ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠯ ᠪᠤᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠶ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/9
    12 ᠰᠠᠷ᠎ᠠ ᠶᠢᠨ 4 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠳᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠩᠭᠠᠨ ᠪᠣᠷᠣᠯᠠᠭᠤᠯᠬᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠭᠤᠤᠯ ᠬᠠᠷᠢᠭᠤᠴᠠᠯᠭ᠎ᠠ ᠭᠤᠤᠯ ᠠᠵᠢᠯ ᠢ ᠪᠣᠳᠠᠲᠠᠶ ᠠᠳᠬᠤᠵᠤ᠂ ᠠᠯᠳᠠᠭᠳᠠᠯ ᠲᠠᠢ ᠪᠠᠶᠢᠭᠰᠠᠨ ᠢ ᠣᠯᠵᠠᠪᠤᠷᠢ ᠲᠠᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠦᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠲᠠᠷᠢᠶᠠᠯᠠᠩ ᠤᠨ ᠬᠡᠷᠡᠭᠰᠡᠯ ᠤᠨ ᠬᠠᠩᠭᠠᠯᠭ᠎ᠠ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡ᠂ ᠮᠠᠯ ᠠᠵᠤ ᠠᠬᠤᠶ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠡᠬᠤ ᠴᠡᠭ ᠪᠣᠯᠭᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠢ ᠴᠣᠮᠬᠠᠳᠬᠠᠨ ᠡᠷᠬᠡ ᠶᠢ ᠲᠠᠯᠪᠢᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠪᠦᠰᠡᠯᠡᠯᠳᠡ ᠰᠢᠪᠳᠤᠯᠬᠤ︾᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠪᠣᠯᠤᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠭᠤᠯᠤᠯᠲᠠ ᠵᠡᠷᠭᠡ ᠥᠭᠡᠷᠡᠴᠢᠯᠡᠯᠲᠡ ᠶᠢᠨ ᠵᠦᠢᠯ ᠢ ᠰᠠᠶᠢᠲᠤᠷ ᠬᠡᠷᠡᠭᠵᠢᠭᠦᠯᠵᠦ᠂ 2025 ᠣᠨ ᠤ ᠥᠭᠡᠷᠡᠴᠢᠯᠡᠯᠲᠡ ᠶᠢᠨ ᠡᠭᠦᠷᠭᠡ ᠶᠢ ᠲᠦᠷᠭᠡᠨ ᠲᠤᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠲᠤᠰᠬᠠᠢ ᠮᠡᠷᠭᠡᠵᠢᠯᠲᠡᠨ ᠤᠯᠠᠨ ᠨᠡᠶᠢᠲᠡ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠲᠦᠷᠢᠮ᠂ ᠪᠡᠯᠡᠨ ᠦᠢᠯᠡᠳᠬᠦᠨ ᠤ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠤᠨ ᠬᠠᠶᠠᠭᠳᠠᠮᠠᠯ ᠬᠠᠭᠤᠴᠢᠨ ᠦᠢᠯᠡᠳᠬᠦᠨ ᠢ ᠬᠤᠷᠢᠶᠠᠨ ᠠᠪᠴᠤ ᠠᠰᠢᠭᠯᠠᠬᠤ᠂ ᠠᠵᠢᠯ ᠣᠯᠭᠤᠯᠲᠠ ᠶᠢᠨ ᠬᠦᠷᠢᠶᠡᠨ ᠳᠠᠬᠢ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠤᠷᠪᠠᠨ ᠥᠭᠡᠷᠡᠴᠢᠯᠡᠯᠲᠡ ᠶᠢᠨ ᠲᠥᠰᠦᠯ ᠢ ᠬᠢᠨᠠᠨ ᠵᠥᠪᠯᠡᠵᠦ ᠪᠠᠲᠤᠯᠠᠭᠠᠳ᠂ ᠲᠤᠰᠬᠠᠢ ᠮᠡᠷᠭᠡᠵᠢᠯᠲᠡᠨ ᠢ ᠰᠠᠶᠢᠲᠤᠷ ᠰᠣᠩᠭᠤᠨ ᠰᠠᠶᠢᠲᠤᠷ ᠬᠡᠷᠡᠭᠯᠡᠵᠦ᠂ ᠰᠢᠢᠳᠪᠦᠷᠢᠲᠦ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠬᠠᠤᠯᠢ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃    ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠰᠬᠠᠬᠤ ᠲᠦᠷᠢᠮ ᠢ ᠲᠤᠭᠳᠠᠭᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠣᠭᠤᠷᠢᠨ ᠳᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠪᠣᠯᠤᠨ ᠲᠠᠭᠠᠭᠤᠯᠤᠬᠴᠢ ᠠᠵᠤ ᠠᠬᠤᠶᠢᠯᠠᠯ ᠢ ᠪᠤᠶᠢᠵᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠪᠣᠯᠪᠠᠰᠤᠷᠠᠯ ᠢ ᠰᠠᠶᠢᠲᠤᠷ ᠠᠳᠬᠤᠵᠤ᠂ ᠠᠵᠤ ᠦᠢᠯᠡᠰ ᠪᠠ ᠲᠦᠷᠦᠯ ᠵᠦᠢᠯ ᠢᠶᠠᠷ ᠳᠠᠶᠢᠴᠢᠯᠠᠬᠤ ᠪᠠᠷ ᠳᠠᠮᠵᠢᠭᠤᠯᠤᠨ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠠᠬᠢᠭᠤᠯᠵᠤ᠂ ᠢᠯᠠᠩᠭᠤᠶ᠎ᠡ ᠣᠨᠴᠠ ᠬᠦᠴᠢᠷᠳᠡᠯᠲᠡᠢ ᠬᠥᠮᠦᠰ ᠲᠤ ᠠᠵᠢᠯ ᠣᠯᠭᠤᠬᠤ ᠠᠵᠢᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ︽ᠤᠯᠤᠰ ᠤᠨ ᠶᠡᠭᠡ ᠶᠠᠪᠤᠳᠠᠯ︾ ᠪᠣᠯᠭᠠᠵᠤ᠂ ᠤᠯᠤᠰ ᠲᠦᠷᠦ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠠᠷᠢᠶᠠᠨ ᠭᠠᠵᠠᠷ ᠤᠨ ᠶᠠᠰᠤ ᠴᠢᠨᠠᠷ᠂ ᠤᠰᠤ ᠬᠡᠷᠡᠭᠯᠡᠬᠦ ᠦᠷ᠎ᠡ ᠪᠦᠲᠦᠮᠵᠢ᠂ ᠰᠠᠶᠢᠨ ᠡᠭᠦᠯᠳᠡᠷ ᠢ ᠦᠪᠡᠷᠳᠡᠭᠡᠨ ᠬᠠᠩᠭᠠᠬᠤ ᠨᠤᠷᠮ᠎ᠠ᠂ ᠮᠦ ᠨᠢᠭᠡᠴᠢ ᠶᠢᠨ ᠤᠨᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠶᠢᠨ ᠲᠣᠭᠲᠡᠴᠡ ᠶᠢ ᠪᠦᠷᠢᠨᠰᠢᠬᠦᠯᠤᠨ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠦᠨ ᠪᠤᠯᠪᠠᠰᠤᠷᠠᠭᠤᠯᠬᠤ ᠪᠠ ᠢᠳᠡᠭᠡᠨ ᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ︽ᠥᠪᠥᠷ ᠮᠣᠩᠭᠤᠯ ᠨᠡᠷᠡᠮᠵᠢᠲᠦ︾ ᠶᠢᠨ ᠵᠢᠭᠰᠠᠭᠠᠯ ᠢ ᠪᠤᠢ ᠪᠣᠯᠭᠠᠬᠤ ᠬᠡᠷᠡᠭᠳᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠢ ᠬᠠᠮᠵᠢᠯᠴᠠᠭᠤᠯᠵᠤ᠂ ᠥᠭᠦᠯᠡᠯ ᠢᠶᠠᠨ ᠥᠪᠥᠷ ᠮᠣᠩᠭᠤᠯ ᠤᠨ ᠡᠬᠡ ᠭᠠᠵᠠᠷ ᠲᠤ ᠪᠢᠴᠢᠬᠦ ᠬᠡᠷᠡᠭᠳᠡᠢ ᠭᠡᠵᠦ ᠴᠢᠬᠤᠯᠠᠴᠢᠯᠠᠪᠠ᠃    ᠬᠤᠷᠠᠯ ᠳᠤ ᠪᠠᠰᠠ ᠰᠢᠨ᠎ᠡ ᠡᠨᠧᠷᠭᠢ ᠶᠢᠨ ᠲᠣᠮᠣ ᠰᠠᠭᠤᠷᠢᠨ ᠤ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠰᠤᠳᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号