲᠠᠭᠠᠭᠤᠯᠤᠨ ᠲᠠᠩᠭᠠᠷᠢᠬᠯᠠᠬᠴᠢ ᠦᠨᠳᠤᠰᠤᠨ ᠬᠠᠤᠯᠢ ᠳᠤ ᠬᠠᠨᠳᠣᠵᠦ᠂ ᠣᠯᠠᠨ ᠢ ᠳᠠᠭᠠᠭᠤᠯᠣᠨ ᠳᠠᠩᠭᠠᠷᠢᠭᠯᠠᠵᠦ᠂ ᠪᠤᠰᠤᠳ ᠲᠠᠩᠭᠠᠷᠢᠬᠯᠠᠬᠴᠢᠳ ᠵᠢᠭᠰᠠᠵᠦ᠂ ᠲᠠᠭᠠᠨ ᠳᠠᠩᠭᠠᠷᠢᠭᠯᠠᠪᠠ᠃     ᠡᠷᠭᠦᠭᠰᠡᠨ ᠲᠠᠩᠭᠠᠷᠢᠭ ᠠᠴᠠ ᠪᠠᠨ ᠨᠢᠴᠣᠬᠤ ᠦᠭᠡᠢ ᠪᠠᠶᠢᠵᠦ᠂ ᠨᠠᠨᠳᠢᠨ ᠬᠠᠷᠢᠭᠤᠴᠠᠯᠭ᠎ᠠ ᠪᠠᠨ ᠡᠭᠦᠷᠭᠡᠯᠡᠨ᠎ᠡ᠃ ᠤᠯᠠᠨ ᠢᠶᠠᠷ ᠢᠶᠠᠨ᠂ ᠡᠨᠡ ᠬᠦ ᠲᠥᠪ ᠴᠢᠩᠭ᠎ᠠ ᠴᠠᠭ ᠮᠥᠴᠡ ᠶᠢ ᠪᠠᠲᠤ ᠴᠡᠭᠡᠵᠢᠯᠡᠵᠦ᠂ ᠲᠠᠩᠭᠠᠷᠢᠭ ᠢᠶᠠᠨ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠯᠠᠱᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃     ᠠᠯᠠᠱᠠ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ ᠵᠣᠣ ᠲᠢᠶᠠᠨ ᠶᠤᠸᠠᠨ᠄ ︽ᠦᠨᠳᠦᠰᠦᠨ ᠬᠠᠤᠯᠢ ᠳᠤ ᠲᠠᠩᠭᠠᠷᠢᠭᠯᠠᠬᠤ ᠪᠠᠷ ᠳᠡᠮᠵᠢᠨ᠂ ᠪᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠳᠠᠬᠢᠨᠲᠠ ᠭᠥᠷᠳᠡᠪᠡ᠃ ᠪᠢ ᠦᠨᠳᠦᠰᠦᠨ ᠬᠠᠤᠯᠢ ᠶᠢᠨ ᠡᠷᠬᠡ ᠰᠦᠷ ᠢ ᠢᠮᠠᠭᠲᠠ ᠬᠠᠮᠠᠭᠠᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠯᠠᠪᠳᠠᠭᠤᠨ ᠪᠠᠲᠤᠲᠠᠢ ᠴᠢᠷᠮᠠᠶᠢᠨ ᠠᠵᠢᠯᠯᠠᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠲᠤᠬᠢᠷᠠᠭᠤᠯᠤᠯᠳᠠ ᠪᠠᠶᠢᠷᠢᠯᠠᠭᠤᠯᠤᠯᠲᠠ ᠶᠣᠰᠣᠭᠠᠷ᠂ ᠪᠦᠬᠦ ᠤᠯᠤᠰ ᠤᠨ ᠴᠢᠬᠤᠯᠠ ᠤᠳᠤ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠢ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠦᠷᠢᠶᠡᠯᠡᠩ ᠲᠣᠭᠤᠷᠢᠭ ᠪᠣᠯᠤᠨ ᠠᠵᠤ ᠦᠢᠯᠡᠰ ᠤᠨ ᠲᠡᠰ ᠳᠡᠪᠰᠢᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠳᠡᠭᠡᠳᠦ ᠳᠡᠰᠴᠢᠯᠡᠭᠰᠡᠨ ᠂ ᠤᠶᠤᠨᠴᠢᠯᠠᠭᠰᠠᠨ᠂ ᠪᠣᠬᠢᠷᠲᠤᠯ ᠦᠭᠡᠢ ᠴᠢᠭᠯᠡᠯ ᠢᠶᠠᠷ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ︾ ᠭᠡᠪᠡ᠃    ᠠᠯᠠᠱᠠ ᠠᠶᠢᠮᠠᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠵᠠᠩ ᠯᠦᠩ᠂ ᠦᠨᠳᠦᠰᠦᠨ ᠬᠠᠤᠯᠢ ᠳᠤ ᠲᠠᠩᠭᠠᠷᠢᠭᠯᠠᠬᠤ ᠪᠠᠷ ᠰᠢᠨ᠎ᠡ ᠭᠠᠷᠤᠭ᠎ᠠ ᠪᠣᠯᠭᠠᠵᠤ᠂ ᠦᠪᠡᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠶᠡᠷᠦᠩᠬᠡᠶᠢᠯᠡᠭᠰᠡᠨ ᠬᠡᠪ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠰᠤᠳᠤᠯᠬᠤ ᠪᠠ ᠰᠤᠷᠤᠯᠴᠠᠬᠤ ᠪᠠᠨ ᠴᠢᠩᠭᠠᠳᠬᠠᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠢᠳᠡᠪᠬᠢᠲᠡᠶ ᠦᠢᠯᠡᠳᠦᠯᠭᠡᠵᠢᠭᠦᠯᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号