ᠠᠶᠢᠮᠠᠭ ᠤᠨ ᠵᠠᠬᠢᠷᠭ᠎ᠠ ᠪᠣᠯᠤᠨ ᠪᠣᠭᠤᠳᠣ ᠪᠠᠭᠰᠢ ᠶᠢᠨ ᠳᠡᠭᠡᠳᠦ ᠰᠤᠷᠭᠠᠭᠤᠯᠢ ᠨᠥᠬᠦᠷᠰᠡᠭ ᠬᠠᠮᠲᠤᠷᠠᠯᠴᠠᠭᠠᠨ ᠤ ᠪᠦᠳᠦᠭᠦᠪᠴᠢ ᠵᠦᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 5 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠸᠧᠶ ᠰᠢᠨ ᠨᠡᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠨ᠂ ᠨᠥᠬᠦᠷᠰᠡᠭ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠪᠠ᠃
1.jpg
      ᠪᠠᠢ ᠬᠠᠢ ᠯᠢᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠡᠮᠦᠨ᠎ᠡ ᠠᠴᠠ ᠬᠠᠨ ᠸᠧᠢ ᠰᠢᠨ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠶᠢᠨ ᠠᠯᠠᠱᠠ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠠᠯᠠᠱᠠ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠬᠦᠴᠦ ᠪᠠᠨ ᠲᠥᠪᠯᠡᠷᠡᠭᠦᠯᠦᠨ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠪᠦᠬᠦ ᠬᠦᠴᠦᠨ ᠢᠶᠠᠷ ᠢᠶᠠᠨ ᠥᠭᠡᠷᠡᠴᠢᠯᠡᠯᠲᠡ ᠶᠢ ᠠᠳᠬᠤᠵᠤ᠂ ᠬᠥᠭᠵᠢᠯᠲᠡ ᠶᠢ ᠠᠬᠢᠭᠤᠯᠵᠤ᠂ ᠪᠢᠳᠡ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠴᠢᠳᠠᠪᠤᠷᠢᠲᠠᠨ ᠢ ᠱᠠᠭᠠᠷᠳᠠᠵᠤ ᠪᠠᠶᠢᠨ᠎ᠠ᠃ ᠲᠣᠰ ᠤᠳᠠᠭᠠᠨ ᠤ ᠬᠠᠮᠲᠤᠷᠠᠯᠴᠠᠭᠠᠨ ᠤ ᠭᠡᠷ᠎ᠡ ᠲᠣᠭᠲᠠᠭᠰᠠᠨ ᠶᠠᠪᠤᠳᠠᠯ ᠪᠣᠯ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠨᠢᠭᠡ ᠤᠳᠠᠭᠠᠨ ᠤ ᠬᠠᠭᠤᠴᠢᠨ ᠨᠠᠶᠢᠵᠠ ᠲᠠᠢ ᠠᠭᠤᠯᠵᠠᠵᠤ᠂ ᠴᠠᠭ ᠦᠶ᠎ᠡ ᠶᠢᠨ ᠰᠣᠯᠢᠯᠴᠠᠭ᠎ᠠ  ᠪᠣᠯᠬᠤ ᠪᠥᠭᠡᠳ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠤᠭᠴᠠᠵᠢᠭᠤᠯᠤᠨ ᠥᠭᠡᠷᠡᠴᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠪᠣᠳᠠᠲᠠᠶ ᠶᠢ ᠡᠷᠬᠢᠮᠯᠡᠭᠰᠡᠨ ᠠᠷᠭ᠎ᠠ ᠬᠡᠮᠵᠢᠶ᠎ᠡ ᠪᠣᠯᠤᠨ᠎ᠠ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠰᠤᠷᠭᠠᠭᠤᠯᠢ ᠪᠠ ᠣᠷᠣᠨ ᠨᠤᠲᠤᠭ ᠭᠠᠷ ᠬᠤᠯᠪᠣᠯᠴᠠᠨ᠂ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠵᠦ᠂ ᠰᠤᠷᠭᠠᠨ ᠬᠥᠮᠦᠵᠢᠯ ᠤᠨ ᠬᠠᠮᠲᠤᠷᠠᠯᠴᠠᠭ᠎ᠠ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃
2.jpg
     ᠬᠠᠨ ᠸᠧᠶ ᠰᠢᠨ᠂ ᠣᠷᠳᠣ ᠬᠤᠭᠤᠴᠠᠭᠠᠨ ᠤ ᠲᠤᠷᠰᠢ᠂ ᠪᠤᠭᠤᠲᠤ ᠪᠠᠭᠰᠢ ᠶᠢᠨ ᠳᠡᠭᠡᠳᠦ ᠰᠤᠷᠭᠠᠭᠤᠯᠢ ᠠᠯᠠᠱᠠ ᠯᠤᠭ᠎ᠠ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠨ ᠪᠠᠲᠤᠯᠠᠵᠤ᠂ ᠰᠠᠭᠤᠷᠢ ᠰᠤᠷᠭᠠᠨ ᠬᠥᠮᠦᠵᠢᠯ᠂ ᠠᠵᠢᠯ ᠣᠯᠭᠤᠯᠲᠠ ᠶᠢ ᠠᠬᠢᠭᠤᠯᠬᠤ ᠵᠡᠷᠭᠡ ᠬᠦᠷᠢᠶᠡᠨ ᠳᠤ ᠨᠢᠭᠲᠠ ᠬᠠᠮᠲᠤᠷᠠᠯᠴᠠᠭ᠎ᠠ ᠥᠷᠨᠢᠭᠦᠯᠵᠦ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ ᠲᠣᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠬᠥᠮᠦᠵᠢᠯ ᠪᠣᠯᠪᠠᠰᠤᠷᠠᠯ᠂ ᠨᠠᠶᠢᠳᠠᠨ ᠬᠥᠮᠦᠵᠢᠭᠦᠯᠬᠦ᠂ ᠬᠠᠮᠲᠤᠷᠠᠨ ᠠᠵᠢᠯᠯᠠᠬᠤ ᠵᠢᠭᠠᠨ ᠰᠤᠳᠤᠯᠬᠤ ᠵᠡᠷᠭᠡ ᠬᠦᠷᠢᠶᠡᠨ ᠳᠤ᠂ ᠠᠯᠠᠱᠠ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠵᠠᠭᠪᠤᠷ ᠢ ᠭᠠᠷ ᠬᠤᠯᠪᠣᠨ ᠴᠣᠭᠴᠠᠯᠠᠨ᠎ᠠ ᠬᠡᠪᠡ᠃
3.jpg
     ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠬᠥᠮᠦᠵᠢᠯ ᠦᠢᠯᠡᠳᠦᠯᠭᠡ ᠶᠢᠨ ᠵᠢᠭᠰᠠᠭᠠᠯ ᠤᠨ ᠭᠠᠵᠠᠷ ᠢ ᠪᠦᠳᠦᠭᠡᠨ ᠪᠠᠶᠢᠭᠤᠯᠬᠤ ᠶᠢ ᠠᠬᠢᠭᠤᠯᠬᠤ᠂ ︽ᠶᠡᠭᠡ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠤᠨ ᠵᠢᠭᠠᠨ ᠰᠤᠷᠭᠠᠯᠲᠠ ᠶᠢᠨ ᠰᠠᠭᠤᠷᠢᠨ ᠭᠠᠵᠠᠷ ᠢ ᠬᠠᠮᠲᠤ ᠪᠠᠷ ᠪᠠᠶᠢᠭᠤᠯᠬᠤ᠂ ᠪᠤᠭᠤᠲᠤ ᠶᠢᠨ ᠪᠠᠭᠰᠢ ᠶᠢᠨ ᠳᠡᠭᠡᠳᠦ ᠰᠤᠷᠭᠠᠭᠤᠯᠢ ᠶᠢᠨ ︽ᠤᠮᠠᠷᠠᠲᠤ ᠶᠢᠨ ᠰᠣᠶᠣᠯ ᠰᠤᠷᠭᠠᠨ ᠬᠥᠮᠦᠵᠢᠯ ᠤᠨ ᠰᠤᠳᠤᠯᠭᠠᠨ ᠤ ᠦᠢᠯᠡᠳᠦᠯᠭᠡ ᠶᠢᠨ ᠰᠠᠭᠤᠷᠢᠨ ᠭᠠᠵᠠᠷ︾᠂ ᠤᠶᠤᠲᠠᠳ ᠤᠨ ᠠᠵᠢᠯ ᠣᠯᠭᠤᠯᠲᠠ ᠶᠢ ᠠᠬᠢᠭᠤᠯᠬᠤ ᠲᠦᠷᠦᠯ ᠵᠦᠢᠯ ᠤᠨ ᠲᠤᠬᠠᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠬᠦ ᠪᠣᠯᠤᠨ᠎ᠠ᠃     ᠠᠶᠢᠮᠠᠭ ᠤᠨ ᠳᠡᠳ᠋ ᠳᠠᠷᠤᠭ᠎ᠠ ᠯᠢᠦ ᠳ᠋ᠧ ᠼᠦᠢ ᠠᠭᠤᠯᠵᠠᠯᠲᠠ ᠪᠠ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号