12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠡᠭᠡᠵᠢᠩ ᠳᠤ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ | ᠡᠷᠬᠢᠯᠡᠭᠴᠢ ᠵᠧᠩ ᠱᠠᠨ ᠵᠢᠶᠧ ᠲᠠᠢ ᠪᠠᠷᠠᠳᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠬᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠢ ᠭᠦᠨᠵᠡᠭᠡᠶ ᠨᠠᠶᠢᠳᠠᠪᠤᠷᠢᠵᠢᠭᠤᠯᠬᠤ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠦᠰᠦᠪᠯᠡᠵᠦ ᠨᠠᠶᠢᠷᠠᠭᠤᠯᠤᠨ ᠵᠣᠬᠢᠶᠠᠬᠤ᠂ ᠴᠢᠬᠤᠯᠠ | ᠶᠡᠭᠡ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠵᠡᠷᠭᠡ ᠲᠤᠭᠤᠷᠢᠨ ᠳᠤ ᠠᠵᠢᠯ ᠢᠶᠠᠨ ᠵᠣᠯᠭᠠᠭᠤᠯᠵᠤ᠂ | ᠬᠤᠯᠪᠣᠭᠳᠠᠯ ᠪᠥᠬᠦᠶ ᠵᠦᠢᠯ ᠤᠨ ᠲᠤᠬᠠᠶ ᠭᠦᠢᠴᠡᠳ ᠤᠯᠤᠯᠴᠠᠪᠠ᠃ | ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠡᠮᠦᠨ᠎ᠡ ᠠᠴᠠ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠷᠳᠤ ᠬᠤᠭᠤᠴᠠᠭᠠᠨ ᠤ | ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠭᠡᠪᠡ᠃ ᠲᠡᠷᠡ᠂ ᠥᠪᠥᠷ ᠮᠣᠩᠭᠤᠯ ᠳᠤ ᠤᠯᠭᠤᠭᠰᠠᠨ ᠣᠯᠠᠨ ᠵᠦᠢᠯ ᠤᠨ ᠤᠯᠤᠰ ᠤᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠨᠠᠯ︾ ᠢ ᠨᠠᠩ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ ᠪᠢᠳᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠪᠠᠶᠢᠷᠢᠯᠠᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠪᠠ᠃ ᠨᠢᠭᠡ ᠵᠢᠯ ᠤᠨ ᠲᠤᠷᠰᠢ᠂ ᠪᠥᠬᠦ ᠣᠷᠣᠨ ᠤ ᠠᠵᠤ ᠠᠬᠤᠶ ᠨᠡᠶᠢᠭᠡᠮ | ᠦᠷᠭᠦᠯᠵᠢᠯᠡᠨ ᠡᠷᠡᠭᠦᠯ ᠢᠶᠠᠷ ᠬᠥᠭᠵᠢᠵᠦ᠂ ︽ᠲᠠᠪᠤᠨ ᠶᠡᠭᠡ ᠡᠭᠦᠷᠭᠡ︾ ᠨᠠᠩ ᠣᠯᠠᠨ ᠦᠷ᠎ᠡ ᠪᠦᠲᠦᠭᠡᠯ ᠣᠯᠵᠤ᠂ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠠᠵᠢᠯ ᠢ ᠯᠠᠪᠳᠠᠭᠤᠨ ᠢᠶᠠᠷ | ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠠᠵᠢᠯ ᠳᠤ ᠴᠥᠭᠡᠨ ᠪᠤᠰᠤ ᠰᠢᠨ᠎ᠡ | ᠬᠢᠯᠠᠰ ᠴᠡᠭ ᠢᠯᠡᠷᠡᠪᠡ᠃ ᠣᠳᠣᠬᠠᠨ ᠳᠤ᠂ ᠮᠠᠨ ᠤ ᠶᠡᠷᠦᠩᠬᠡᠢ ᠰᠡᠳᠭᠢᠴᠡ ᠪᠣᠯ ᠳᠠᠷᠤᠢ ᠶᠡᠷᠦᠩᠬᠡᠢ ᠱᠦᠵᠢ ᠰᠢ ᠶᠢᠨ | ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ᠂ ᠨᠢᠭᠡ ᠭᠤᠣᠯ ᠰᠢᠵᠢᠮ ᠢ | ᠳᠣᠣᠱᠯᠠᠭᠤᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠶᠠᠪᠤᠳᠠᠯ ᠪᠣᠯᠤᠨ᠎ᠠ᠃ ᠥᠪᠥᠷ | ᠮᠣᠩᠭᠤᠯ ᠤᠨ ᠬᠤᠶᠢᠰᠢᠳᠠ ᠶᠢᠨ ᠠᠵᠢᠯ ᠢ ᠰᠠᠶᠢᠲᠤᠷ ᠬᠢᠬᠦ ᠳᠤ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠬᠦᠴᠦᠲᠡᠶ ᠳᠡᠮᠵᠢᠯᠭᠡ ᠠᠴᠠ ᠰᠠᠯᠵᠤ ᠴᠢᠳᠠᠬᠤ ᠥᠬᠡᠶ ᠶᠤᠮ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠥᠪᠥᠷ ᠮᠣᠩᠭᠤᠯ ᠤᠨ ᠠᠵᠢᠯ ᠳᠤ ᠦᠷᠭᠦᠯᠵᠢᠯᠡᠨ ᠨᠠᠩ | ᠣᠯᠠᠨ ᠵᠢᠯᠣᠭᠤᠳᠣᠯᠭ᠎ᠠ ᠪᠠ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ | ᠵᠧᠩ ᠱᠠᠨ ᠵᠢᠶᠧ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ | ᠲᠠᠯ᠎ᠠ ᠶᠢ ᠢᠳᠡᠪᠬᠢᠲᠡᠢ ᠵᠣᠬᠢᠴᠠᠭᠤᠯᠵᠤ᠂ ᠥᠪᠥᠷ ᠮᠣᠩᠭᠤᠯ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠢ | ᠬᠥᠭᠵᠢᠭᠦᠯᠬᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢ ᠳᠡᠮᠵᠢᠵᠤ᠂ ᠥᠪᠥᠷ | ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠤᠯᠤᠨ ᠲᠥᠪ ᠤᠨ ᠠᠵᠤ ᠠᠬᠤᠶᠢᠯᠠᠯ ᠲᠠᠢ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠬᠥᠭᠦᠷᠭᠡ ᠬᠤᠯᠪᠣᠭᠠᠰᠤ ᠪᠤᠯᠵᠤ᠂ ᠠᠷᠠᠳ ᠤᠨ | ᠡᠵᠡᠩᠨᠡᠯᠲᠡ ᠶᠢᠨ ᠬᠦᠷᠦᠩᠭᠡ ᠶᠢᠨ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠣᠯᠴᠠᠬᠤ ᠶᠢ ᠠᠬᠢᠭᠤᠯᠵᠤ᠂ ᠥᠪᠥᠷ ᠮᠣᠩᠭᠤᠯ ᠪᠤᠯᠤᠨ ᠬᠤᠯᠪᠣᠭᠳᠠᠯ ᠪᠦᠬᠦᠢ ᠣᠷᠣᠨ ᠪᠦᠰᠡ ᠶᠢᠨ ᠠᠵᠤ | ᠠᠬᠤᠢ ᠶᠢᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠳᠤ ᠬᠦᠴᠦᠨ ᠨᠡᠮᠡᠷᠢᠯᠡᠨ᠎ᠡ᠃ ᠡᠭᠦᠨ ᠤ | ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠪᠠ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠦᠰᠦᠪᠯᠡᠬᠦ ᠲᠠᠯ᠎ᠠ ᠪᠠᠷ ᠥᠪᠥᠷ ᠮᠣᠩᠭᠤᠯ ᠤᠨ ᠬᠠᠮᠢᠶ᠎ᠠ | ᠪᠥᠬᠦᠶ ᠠᠵᠢᠯ ᠢᠶᠠᠨ ᠰᠠᠶᠢᠲᠤᠷ ᠬᠢᠬᠦ ᠶᠢ ᠳᠡᠮᠵᠢᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠠᠮᠲᠤ ᠪᠠᠷ ᠰᠠᠶᠢᠲᠤᠷ ᠳᠣᠣᠱᠯᠠᠭᠤᠯᠣᠨ | ᠨᠠᠶᠢᠳᠠᠪᠤᠷᠢᠵᠢᠭᠤᠯᠤᠨ᠎ᠠ ᠭᠡᠵᠠᠢ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠶ ᠯᠢ ᠰᠢᠨ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠤᠳᠤᠷᠢᠳᠤᠯᠭ᠎ᠠ ᠯᠢᠦ ᠰᠣ᠋ ᠱᠧ᠂ ᠡᠤ ᠶᠠ ᠹᠧᠩ | ᠠᠵᠢᠯᠯᠠᠭ᠎ᠠ ᠳᠤ ᠣᠷᠣᠯᠴᠠᠵᠠᠶ᠃ |