ᠠᠯᠠᠱᠠ ᠠᠶᠢᠮᠠᠭ ᠤᠨ ᠴᠢᠳᠠᠪᠤᠷᠢᠲᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠪᠲᠤᠯᠤᠯᠲᠠ ᠶᠢᠨ ᠢᠨᠵᠧᠨᠧᠷᠢᠩ ᠢ ᠭᠡᠷᠡᠭᠵᠢᠬᠦᠯᠵᠦ ᠴᠢᠨᠠᠷ ᠰᠠᠶᠢᠲᠠᠶ ᠬᠥᠭᠵᠢᠯᠲᠡ ᠳᠤ ᠬᠦᠴᠦᠨ ᠣᠯᠭᠤᠬᠤ ᠠᠷᠭ᠎ᠠ ᠬᠡᠮᠵᠢᠶ᠎ᠡ  ᠨᠦᠭᠦᠳ
ᠨᠡᠶᠢᠲᠡᠯᠡᠭᠰᠡᠨ ᠴᠠᠭ᠄
2024/2/21
    ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠨᠠᠶᠢᠳᠠᠪᠣᠷᠢᠵᠢᠭᠤᠯᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠥᠪᠥᠷ ᠨᠠᠮ ᠲᠠᠷᠬᠠᠭᠠᠭᠰᠠᠨ ﹇2020﹈ 17 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾    ︵ᠲᠥᠷᠥ ᠲᠠᠷᠬᠠᠭᠠᠭᠰᠠᠨ ﹇2023﹈ 16 ᠳ᠋ᠤᠭᠠᠷ ᠲᠣᠭᠠᠲᠤ︶ ᠢ ᠭᠦᠨᠵᠡᠭᠡᠶ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠠᠯᠠᠱᠠ ᠠᠶᠢᠮᠠᠭ ᠲᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠠᠯᠠᠱᠠ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠳᠣᠤᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠃    ᠨᠢᠭᠡ᠂ ᠰᠢᠨ᠎ᠡ ᠶᠢ ᠡᠭᠦᠳᠬᠦ ᠭᠤᠤᠯ ᠴᠤᠭᠴᠠ ᠶᠢ ᠶᠡᠬᠡᠪᠡᠷ ᠪᠤᠶᠢᠵᠢᠭᠤᠯᠤᠨ᠎ᠠ    ︵ᠨᠢᠭᠡ︶ ᠭᠤᠣᠯᠳᠠᠯᠭ᠎ᠠ ᠲᠠᠢ ᠬᠦᠷᠢᠶᠡᠨ ᠤ ᠮᠡᠷᠭᠡᠵᠢᠯ ᠤᠨ ᠰᠢᠪᠳᠣᠯᠣᠯᠳᠠ ᠶᠢ ᠠᠬᠢᠭᠤᠯᠤᠨ᠎ᠠ᠃ ᠪᠥᠬᠦ ᠠᠶᠢᠮᠠᠭ ᠤᠨ 10 ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠷᠭᠡ ᠶᠢ ᠪᠣᠯᠪᠠᠰᠤᠷᠠᠭᠤᠯᠵᠤ᠂ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠶᠡᠭᠡ ᠳᠡᠭᠡᠳᠦ ᠰᠤᠷᠭᠠᠭᠤᠯᠢ᠂ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ᠂ ᠨᠠᠷᠠᠲᠤ ᠰᠢᠨᠵᠢᠯᠡᠬᠦ ᠤᠬᠠᠭᠠᠨᠲᠠᠨ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠬᠠᠮᠲᠤᠷᠠᠯᠴᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠬᠤ ᠶᠢ ᠳᠡᠮᠵᠢᠵᠦ᠂ ︽ᠳᠣᠩᠬᠠᠭᠯᠠᠨ ᠮᠠᠩᠯᠠᠶᠢᠯᠠᠬᠤ︾᠂ ︽ᠮᠣᠷᠢᠨ ᠤᠷᠤᠯᠳᠤᠭᠠᠨ ᠤ ᠲᠦᠷᠢᠮ︾ ᠵᠡᠷᠭᠡ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠡᠨᠧᠷᠭᠢ᠂ ᠴᠡᠪᠡᠷ ᠤᠰᠤᠲᠥ᠋ᠷᠥᠭᠴᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠦᠷ᠎ᠡ ᠶᠢᠨ ᠦᠢᠯᠡᠰ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠪᠲᠤᠯᠬᠤ ᠠᠵᠢᠯ ᠢ ᠥᠷᠨᠢᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠳᠤ ᠢᠳᠡᠪᠬᠢᠲᠡᠶ ᠣᠷᠣᠯᠴᠠᠵᠤ᠂ ᠪᠥᠬᠦ ᠠᠶᠢᠮᠠᠭ ᠤᠨ ᠠᠮᠢ ᠠᠬᠤᠶ ᠡᠯᠡᠰᠦᠨ ᠤ ᠠᠵᠤ ᠦᠢᠯᠡᠰ᠂ ᠦᠷᠬᠦᠯᠵᠢᠯᠡᠬᠦᠶᠢᠴᠡ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠶᠢ ᠳᠡᠮᠵᠢᠵᠦ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠣᠷᠣᠨ︶     ︵ᠬᠤᠶᠠᠷ︶ ᠴᠢᠬᠤᠯᠠ ᠶᠡᠭᠡ ᠰᠠᠭᠤᠷᠢ ᠰᠤᠳᠤᠯᠭᠠᠨ ᠪᠠ ᠠᠩᠬᠠᠨ ᠤ ᠰᠢᠨ᠎ᠡ ᠡᠭᠦᠳᠦᠯᠲᠡ ᠶᠢ ᠳᠡᠮᠵᠢᠨ᠎ᠡ᠃ ᠪᠥᠬᠦ ᠠᠶᠢᠮᠠᠭ ᠤᠨ ᠭᠤᠤᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠬᠦᠷᠢᠶᠡᠨ ᠳᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠠᠰᠠᠭᠤᠳᠠᠯ ᠤᠨ ᠲᠣᠭᠤᠷᠢᠨ ᠳᠤ᠂ ᠰᠠᠭᠤᠷᠢ ᠰᠤᠳᠤᠯᠭᠠᠨ ᠤ ᠤᠷᠢᠳᠠᠴᠢ ᠪᠠᠶᠢᠷᠢᠰᠢᠭᠤᠯᠤᠯᠲᠠ ᠶᠢ ᠴᠢᠩᠭᠠᠳᠬᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠢᠳᠡᠪᠬᠢᠲᠡᠶ ᠭᠤᠶᠤᠴᠢᠯᠠᠨ ᠮᠡᠳᠡᠭᠦᠯᠵᠦ᠂ ᠠᠩᠬᠠᠨ ᠤ ᠡᠭᠦᠳᠦᠯᠲᠡ ᠶᠢᠨ ᠴᠢᠨᠠᠷᠲᠠᠶ ᠰᠤᠳᠤᠯᠭᠠᠨ᠂ ᠰᠠᠭᠤᠷᠢ ᠰᠤᠳᠤᠯᠭᠠᠨ ᠪᠠ ᠬᠡᠷᠡᠭᠯᠡᠭᠡᠨ ᠤ ᠰᠠᠭᠤᠷᠢ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠰᠢᠨᠵᠢᠯᠡᠬᠦ ᠤᠬᠠᠭᠠᠨ ᠤ ᠰᠣᠳᠣᠯᠭᠠᠨ ᠤ ᠨᠥᠬᠦᠴᠡᠯ ᠳᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠲᠣᠮᠤ ᠬᠡᠯᠪᠡᠷᠢ ᠶᠢᠨ ᠰᠢᠨᠵᠢᠯᠡᠬᠦ ᠤᠬᠠᠭᠠᠨ ᠤ ᠰᠣᠳᠣᠯᠭᠠᠨ ᠤ ᠪᠠᠭᠠᠵᠢ ᠬᠡᠷᠡᠭᠰᠡᠯ ᠪᠠ ᠰᠢᠨᠵᠢᠯᠡᠬᠦ ᠤᠬᠠᠭᠠᠨ ᠤ ᠰᠣᠳᠣᠯᠭᠠᠨ ᠤ ᠰᠠᠭᠤᠷᠢ ᠲᠥᠬᠦᠭᠡᠷᠥᠮᠵᠢ ᠶᠢ ᠴᠢᠯᠦᠭᠡᠲᠡᠢ ᠪᠠᠷ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶    ︵ᠭᠤᠷᠪᠠ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠰᠤᠳᠤᠯᠤᠨ ᠨᠡᠭᠡᠭᠡᠬᠦ ᠰᠦᠢᠳᠬᠡᠯ ᠤᠨ ᠭᠠᠶᠢᠯᠢ ᠲᠤᠰᠢᠶᠠᠬᠤ ᠠᠴᠠ ᠡᠮᠦᠨ᠎ᠡ ᠨᠡᠮᠡᠵᠦ ᠪᠣᠳᠣᠵᠤ ᠰᠠᠭᠤᠯᠭᠠᠨ ᠠᠪᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠎ᠠ᠃ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠵᠠᠷᠤᠳᠠᠯ ᠤᠨ ᠪᠡᠯᠡ ᠣᠷᠤᠭᠤᠯᠤᠭᠰᠠᠨ ᠤ ᠳᠠᠷᠠᠭ᠎ᠠ ᠨᠥᠬᠦᠪᠦᠷᠢᠯᠡᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠰᠣᠳᠤᠯᠤᠨ ᠨᠡᠭᠡᠭᠡᠬᠦ ᠵᠠᠷᠤᠳᠠᠯ ᠢ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠬᠤ ᠲᠥᠷᠥ ᠶᠢᠨ ᠪᠣᠳᠣᠯᠭ᠎ᠠ ᠶᠢ ᠬᠦᠷᠲᠡᠭᠡᠬᠦ ᠶᠢᠨ ᠬᠠᠮᠲᠤ᠂ ᠠᠵᠤ ᠠᠬᠤᠶᠢᠯᠠᠯ ᠤᠨ ᠣᠶᠢᠷ᠎ᠠ ᠶᠢᠨ ᠨᠢᠭᠡ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠶᠢᠨ ᠬᠠᠮᠲᠤ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠥᠪᠡᠰᠦᠪᠡᠨ ᠭᠤᠶᠤᠴᠢᠯᠠᠨ ᠮᠡᠳᠡᠭᠦᠯᠦᠭᠰᠡᠨ ᠭᠠᠶᠢᠯᠢ ᠲᠤᠰᠢᠶᠠᠬᠤ ᠠᠴᠠ ᠡᠮᠦᠨ᠎ᠡ ᠨᠡᠮᠡᠨ ᠪᠤᠳᠤᠵᠤ ᠰᠠᠭᠤᠯᠭᠠᠨ ᠠᠪᠤᠭᠰᠠᠨ ᠰᠣᠳᠤᠯᠤᠨ ᠨᠡᠭᠡᠭᠡᠬᠦ ᠵᠠᠷᠤᠳᠠᠯ ᠤᠨ ᠲᠤᠭ᠎ᠠ ᠬᠡᠮᠵᠢᠶ᠎ᠡ ᠨᠢ ᠨᠥᠬᠦᠪᠦᠷᠢ ᠥᠭᠴᠦ ᠲᠥᠰᠥᠭᠡᠯᠡᠨ ᠪᠤᠳᠤᠬᠤ ᠰᠠᠭᠤᠷᠢ ᠲᠤᠭ᠎ᠠ ᠪᠠᠶᠢᠵᠤ᠂ ᠰᠣᠳᠤᠯᠤᠨ ᠨᠡᠭᠡᠭᠡᠬᠦ ᠵᠠᠷᠤᠳᠠᠯ ᠢ 100 ᠲᠦᠮᠡᠨ ᠲᠥᠭᠦᠷᠢᠭ ︵ᠪᠠᠭᠳᠠᠭᠠᠨ᠎ᠠ︶ ᠬᠦᠷᠦᠭᠰᠡᠨ ᠠᠵᠤ ᠠᠬᠤᠶᠢᠯᠠᠯ ᠳᠤ ᠰᠤᠳᠤᠯᠤᠨ ᠨᠡᠭᠡᠭᠡᠬᠦ ᠵᠠᠷᠤᠳᠠᠯ ᠤᠨ 1% ᠪᠠᠷ ᠬᠤᠶᠢᠨ᠎ᠠ ᠨᠢ ᠨᠥᠬᠦᠪᠦᠷᠢ ᠦᠭᠴᠦ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠠᠬᠢᠭᠤᠯᠵᠤ᠂ ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠢ ᠪᠠᠶᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶     ︵ᠲᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ — ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ — ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ︾ ᠢ ᠱᠠᠲᠤᠯᠠᠨ ᠪᠤᠶᠢᠵᠢᠭᠤᠯᠬᠤ ᠰᠢᠰᠲ᠋ᠧᠮ ᠢ ᠪᠠᠶᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠪᠠᠭ᠎ᠠ ᠠᠵᠤ ᠠᠬᠤᠶᠢᠯᠠᠯ ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠲᠦᠷᠢᠮ᠂ ᠪᠡᠯᠡ ᠮᠥᠩᠭᠦ᠂ ᠴᠢᠳᠠᠪᠤᠷᠢᠲᠠᠨ ᠪᠠ ᠭᠠᠵᠠᠷ ᠰᠢᠷᠣᠢ ᠶᠢᠨ ᠬᠠᠩᠭᠠᠯᠭ᠎ᠠ ᠵᠡᠷᠭᠡ ᠲᠠᠯ᠎ᠠ ᠪᠠᠷ᠂ ᠤᠯᠤᠰ ᠤᠨ ᠲᠦᠷᠦ ᠶᠢᠨ ᠪᠤᠳᠤᠯᠭ᠎ᠠ ᠶᠢᠨ ᠵᠥᠪᠰᠢᠶᠡᠷᠡᠬᠦ ᠬᠡᠪᠴᠢᠶᠡᠨ ᠳᠤ ᠪᠦᠬᠦ ᠠᠵᠢᠯ ᠤᠨ ᠬᠤᠭᠤᠴᠠᠭ᠎ᠠ ᠪᠠᠷ ᠣᠯᠭᠤᠬᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠢ ᠬᠠᠪᠰᠤᠷᠤᠨ ᠲᠦᠷᠭᠡᠨ ᠪᠤᠶᠢᠵᠢᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠦᠯᠦᠨ ᠬᠥᠮᠥᠷᠭᠡ ᠳᠤ ᠣᠷᠣᠭᠰᠠᠨ ᠠᠵᠤ ᠠᠬᠤᠶᠢᠯᠠᠯ ᠳᠤ ᠠᠩᠬ᠎ᠠ ᠤᠳᠠᠭ᠎ᠠ 5 ᠲᠦᠮᠡᠨ ᠲᠥᠭᠦᠷᠢᠭ ᠤᠨ ᠲᠤᠰᠠᠯᠠᠮᠵᠢ ᠶᠢᠨ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠠᠶᠢᠮᠠᠭ ᠤᠨ ᠳᠣᠲᠣᠭᠠᠳᠤ ᠶᠢᠨ ᠠᠵᠤ ᠠᠬᠤᠶᠢᠯᠠᠯ ᠪᠠ ᠪᠥᠬᠦ ᠲᠠᠯ᠎ᠠ ᠪᠠᠷ ᠮᠠᠨ ᠤ ᠠᠶᠢᠮᠠᠭ ᠲᠤ ᠨᠡᠭᠦᠨ ᠢᠷᠡᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 20 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ᠨᠢᠭᠡ ᠯᠡ ᠤᠳᠠᠭ᠎ᠠ ᠳᠤ 10 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ ᠬᠤᠶᠢᠨ᠎ᠠ ᠨᠢ ᠦᠵᠡᠭᠦᠯᠦᠨ᠎ᠡ᠃ ᠠᠩᠬ᠎ᠠ ᠤᠳᠠᠭ᠎ᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠪᠠᠷ ᠮᠠᠭᠠᠳᠯᠠᠨ ᠲᠣᠭᠲᠠᠭᠠᠭᠰᠠᠨ ᠠᠵᠤ ᠠᠬᠤᠶᠢᠯᠠᠯ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ᠳᠠᠷᠠᠭ᠎ᠠ ᠨᠢ ᠲᠤᠰᠠᠯᠠᠮᠵᠢ ᠶᠢᠨ ᠮᠥᠩᠭᠦ ᠶᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠪᠥᠬᠦ ᠠᠶᠢᠮᠠᠭ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠵᠤ ᠠᠬᠤᠶᠢᠯᠠᠯ ᠳᠤ᠂ ᠴᠠᠬᠢᠯᠭᠠᠨ ᠬᠦᠴᠦᠨ ᠤ ᠠᠷᠠᠯᠵᠢᠶᠠᠨ ᠤ ᠰᠠᠯᠬᠢ ᠭᠡᠷᠡᠯ ᠢᠶᠠᠷ ᠴᠠᠬᠢᠯᠭᠠᠨ ᠭᠠᠷᠭᠠᠬᠤ ᠬᠡᠮᠵᠢᠶ᠎ᠡ ᠶᠢ ᠲᠣᠬᠢᠷᠠᠭᠤᠯᠬᠤ ᠬᠠᠷᠢᠴᠠᠯ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠬᠤᠰᠢᠭᠤ ᠣᠷᠣᠨ︶     ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠮᠥᠩᠭᠦᠨ ᠭᠦᠢᠯᠭᠡᠭᠡᠨ ᠤ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠵᠠᠰᠠᠭ ᠤᠨ ᠣᠷᠳᠣᠨ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠤᠨ ᠬᠠᠮᠲᠤᠷᠠᠯᠴᠠᠬᠤ ᠲᠠᠪᠴᠠᠩ ᠢ ᠪᠠᠶᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠢᠲᠡᠭᠡᠮᠵᠢᠲᠦ ᠵᠢᠭᠡᠯᠡᠯᠭᠡ ᠶᠢᠨ ᠣᠨᠴᠠᠯᠢᠭᠲᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠠᠩᠬ᠎ᠠ ᠰᠢᠨ᠎ᠡ ᠶᠢ ᠡᠭᠦᠳᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠭᠤᠣᠯᠳᠠᠯᠭ᠎ᠠ ᠲᠠᠢ ᠲᠡᠳᠬᠦᠨ᠎ᠡ᠃ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ ᠠᠷᠠᠯᠵᠢᠶᠠᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠪᠴᠠᠩ ᠳᠤ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠶ 10 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠶᠢᠨ ᠠᠯᠠᠱᠠ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ︶     ᠬᠤᠶᠠᠷ᠂ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ    ︵ᠵᠢᠷᠭᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ᠃ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠠ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠯᠢᠳᠡᠭ ᠢ ᠨᠢ ᠰᠣᠩᠭᠤᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ ᠬᠡᠷᠡᠭᠲᠡᠶ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 300 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠥᠷᠲᠡᠭᠡ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠶᠢᠮᠠᠭ ᠤᠨ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠨᠢᠭᠡᠴᠡ ᠳᠤ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠳᠡᠮᠵᠢᠯᠭᠡ ᠶᠢᠨ ᠪᠡᠯᠡ ᠮᠥᠩᠭᠦ ᠶᠢ ᠴᠥᠮ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠣᠷᠣᠨ︶      ︵ᠳᠤᠯᠤᠭ᠎ᠠ︶ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠥᠭᠵᠢᠯᠲᠡ ᠶᠢ ᠶᠡᠬᠡᠪᠡᠷ ᠳᠡᠮᠵᠢᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠥᠪᠯᠡᠷᠡᠨ ᠬᠥᠭᠵᠢᠬᠦ ᠭᠤᠣᠯ ᠠᠴᠢᠶᠠᠯᠠᠪᠤᠷᠢ ᠶᠢ ᠪᠣᠶ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ  ᠳᠤ ᠲᠥᠪᠯᠡᠷᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠪᠣᠯᠭᠠᠨ ᠪᠥᠲᠥᠭᠡᠨ ᠪᠠᠶᠢᠭᠤᠯᠤᠨ᠎ᠠ᠃ ᠵᠥᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠳᠤ ᠨᠢᠭᠡ ᠤᠳᠠᠭ᠎ᠠ ᠶᠢᠨ ᠴᠢᠨᠠᠷᠲᠠᠶ 300 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠰᠤᠳᠤᠯᠤᠨ ᠨᠡᠭᠡᠭᠡᠬᠦ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ ᠨᠡᠭᠡᠭᠡᠯᠲᠡ ᠶᠢᠨ ᠣᠷᠣᠨ︶      ︵ᠨᠠᠢᠮᠠ︶ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠃ ᠬᠡᠯᠪᠡᠷᠢ ᠮᠠᠶ᠋ᠢᠭ ᠨᠢ ᠣᠯᠠᠨ ᠶᠠᠩᠵᠤ᠂ ᠲᠣᠭᠲᠠᠴᠠ ᠨᠢ ᠠᠮᠢᠳᠤᠯᠢᠭ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠵᠤ᠂ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠡᠭᠦᠷᠭᠡᠯᠡᠬᠦ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠪᠠᠲᠤᠯᠠᠬᠤ᠂ ᠲᠣᠮᠣ ᠬᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠭᠠᠵᠢ ᠶᠢ ᠴᠢᠯᠦᠬᠡᠳᠡᠢ ᠨᠡᠭᠡᠭᠡᠵᠦ ᠬᠠᠮᠲᠤᠪᠠᠷ ᠡᠳ᠋ᠯᠡᠬᠦ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠦᠨ᠎ᠡ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠨᠢ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠮᠡᠳᠡᠭᠦᠯᠪᠡᠯ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠰᠤᠳᠤᠯᠤᠭᠤᠯᠤᠭᠰᠠᠨ ᠤ ᠳᠠᠷᠠᠭ᠎ᠠ᠂ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠳᠦᠷᠦᠯ ᠵᠦᠢᠯ ᠢ ᠲᠣᠭᠲᠠᠭᠠᠵᠤ ᠳᠡᠮᠵᠢᠨ᠎ᠡ᠃ ᠠᠵᠤ ᠠᠬᠤᠶᠢᠯᠠᠯ ᠤᠨ ᠪᠥᠲᠥᠭᠡᠨ ᠪᠠᠶᠢᠭᠤᠯᠤᠯᠲᠠ ᠶᠢᠨ ︽ᠣᠷᠣᠨ ᠠᠯᠤᠰᠯᠠᠭᠰᠠᠨ ᠭᠠᠵᠠᠷ︾ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠠᠩᠬ᠎ᠠ ᠤᠳᠠᠭ᠎ᠠ ᠳᠠᠩᠰᠠᠯᠠᠭᠤᠯᠤᠭᠰᠠᠨ ᠤ ᠳᠠᠷᠠᠭ᠎ᠠ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠠᠯᠠᠱᠠ ᠠᠶᠢᠮᠠᠭ ᠤᠨ ᠬᠤᠪᠢᠶᠠᠷᠢ ᠪᠠᠩᠬᠢ᠂ ᠡᠯ᠎ᠡ ᠬᠤᠰᠢᠭᠤ ᠣᠷᠣᠨ︶      ︵ᠶᠢᠰᠦ︶ ᠰᠢᠨᠵᠢᠯᠡᠬᠦ ᠣᠬᠠᠭᠠᠨ ᠮᠡᠷᠭᠡᠵᠢᠯ ᠤᠨ ᠠᠲᠠᠯ ᠦᠢᠯᠡᠰ ᠴᠣᠠᠠᠴᠠᠯᠬᠠᠥ ᠠᠴᠢᠶᠡᠯᠡᠪᠦᠷᠢ ᠶᠢᠨ ᠪᠠᠶᠢᠭᠤᠯᠥᠯᠳᠡ ᠶᠢ ᠴᠢᠩᠭᠠᠳᠬᠠᠨ᠎ᠠ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠣᠭᠴᠢ ᠳᠤ ᠲᠣᠰ ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ ᠬᠤᠶᠢᠨ᠎ᠠ ᠨᠢ ᠣᠯᠭᠤᠨ᠎ᠠ︔ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠰᠢᠩ ᠴᠤᠸᠠᠩ ᠲᠢᠶᠠᠨ ᠳ᠋ᠢ ᠳᠤ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠥᠬᠦᠪᠥᠷᠢ ᠪᠠᠯᠠ ᠮᠥᠩᠭᠦ ᠶᠢᠨ ᠳᠡᠮᠵᠢᠯᠭᠡ ᠶᠢ ᠬᠤᠶᠢᠨ᠎ᠠ ᠨᠢ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠰᠢᠯᠢᠳᠡᠭ ᠳᠡᠰ ᠬᠦᠷᠳᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠣᠭᠴᠢ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠣᠷᠣᠨ ᠵᠠᠶ᠂ ᠰᠢᠩ ᠴᠤᠸᠠᠩ ᠲᠢᠶᠠᠨ ᠳ᠋ᠢ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ ᠪᠠᠷ 30 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠱᠠᠩᠨᠠᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠡᠯᠡ ᠮᠥᠩᠭᠦ ᠶᠢ ᠴᠥᠮ ᠪᠣᠶᠢᠵᠢᠭᠤᠯᠣᠭᠴᠢ ᠠᠵᠤ ᠠᠬᠤᠶᠢᠯᠠᠯ ᠳᠤ ᠲᠤᠰᠬᠠᠶᠢᠵᠢᠭᠰᠠᠨ᠂ ᠣᠨᠣᠪᠴᠢᠯᠠᠭᠰᠠᠨ᠂ ᠥᠪᠡᠷᠮᠢᠴᠡ ᠣᠨᠴᠠᠯᠢᠭ ᠲᠠᠢ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠬᠠᠩᠭᠠᠬᠤ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶    ᠭᠤᠷᠪᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠨ᠎ᠠ    ︵ᠠᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ ᠤᠨ ᠰᠢᠰᠲ᠋ᠧᠮ ᠢ ᠪᠠᠶᠢᠭᠤᠯᠣᠨ᠎ᠠ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠠᠯᠠᠱᠠ ᠶᠢᠨ ᠬᠤᠪᠢᠶᠠᠷᠢ ᠲᠥᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠵᠢᠯ ᠪᠦᠷᠢ 50 ᠲᠦᠮᠡᠨ ᠲᠥᠭᠦᠷᠢᠭ ᠤᠨ ᠡᠵᠡᠩᠨᠡᠯᠲᠡ ᠶᠢᠨ ᠵᠠᠷᠤᠳᠠᠯ ᠤᠨ ᠳᠡᠮᠵᠢᠯᠭᠡ ᠦᠵᠡᠭᠦᠯᠵᠦ ᠂ ᠭᠤᠤᠯᠳᠠᠭᠤ ᠰᠢᠨ᠎ᠡ ᠶᠢ ᠡᠭᠦᠳᠬᠦ ᠭᠤᠤᠯ ᠴᠣᠭᠴᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠬᠠᠩᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠠᠨᠢᠯᠴᠠᠭᠤᠯᠬᠤ᠂ ᠦᠵᠡᠬᠦᠯᠬᠦ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠭᠠᠵᠠᠷ ᠣᠷᠣᠨ ᠤ ᠮᠡᠷᠭᠡᠵᠢᠯ ᠤᠨ ᠵᠠᠭᠤᠴᠢ ᠴᠢᠳᠠᠪᠤᠷᠢᠲᠠᠨ᠂ ︽ᠰᠢᠨᠵᠢᠯᠡᠬᠦ ᠤᠬᠠᠭᠠᠨᠲᠠᠨ +ᠢᠨᠵᠧᠨᠧᠷ︾ ᠪᠠ ︽ᠰᠢᠨ᠎ᠡ ᠬᠤᠣᠰ ᠡᠭᠦᠳᠦᠯᠳᠡ︾ ᠭᠤᠷᠪᠠᠨ ᠡᠩᠨᠡᠭᠡ ᠶᠢ ᠵᠣᠬᠢᠶᠠᠨ ᠪᠠᠶᠢᠭᠤᠯᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠣᠷᠣᠨ ᠳᠤ ᠲᠣᠰ ᠲᠣᠰ 200 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠰᠢᠨ᠎ᠡ ᠪᠠᠷ ᠵᠥᠪᠰᠢᠶᠡᠷᠡᠭᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠰᠠᠭᠤᠷᠢᠨ ᠭᠠᠵᠠᠷ ᠪᠠ ᠦᠢᠯᠡᠴᠢᠯᠡᠭᠡᠨ ᠤ ᠲᠠᠪᠴᠠᠩ ᠳᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ᠂ ᠪᠠᠯᠠ ᠮᠥᠩᠭᠦ ᠶᠢ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠪᠤᠶᠢᠵᠢᠭᠤᠯᠬᠤ᠂ ᠦᠷ᠎ᠡ ᠪᠦᠲᠦᠭᠡᠯ ᠢ ᠣᠯᠠᠷᠢᠭᠤᠯᠬᠤ ᠪᠠ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠢ ᠬᠥᠮᠦᠵᠢᠭᠦᠯᠬᠦ᠂ ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ ᠠᠪᠬᠤ ᠳᠤ ᠬᠡᠷᠡᠭᠯᠡᠬᠦ ᠶᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠰᠢᠯᠢᠳᠡᠭ ᠳᠡᠰ ᠬᠦᠷᠳᠡᠭᠰᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠬᠥᠮᠦᠵᠢᠭᠦᠯᠬᠦ ᠰᠠᠭᠤᠷᠢᠨ ᠭᠠᠵᠠᠷ ᠲᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠶ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ︔ ᠮᠡᠷᠭᠡᠵᠢᠯ ᠤᠨ ᠵᠠᠭᠤᠴᠢᠯᠠᠭᠴᠢ/ ᠡᠵᠡᠩᠨᠡᠨ ᠬᠠᠮᠢᠶᠠᠷᠤᠭᠴᠢ ᠶᠢ 1 ᠬᠥᠮᠦᠵᠢᠭᠦᠯᠬᠦ ᠪᠦᠷᠢ ᠳᠤ ᠮᠡᠷᠭᠡᠵᠢᠯ ᠢ ᠰᠢᠯᠵᠢᠭᠦᠯᠬᠦ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠠᠷ ᠲᠤ 1000 ᠲᠥᠭᠦᠷᠢᠭ ᠤᠨ ᠱᠠᠩᠨᠠᠯ ᠣᠯᠭᠤᠵᠤ᠂ ᠵᠢᠯ ᠪᠦᠷᠢ 10 ᠲᠦᠮᠡᠨ ᠲᠥᠭᠦᠷᠢᠭ ᠠᠴᠠ ᠬᠡᠲᠦᠷᠡᠭᠦᠯᠬᠦ ᠥᠬᠡᠶ︔ ᠪᠡᠯᠡ ᠮᠥᠩᠭᠦ ᠶᠢ ᠪᠠᠭᠰᠢ ᠶᠢᠨ ᠡᠩᠨᠡᠭᠡ ᠶᠢ ᠣᠷᠣᠭᠤᠯᠤᠨ ᠬᠥᠮᠦᠵᠢᠭᠦᠯᠬᠦ᠂ ᠮᠡᠷᠭᠡᠵᠢᠯ ᠤᠨ ᠵᠠᠭᠤᠴᠢᠯᠠᠭᠴᠢ ᠶᠢᠨ ᠪᠣᠯᠪᠠᠰᠤᠷᠠᠯ ᠥᠷᠨᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶     ︵ᠠᠷᠪᠠᠨ ᠨᠢᠭᠡ︶ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠶᠡᠬᠡᠪᠡᠷ ᠪᠤᠶᠢᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠠᠯᠠᠱᠠ ᠠᠶᠢᠮᠠᠭ ᠲᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠪᠠᠷ ᠳᠠᠩᠰᠠᠯᠠᠭᠤᠯᠬᠤ ᠶᠢ ᠳᠡᠮᠵᠢᠵᠦ᠂ ᠰᠢᠨ᠎ᠡ ᠪᠠᠷ ᠳᠠᠩᠰᠠᠯᠠᠭᠤᠯᠤᠭᠰᠠᠨ ᠤᠯᠤᠰ ᠤᠨ ᠮᠡᠷᠭᠡᠵᠢᠯ ᠢ ᠰᠢᠯᠵᠢᠭᠦᠯᠬᠦ ᠵᠢᠱᠢᠶ᠎ᠡ ᠦᠵᠡᠭᠦᠯᠬᠦ ᠪᠠᠶᠢᠭᠤᠯᠤᠮᠵᠢ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠢ ᠰᠢᠯᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠶᠡᠭᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠠᠯᠠᠱᠠ ᠠᠶᠢᠮᠠᠭ ᠤᠨ ᠠᠵᠤ ᠠᠬᠤᠶᠢᠯᠠᠯ ᠳᠤ ᠰᠢᠯᠵᠢᠭᠦᠯᠦᠨ ᠤᠯᠠᠷᠢᠭᠤᠯᠬᠤ ᠶᠢ ᠠᠬᠢᠭᠤᠯᠤᠭᠰᠠᠨ ᠮᠡᠷᠭᠡᠵᠢᠯ ᠢ ᠰᠢᠯᠵᠢᠭᠦᠯᠦᠨ ᠥᠭᠬᠦ ᠦᠢᠯᠡᠴᠢᠯᠡᠭᠡᠨ ᠤ ᠪᠠᠶᠢᠭᠤᠯᠤᠮᠵᠢ ᠳᠤ ᠮᠡᠷᠭᠡᠵᠢᠯ ᠤᠨ ᠭᠡᠷ᠎ᠡ ᠶᠢᠨ ᠪᠣᠳᠠᠲᠠᠶ ᠠᠷᠠᠯᠵᠢᠶᠠᠨ ᠤ ᠲᠤᠭ᠎ᠠ ᠶᠢᠨ 5% ᠪᠠᠷ ᠨᠥᠬᠦᠪᠥᠷᠢ ᠥᠭᠴᠦ᠂ ᠮᠡᠷᠭᠡᠵᠢᠯ ᠤᠨ ᠭᠡᠷ᠎ᠡ ᠨᠢᠭᠡᠪᠦᠷᠢ ᠶᠢᠨ ᠨᠥᠬᠦᠪᠥᠷᠢ ᠶᠢ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃   ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶     ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠪᠠ ᠮᠡᠷᠭᠡᠵᠢᠯ ᠤᠨ ᠠᠷᠠᠯᠵᠢᠶ᠎ᠠ ᠬᠢᠬᠦ ᠶᠢ ᠠᠬᠢᠭᠤᠯᠣᠨ᠎ᠠ᠃ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠵᠤ ᠦᠢᠯᠡᠰᠵᠢᠭᠦᠯᠦᠭᠰᠡᠨ ᠴᠢᠬᠤᠯᠠ ᠶᠡᠭᠡ ᠲᠥᠷᠥᠯ ᠵᠦᠢᠯ ᠳᠤ ᠲᠤᠰᠠᠯᠠᠮᠵᠢ ᠦᠵᠡᠭᠦᠯᠵᠦ᠂ ᠲᠠᠩ ᠭᠠᠭᠴᠠ ᠲᠥᠷᠥᠯ ᠵᠦᠢᠯ ᠤᠨ ᠲᠤᠰᠠᠯᠠᠮᠵᠢ ᠶᠢ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠬᠤᠳᠠᠯᠳᠤᠨ ᠠᠪᠤᠭᠴᠢ ᠪᠤᠶᠤ ᠬᠤᠳᠠᠯᠳᠤᠭᠴᠢ ᠶᠢᠨ ᠲᠠᠯ᠎ᠠ ᠪᠠᠷ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠬᠢᠬᠦ ᠶᠢᠨ ᠬᠠᠮᠲᠤ ᠦᠨᠡᠯᠡᠨ ᠵᠢᠱᠢᠬᠦ ᠪᠠᠷ ᠳᠡᠮᠵᠢᠨ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠮᠡᠷᠭᠡᠵᠢᠯ ᠤᠨ ᠭᠡᠷ᠎ᠡ ᠶᠢᠨ ᠪᠣᠳᠠᠲᠠᠶ ᠠᠷᠠᠯᠵᠢᠶᠠᠨ ᠤ ᠲᠤᠭ᠎ᠠ ᠶᠢᠨ 5% ᠪᠠᠷ ᠬᠤᠶᠢᠨ᠎ᠠ ᠨᠢ ᠨᠥᠬᠦᠪᠥᠷᠢ ᠣᠯᠭᠤᠵᠤ᠂ ᠭᠡᠷ᠎ᠡ ᠨᠢᠭᠡᠪᠦᠷᠢ ᠨᠢ ᠬᠤᠳᠠᠯᠳᠤᠨ ᠠᠪᠤᠭᠴᠢ ᠪᠤᠶᠤ ᠬᠤᠳᠠᠯᠳᠤᠭᠴᠢ ᠶᠢᠨ ᠲᠠᠯ᠎ᠠ ᠶᠢᠨ ᠨᠥᠬᠦᠪᠥᠷᠢ ᠶᠢ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠮᠡᠷᠭᠡᠵᠢᠯ ᠤᠨ ᠵᠠᠭᠤᠴᠢᠯᠠᠭᠴᠢ /ᠳᠠᠭᠠᠭᠠᠮᠠᠯ ᠤᠨ ᠣᠨ ᠤ ᠮᠡᠷᠭᠡᠵᠢᠯ ᠢ ᠰᠢᠯᠵᠢᠭᠦᠯᠦᠨ ᠤᠯᠠᠷᠢᠭᠤᠯᠬᠤ ᠠᠷᠠᠯᠵᠢᠶᠠᠨ ᠤ ᠵᠣᠭᠤᠰ ᠤᠨ ᠲᠤᠭ᠎ᠠ ᠨᠢ 100 ᠲᠦᠮᠡᠨ ᠲᠥᠭᠦᠷᠢᠭ ᠢ ᠳᠠᠪᠠᠭᠰᠠᠨ ᠪᠠᠶᠢᠪᠠᠯ᠂ ᠮᠡᠷᠭᠡᠵᠢᠯ ᠤᠨ ᠠᠷᠠᠯᠵᠢᠶᠠᠨ ᠤ ᠭᠡᠷ᠎ᠡ ᠶᠢᠨ ᠪᠣᠳᠠᠲᠠᠶ ᠠᠷᠠᠯᠵᠢᠶ᠎ᠠ ᠪᠦᠲᠦᠭᠰᠡᠨ ᠲᠤᠭ᠎ᠠ ᠶᠢᠨ 2% ᠢᠶᠠᠷ ᠱᠠᠩᠨᠠᠨ ᠬᠥᠬᠢᠭᠦᠯᠵᠦ᠂ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶     ︵ᠠᠷᠪᠠᠨ ᠭᠤᠷᠪᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠱᠠᠩᠨᠠᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠤᠭᠰᠠᠨ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠵᠢᠴᠢ ᠬᠠᠮᠢᠶ᠎ᠠ ᠪᠥᠬᠦᠶ ᠬᠥᠮᠦᠰ ᠲᠤ ᠤᠯᠤᠰ ᠤᠨ ᠱᠠᠩᠨᠠᠯ ᠤᠨ ᠮᠥᠩᠭᠦ ᠶᠢᠨ ᠲᠤᠭ᠎ᠠ ᠬᠡᠮᠵᠢᠶ᠎ᠡ ᠶᠢᠨ 1᠄ 1 ᠶᠢᠨ ᠬᠠᠷᠢᠴᠠᠯ ᠢᠶᠠᠷ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠪᠠ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠣᠯᠤᠭᠰᠠᠨ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠵᠢᠴᠢ ᠬᠠᠮᠢᠶ᠎ᠠ ᠪᠦᠬᠦᠢ ᠬᠥᠮᠦᠰ ᠲᠤ ᠥᠪᠡᠷᠲᠡᠭᠡᠨ ᠵᠠᠰᠠᠬᠤ ᠣᠷᠣᠨ ᠤ ᠱᠠᠩᠨᠠᠯ ᠤᠨ ᠮᠥᠩᠭᠦ ᠶᠢᠨ ᠲᠤᠭ᠎ᠠ ᠬᠡᠮᠵᠢᠶ᠎ᠡ ᠶᠢᠨ 1᠄ 0.5 ᠶᠢᠨ ᠬᠠᠷᠢᠴᠠᠯ ᠢᠶᠠᠷ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠪᠠ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶     ︵ᠠᠷᠪᠠᠨ ᠳᠥᠷᠪᠡ︶ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ ᠲᠦᠷᠭᠡᠳᠬᠡᠨ᠎ᠡ᠃ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯᠲᠠᠨ ᠤ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠬᠦ ᠡᠷᠬᠡ ᠪᠤᠶᠤ ᠤᠷᠲᠤ ᠬᠤᠭᠤᠴᠠᠭ᠎ᠠ ᠪᠠᠷ ᠬᠡᠷᠡᠭᠯᠡᠬᠦ ᠡᠷᠬᠡ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠶ᠃ ᠰᠣᠳᠣᠯᠥᠨ ᠨᠡᠭᠡᠭᠡᠨ ᠬᠦᠭᠵᠢᠬᠦᠯᠬᠦ ᠨᠢᠭᠡᠴᠡ ᠨᠢ ᠡᠳ᠋ ᠤᠨ ᠵᠠᠰᠠᠭ ᠤᠨ ᠴᠢᠨᠡᠷᠳᠡᠢ ᠪᠡᠯᠡ ᠮᠦᠡᠭᠬᠦ ᠶᠢ ᠠᠰᠢᠠᠠᠯᠠᠨ ᠠᠵᠦ ᠠᠬᠤᠶᠢᠯᠠᠯ᠂ ᠪᠤᠰᠣᠳ ᠨᠡᠶᠢᠭᠡᠮ ᠤᠨ ᠵᠤᠬᠢᠶᠡᠨ ᠪᠠᠶᠢᠭᠤᠯᠥᠯᠳᠡ ᠶᠢᠨ ᠨᠡᠶᠢᠳᠠᠯᠭ᠎ᠠ ᠶᠢ ᠬᠦᠯᠢᠶᠡᠨ ᠠᠪᠴᠥ ᠪᠤᠢ ᠪᠣᠯᠣᠭᠰᠠᠨ ᠨᠢᠭᠡᠴᠡ ᠳᠤ ᠦᠮᠴᠢᠯᠡᠭᠳᠡᠬᠦ ᠲᠣᠰᠢᠶᠡᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠠ ᠪᠦᠳᠦᠭᠡᠯ ᠤᠨ ᠦᠮᠴᠢᠯᠡᠬᠦ ᠡᠷᠬᠡ ᠠᠴᠠ ᠦᠷ᠎ᠠ ᠪᠦᠳᠦᠭᠡᠯ ᠢ ᠪᠡᠶᠡᠯᠡᠬᠦᠯᠦᠭᠴᠢ ︵ᠪᠦᠯᠬᠦᠮ ᠨᠡᠶᠢᠲᠡ︶ ᠳᠤ ᠣᠯᠭᠤᠵᠦ᠂ ᠰᠣᠳᠣᠯᠥᠨ ᠨᠡᠭᠡᠭᠡᠨ ᠬᠦᠭᠵᠢᠬᠦᠯᠬᠦ ᠨᠢᠭᠡᠴᠡ ᠬᠢᠭᠡᠳ ᠦᠷ᠎ᠠ ᠪᠦᠳᠦᠭᠡᠯ ᠢ ᠪᠠᠶᠠᠯᠠᠬᠦᠯᠦᠭᠴᠢ ︵ᠪᠦᠯᠬᠦᠮ ᠨᠡᠶᠢᠲᠡ︶ ᠬᠠᠮᠲᠤ ᠶᠢᠨ ᠥᠮᠴᠢᠯᠡᠯ ᠤᠨ ᠡᠷᠬᠡᠲᠦ ᠬᠥᠮᠦᠨ ᠪᠣᠯᠣᠨ᠎ᠠ᠃ ᠰᠢᠨᠵᠢᠯᠡᠬᠦ ᠤᠬᠠᠭᠠᠨ ᠤ  ᠰᠣᠳᠣᠯᠭᠠᠨ ᠤ ᠠᠵᠢᠯᠲᠠᠳ ᠤᠨ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠠᠰᠢᠭ ᠣᠷᠣᠯᠭ᠎ᠠ ᠶᠢᠨ ᠬᠠᠷᠢᠴᠠᠯ ᠢ ᠳᠡᠭᠡᠭᠰᠢᠯᠡᠭᠦᠯᠵᠦ᠂  ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠣᠯᠭᠠᠨ ᠤ ᠬᠦᠷᠢᠶᠡᠯᠡᠩ ᠭᠠᠵᠠᠷ ᠤᠨ ᠲᠤᠰᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠡᠶᠡᠯᠡᠬᠦᠯᠦᠭᠴᠢ ᠠᠴᠠ ᠣᠯᠠᠷᠢᠭᠤᠯᠣᠭᠰᠠᠨ ᠪᠣᠯ᠂ 70% ᠠᠴᠠ ᠳᠣᠣᠷ᠎ᠠ ᠪᠠᠶᠢᠯᠭᠠᠬᠤ ᠦᠭᠡᠢ ᠪᠠᠷ ᠣᠯᠠᠷᠢᠭᠤᠯᠣᠭᠰᠠᠨ ᠠᠰᠢᠭ ᠣᠷᠣᠯᠭ᠎ᠠ ᠶᠢ ᠪᠡᠶᠡᠯᠡᠬᠦᠯᠦᠭᠴᠢ ᠪᠠ ᠦᠷ᠎ᠡ ᠪᠦᠲᠦᠭᠡᠯ ᠢ ᠤᠯᠠᠷᠢᠭᠤᠯᠬᠤ ᠳᠤ ᠬᠤᠪᠢ ᠨᠡᠮᠡᠷᠢ ᠦᠵᠡᠭᠦᠯᠦᠭᠰᠡᠨ ᠬᠥᠮᠦᠰ ᠢ ᠱᠠᠩᠨᠠᠨ ᠬᠥᠬᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ  ᠨᠤᠲᠤᠭ ᠪᠡᠯᠴᠢᠭᠡᠷ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶    ᠳᠥᠷᠪᠡ᠂ ᠨᠡᠭᠡᠭᠡᠯᠲᠡ ᠬᠢᠵᠦ ᠰᠣᠯᠢᠯᠴᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ    ︵ᠠᠷᠪᠠᠨ ᠲᠠᠪᠤ︶ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠲᠣᠭᠲᠠᠴᠠ ᠶᠢ ᠪᠠᠶᠢᠭᠤᠯᠣᠨ᠎ᠠ᠃ ᠥᠪᠡᠷᠲᠡᠭᠡᠨ ᠵᠠᠰᠠᠬᠤ ᠣᠷᠣᠨ ᠤ ︽4+8+N︾ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠣᠭᠲᠠᠴᠠ ᠶᠢ ᠨᠠᠶᠢᠳᠠᠪᠤᠷᠢᠵᠢᠭᠤᠯᠵᠤ᠂ ᠬᠥᠭᠵᠢᠭᠰᠡᠨ ᠭᠠᠵᠠᠷ ᠣᠷᠣᠨ ᠪᠠ ᠨᠠᠷᠠᠲᠤ ᠳᠡᠭᠡᠳᠦ ᠰᠤᠷᠭᠠᠭᠤᠯᠢ᠂ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠬᠡᠷᠡᠭᠵᠢᠭᠦᠯᠬᠦ᠂ ᠰᠢᠨ᠎ᠡ ᠶᠢ ᠡᠭᠦᠳᠬᠦ ᠲᠠᠪᠴᠠᠩ ᠠᠴᠢᠶᠠᠯᠠᠪᠤᠷᠢ ᠶᠢ ᠪᠠᠶᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠪᠥᠬᠦ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠯᠠᠱᠠ ᠠᠶᠢᠮᠠᠭ ᠲᠤ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠤᠭᠰᠠᠨ ᠪᠥᠭᠡᠳ ᠪᠣᠳᠠᠲᠠᠶ ᠡᠵᠡᠩᠨᠡᠭᠰᠡᠨ ᠪᠠᠶᠢᠪᠠᠯ᠂ ᠰᠤᠳᠤᠯᠤᠨ ᠨᠡᠭᠡᠭᠡᠬᠦ ᠵᠠᠷᠤᠳᠠᠯ ᠤᠨ ᠳᠡᠮᠵᠢᠯᠭᠡ ᠦᠵᠡᠭᠦᠯᠵᠦ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠠᠯᠠᠱᠠ ᠠᠶᠢᠮᠠᠭ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠳᠤ ᠢᠯᠡᠳᠲᠡ ᠬᠤᠪᠢ ᠨᠡᠮᠡᠷᠢ ᠦᠵᠡᠭᠦᠯᠦᠭᠰᠡᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶      ︵ᠠᠷᠪᠠᠨ ᠵᠢᠷᠭᠤᠭ᠎ᠠ︶  ᠣᠯᠠᠨ ᠣᠯᠣᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠰᠣᠯᠢᠯᠴᠠᠭ᠎ᠠ ᠶᠢ ᠴᠢᠩᠭᠠᠳᠬᠠᠨ᠎ᠠ᠃ ᠬᠥᠭᠵᠢᠭᠰᠡᠨ ᠤᠯᠤᠰ ᠵᠢᠴᠢ ᠡᠷᠭᠢᠨ ᠲᠣᠭᠤᠷᠢᠨ ᠤ ᠤᠯᠤᠰ ᠪᠠ ᠭᠠᠵᠠᠷ ᠣᠷᠣᠨ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠶᠢ ᠴᠢᠩᠭᠠᠳᠬᠠᠨ᠎ᠠ᠃ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠵᠢᠯ ᠲᠥᠷᠥᠯ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠭᠠᠳᠠᠭᠠᠳᠤ ᠶᠢᠨ ᠮᠡᠷᠭᠡᠵᠢᠯ ᠢ ᠣᠷᠣᠭᠤᠯᠵᠤ ᠢᠷᠡᠬᠦ᠂ ᠡᠵᠡᠮᠰᠢᠬᠦ ᠪᠠ ᠰᠢᠨ᠎ᠡ ᠶᠢ ᠡᠭᠦᠳᠬᠦ ᠶᠢ ᠢᠳᠡᠪᠬᠢᠲᠡᠶ ᠥᠷᠨᠢᠭᠦᠯᠵᠦ᠂ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠵᠤ ᠢᠷᠡᠬᠦ ᠠᠵᠤ ᠦᠢᠯᠡᠰᠵᠢᠬᠦᠯᠬᠦ ᠶᠢ ᠠᠬᠢᠭᠤᠯᠤᠨ᠎ᠠ᠃ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠵᠡᠷᠭᠡ ᠲᠠᠪᠴᠠᠩ ᠠᠴᠢᠶᠠᠯᠠᠪᠤᠷᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠰᠠᠭᠤᠷᠢᠨ ᠭᠠᠵᠠᠷ ᠲᠤ ᠲᠣᠰ ᠲᠣᠰ 50 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ︶      ︵ᠠᠷᠪᠠᠨ ᠳᠣᠯᠤᠭ᠎ᠠ︶ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠤᠳᠠᠯᠳᠣᠭᠠᠴᠢᠨ ᠤᠷᠢᠵᠤ ᠪᠡᠯᠡ ᠲᠠᠲᠠᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠠᠱᠠ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠰᠠᠭᠤᠷᠢ ᠮᠥᠩᠭᠦ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠦᠨ᠂ ᠠᠶᠢᠮᠠᠭ ᠤᠨ ᠭᠠᠳᠠᠨᠠᠬᠢ ᠠᠵᠤ ᠠᠬᠤᠶᠢᠯᠠᠯ᠂ ᠳᠡᠭᠡᠳᠦ ᠲᠠᠰ ᠤᠨ ᠴᠢᠳᠠᠪᠤᠷᠢᠲᠠᠨ ︵ᠪᠦᠯᠬᠦᠮ ᠨᠡᠶᠢᠲᠡ ︶ ᠢ ᠣᠷᠢᠵᠦ ᠲᠥᠷᠥᠯ ᠵᠦᠢᠯ᠂ ᠮᠡᠷᠭᠡᠵᠢᠯ᠂ ᠲᠠᠪᠴᠠᠩ ᠵᠡᠷᠭᠡ ᠶᠢ ᠠᠯᠠᠱᠠ ᠠᠶᠢᠮᠠᠭ ᠲᠤ ᠨᠠᠶᠢᠳᠠᠪᠣᠷᠢᠵᠢᠭᠤᠯᠣᠨ᠎ᠠ᠃ ᠳᠣᠯᠣᠭᠠᠶᠢᠯᠠᠭᠴᠢ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠠᠯᠠᠱᠠ ᠠᠶᠢᠮᠠᠭ ᠲᠤ ᠬᠤᠪᠢᠶᠠᠷᠢ ᠲᠥᠪ ᠪᠠᠶᠢᠭᠤᠯᠬᠤ ᠪᠤᠶᠤ ᠠᠶᠢᠮᠠᠭ ᠤᠨ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠬᠠᠮᠲᠤᠷᠠᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ ᠶᠢᠨ ᠬᠠᠮᠲᠤ ᠠᠵᠢᠯ ᠢᠶᠠᠨ ᠥᠷᠨᠢᠭᠦᠯᠬᠦ ᠶᠢ ᠳᠡᠮᠵᠢᠨ᠎ᠡ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ᠂ ᠭᠤᠤᠯᠯᠠᠬᠤ ᠮᠡᠷᠭᠡᠵᠢᠯ ᠪᠠ ᠠᠵᠤ ᠦᠢᠯᠡᠰ ᠤᠨ ᠪᠣᠭᠤᠮᠢ ᠶᠢᠨ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠲᠥᠷᠥᠯ ᠵᠦᠢᠯ ᠳᠤ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠤᠨᠴᠠᠯᠢᠬᠳᠤ ᠠᠵᠤ ᠦᠢᠯᠡᠰ ᠢ ᠬᠦᠭᠵᠢᠬᠦᠯᠬᠦ ᠲᠥᠪ︶     ᠲᠠᠪᠤ᠂ ᠴᠢᠳᠠᠪᠤᠷᠢᠲᠠᠨ ᠢ ᠣᠷᠣᠭᠤᠯᠬᠤ ᠪᠠ ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠣᠨ᠎ᠠ     ︵ᠠᠷᠪᠠᠨ ᠨᠠᠢᠮᠠ︶ ᠳᠡᠭᠡᠳᠦ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠶᠡᠬᠡᠪᠡᠷ ᠣᠷᠣᠭᠤᠯᠵᠤ ᠬᠥᠮᠦᠵᠢᠭᠦᠯᠦᠨ᠎ᠡ᠃ ︽ᠠᠯᠠᠱᠠ ᠠᠶᠢᠮᠠᠭ ᠤᠨ ᠴᠢᠳᠠᠪᠤᠷᠢᠲᠠᠨ ᠢ ᠣᠷᠣᠭᠤᠯᠬᠤ ᠬᠥᠮᠦᠵᠢᠭᠦᠯᠬᠦ ᠪᠠ ᠦᠢᠯᠡᠴᠢᠯᠡᠬᠦ ᠪᠠᠳᠣᠯᠠᠬᠤ ᠬᠠᠮᠢᠶᠠᠷᠬᠤ ᠳᠣᠬᠠᠢ ᠠᠷᠭ᠎ᠠ︾ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠪᠠ ᠤᠷᠮᠠᠰᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠳᠡᠯᠡᠨ᠎ᠡ᠃ ᠪᠦᠬᠦ ᠲᠤᠰᠢᠶᠠᠯ ᠢᠶᠠᠷ ᠮᠠᠨ ᠤ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠳᠣᠲᠣᠷᠠᠬᠢ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ︵ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠵᠤ ᠬᠠᠮᠢᠶᠠᠷᠬᠤ  ᠠᠵᠢᠯ ᠦᠢᠯᠡᠰ ᠤᠨ ᠨᠢᠬᠡᠴᠡ ᠪᠠᠭᠲᠠᠬᠤ ᠦᠭᠡᠢ︶ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠣᠷᠭᠠᠭᠤᠯᠢ ᠳᠤ ᠣᠷᠢᠭᠳᠠᠭᠰᠠᠨ ᠳᠡᠭᠡᠳᠦ ᠵᠡᠷᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠳ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠲᠦᠷᠦᠭᠦᠯᠡᠨ ᠮᠡᠳᠡᠭᠦᠯᠦᠭᠰᠡᠨ ᠪᠠᠶᠢᠪᠠᠯ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠬᠢᠨᠠᠨ ᠲᠣᠭᠲᠠᠭᠠᠯᠭᠠᠵᠤ ᠰᠤᠳᠤᠯᠤᠭᠰᠠᠨ ᠤ ᠳᠠᠷᠠᠭ᠎ᠠ᠂ ᠠᠳᠠᠯᠢ ᠨᠥᠬᠦᠴᠡᠯ ᠤᠨ ᠳᠣᠤᠷ᠎ᠠ ᠤᠷᠢᠳᠠᠪᠠᠷ ᠲᠥᠷᠥᠯ ᠵᠦᠢᠯ ᠲᠣᠭᠲᠠᠭᠠᠵᠤ᠂ ᠬᠠᠮᠤᠭ ᠤᠨ ᠥᠨᠳᠥᠷ ᠲᠡᠭᠡᠨ 200 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠬᠤᠰᠢᠭᠤ ᠣᠷᠣᠨ︶    ︵ᠠᠷᠪᠠ ᠶᠢᠰᠦ︶ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠶᠢ ᠡᠭᠦᠳᠬᠦ ᠬᠦᠴᠦᠨ ᠵᠦᠢᠯ ᠢ ᠠᠵᠤ ᠠᠬᠤᠶᠢᠯᠠᠯ ᠲᠡᠰᠢ ᠲᠥᠪᠯᠡᠷᠡᠭᠦᠯᠬᠦ ᠶᠢ ᠬᠥᠲᠥᠯᠥᠨ ᠵᠢᠯᠣᠭᠤᠳᠴᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠠᠬᠢᠭᠤᠯᠤᠨ᠎ᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠣᠨᠣᠪᠴᠢᠲᠠᠢ ᠰᠣᠩᠭᠤᠨ ᠤᠷᠢᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠵᠠᠰᠠᠭ ᠠᠵᠤ ᠠᠬᠤᠶᠢᠯᠠᠯ ᠬᠠᠷᠢᠯᠴᠠᠨ ᠨᠡᠪᠲᠡᠷᠡᠯᠴᠡᠬᠦ ︽ᠬᠤᠯᠪᠣᠭᠠᠰᠣ︾ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ  ᠶᠢ ᠪᠠᠶᠢᠭᠤᠯᠬᠤ ᠪᠠᠷ ᠳᠠᠩᠰᠠᠯᠠᠭᠤᠯᠣᠭᠰᠠᠨ ᠭᠤᠤᠯ ᠴᠣᠭᠴᠠ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ︽ᠭᠤᠷᠪᠠᠨ ᠣᠷᠣᠨ︾ ᠤ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠠᠷᠢᠶᠠᠯᠠᠩ ᠮᠠᠯ ᠠᠵᠤ ᠠᠬᠤᠶ ᠶᠢᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠲᠦᠭᠡᠮᠡᠯᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠣᠯᠠᠷᠢᠭᠤᠯᠬᠤ ᠶᠢ ᠠᠬᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢ ᠠᠬᠢᠭᠤᠯᠬᠤ ᠵᠡᠷᠭᠡ ᠲᠠᠯ᠎ᠠ ᠪᠠᠷ ᠬᠢ ᠵᠢᠱᠢᠶ᠎ᠡ ᠦᠵᠡᠭᠦᠯᠦᠨ ᠠᠬᠢᠭᠤᠯᠬᠤ ᠦᠢᠯᠡᠳᠦᠯ ᠢ ᠪᠦᠲᠦᠮᠵᠢᠲᠡᠶ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯᠯᠠᠬᠤ ᠦᠷᠳᠡᠭᠡ ᠶᠢ  ᠪᠠᠶᠢᠭᠤᠯᠬᠤ ᠪᠠᠷ ᠳᠠᠩᠰᠠᠯᠠᠭᠤᠯᠣᠭᠰᠠᠨ ᠭᠤᠤᠯ ᠴᠣᠭᠴᠠ ᠳᠤ ᠨᠢᠭᠡ ᠤᠳᠠᠭ᠎ᠠ ᠶᠢᠨ ᠴᠢᠨᠠᠷᠲᠠᠶ ᠪᠠᠷ 10 ᠲᠦᠮᠡᠨ ᠲᠥᠭᠦᠷᠢᠭ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠳᠡᠭᠡᠷᠡᠬᠢ ᠪᠡᠯᠡ ᠮᠥᠩᠭᠦ ᠶᠢ ᠠᠵᠢᠯᠯᠠᠬᠤ ᠥᠷᠲᠡᠭᠡ ᠶᠢᠨ ᠰᠣᠩᠭᠤᠨ ᠤᠷᠢᠬᠤ ᠬᠥᠮᠦᠰ ᠢ ᠪᠣᠯᠪᠠᠰᠤᠷᠠᠭᠤᠯᠬᠤ᠂ ᠬᠠᠮᠢᠶᠠᠷᠬᠤ ᠪᠠ ᠠᠵᠢᠯᠯᠠᠬᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠡᠯ᠎ᠡ ᠬᠤᠰᠢᠭᠤ ᠣᠷᠣᠨ︶      ᠵᠢᠷᠭᠤᠭ᠎ᠠ᠂ ᠰᠢᠨᠵᠢᠯᠡᠬᠦ ᠤᠬᠠᠭᠠᠨ ᠤ ᠰᠣᠳᠣᠯᠭᠠᠨ ᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ     ︵ᠬᠤᠷᠢ︶ ᠰᠢᠨᠵᠢᠯᠡᠬᠦ ᠣᠬᠠᠭᠠᠨ ᠤ ᠰᠣᠳᠣᠯᠭᠠᠨ ᠤ ᠠᠵᠢᠯᠲᠠᠨ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ᠃ ᠲᠥᠷᠥᠯ ᠵᠦᠢᠯ ᠤᠨ ᠬᠠᠷᠢᠭᠤᠴᠠᠯᠭᠠᠲᠠᠨ ᠲᠣᠭᠲᠠᠭᠠᠯ ᠶᠣᠰᠣᠭᠠᠷ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢᠶᠠᠨ ᠡᠵᠡᠨ ᠮᠡᠳᠡᠨ ᠲᠣᠬᠢᠷᠠᠭᠤᠯᠵᠤ᠂ ᠰᠤᠳᠤᠯᠭᠠᠨ ᠤ ᠬᠠᠷᠠᠯᠲᠠ ᠪᠠᠨ ᠪᠠᠭᠤᠷᠠᠭᠤᠯᠬᠤ ᠦᠭᠡᠢ ᠤᠷᠢᠲᠠᠯ ᠳᠣᠣᠷ᠎ᠠ ᠰᠤᠳᠤᠯᠭᠠᠨ ᠤ ᠲᠥᠰᠦᠯ ᠪᠠ ᠮᠡᠷᠭᠡᠵᠢᠯ ᠤᠨ ᠱᠤᠭᠤᠮ ᠢᠶᠠᠨ ᠲᠣᠬᠢᠷᠠᠭᠤᠯᠵᠤ᠂ ᠲᠥᠷᠥᠯ ᠵᠦᠢᠯ ᠤᠨ ᠭᠤᠣᠯᠴᠢᠯᠠᠨ ᠬᠠᠮᠢᠶᠠᠷᠬᠤ ᠨᠢᠬᠡᠴᠡ ᠪᠠ ᠰᠢᠰᠲ᠋ᠧᠮᠵᠢᠭᠦᠯᠦᠨ ᠬᠠᠮᠢᠶᠠᠷᠬᠤ ᠨᠢᠭᠡᠴᠡ ᠳᠤ ᠮᠡᠳᠡᠭᠦᠯᠦᠨ ᠳᠠᠩᠰᠠᠯᠠᠭᠤᠯᠵᠤ ᠪᠣᠯᠣᠨ᠎ᠠ᠃ ᠲᠥᠷᠥᠯ ᠵᠦᠢᠯ ᠤᠨ ᠵᠠᠷᠤᠳᠠᠯ ᠤᠨ ᠲᠥᠰᠦᠪ ᠢ ᠨᠠᠶᠢᠷᠠᠭᠤᠯᠤᠨ ᠵᠣᠬᠢᠶᠠᠬᠤ ᠶᠢ ᠳᠥᠭᠦᠮᠴᠢᠯᠡᠵᠦ᠂ ᠲᠥᠷᠥᠯ ᠵᠦᠢᠯ ᠤᠨ ᠰᠢᠭᠤᠳ ᠵᠠᠷᠤᠳᠠᠯ ᠤᠨ ᠳᠣᠲᠣᠷᠠᠬᠢ ᠲᠥᠬᠦᠭᠡᠷᠦᠮᠵᠢ ᠶᠢᠨ ᠵᠠᠷᠤᠳᠠᠯ ᠠᠴᠠ ᠪᠤᠰᠤᠳ ᠵᠠᠷᠤᠳᠠᠯ ᠢ ᠵᠥᠪᠬᠡᠨ ᠦᠨᠳᠦᠰᠦᠨ ᠲᠥᠰᠦᠭᠡᠯᠡᠨ ᠪᠣᠳᠣᠭᠰᠠᠨ ᠲᠣᠳᠣᠷᠬᠠᠶᠢᠯᠠᠯ ᠬᠠᠩᠭᠠᠵᠤ ᠪᠣᠯᠤᠨ᠎ᠠ᠃ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠡᠵᠡᠨ ᠮᠡᠳᠡᠬᠦ ᠡᠷᠬᠡ ᠶᠢ ᠥᠷᠭᠡᠳᠬᠡᠵᠦ᠂ ᠲᠥᠷᠥᠯ ᠵᠦᠢᠯ ᠤᠨ ᠰᠢᠭᠤᠳ ᠵᠠᠷᠤᠳᠠᠯ ᠤᠨ ᠳᠣᠲᠣᠷ᠎ᠠ ᠠᠴᠠ ᠲᠥᠬᠦᠭᠡᠷᠦᠮᠵᠢ ᠶᠢᠨ ᠵᠠᠷᠤᠳᠠᠯ ᠢ ᠭᠠᠷᠭᠠᠪᠠᠯ᠂ ᠪᠤᠰᠤᠳ ᠲᠥᠷᠥᠯ ᠤᠨ ᠵᠠᠷᠤᠳᠠᠯ ᠢ ᠲᠣᠬᠢᠷᠠᠭᠤᠯᠬᠤ ᠡᠷᠬᠡ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠦᠬᠦᠨ ᠢ ᠲᠥᠷᠥᠯ ᠵᠦᠢᠯ ᠤᠨ ᠬᠠᠷᠢᠭᠤᠴᠠᠯᠭᠠᠲᠠᠨ ᠳᠤ ᠳᠠᠭᠠᠭᠠᠯᠭᠠᠨ᠎ᠠ᠃ ᠲᠥᠷᠥᠯ ᠵᠦᠢᠯ ᠤᠨ ᠵᠠᠷᠤᠳᠠᠯ ᠢ ︽ᠳᠠᠭᠠᠭᠠᠴᠢᠯᠠᠬᠤ ᠳᠦᠷᠢᠮ︾ ᠤᠨ ᠲᠤᠷᠰᠢᠯᠲᠠ ᠶᠢᠨ ᠠᠵᠢᠯ ᠢ ᠥᠷᠨᠢᠭᠦᠯᠵᠦ᠂ ᠰᠣᠳᠣᠯᠭᠠᠨ ᠤ ᠲᠥᠷᠥᠯ ᠤᠨ ᠬᠠᠷᠢᠴᠠᠯ ᠢ ᠬᠢᠵᠠᠭᠠᠷᠯᠠᠬᠤ ᠦᠭᠡᠶ ᠪᠠᠶᠢᠵᠤ᠂ ᠰᠢᠨᠵᠢᠯᠡᠬᠦ ᠤᠬᠠᠭᠠᠨ ᠤ ᠰᠣᠳᠣᠯᠭᠠᠨ ᠤ ᠪᠦᠯᠬᠦᠮ ᠥᠪᠡᠷ   ᠢᠶᠠᠨ ᠡᠵᠡᠨ ᠮᠡᠳᠡᠵᠦ ᠲᠣᠭᠲᠠᠭᠠᠨ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ  ᠤᠨ ᠰᠢᠨᠵᠢᠯᠡᠬᠦ ᠤᠬᠠᠭᠠᠨ ᠮᠡᠷᠭᠡᠵᠢᠯ  ᠤᠨ ᠲᠣᠪᠴᠢᠶ᠎ᠠ᠂ ᠡᠳ᠋  ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ︶     ︵ᠬᠤᠷᠢᠨ ᠨᠢᠭᠡ︶ ᠲᠥᠷᠥᠯ ᠵᠦᠢᠯ ᠤᠨ ᠪᠡᠯᠡ ᠮᠥᠩᠭᠦ ᠰᠠᠯᠭᠠᠨ ᠥᠭᠬᠦ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠵᠦᠢᠯ ᠢᠶᠠᠷ ᠰᠢᠯᠵᠢᠭᠦᠯᠦᠨ ᠣᠯᠭᠤᠬᠤ ᠭᠦᠢᠴᠡᠳᠬᠡᠯ ᠲᠤᠭ᠎ᠠ ᠶᠢᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠪᠡᠯᠡ ᠮᠥᠩᠭᠦ ᠪᠠᠨ ᠲᠥᠷᠥᠯ ᠵᠦᠢᠯ ᠤᠨ ᠨᠢᠬᠡᠴᠡ ᠳᠤ 30 ᠠᠵᠢᠯᠯᠠᠬᠤ ᠡᠳᠦᠷ ᠤᠨ ᠳᠣᠲᠣᠷ᠎ᠠ ᠪᠠᠭᠤᠯᠭᠠᠨ ᠦᠭᠴᠦ᠂ ᠦᠯᠡᠳᠡᠭᠡᠨ ᠠᠪᠴᠤ᠂ ᠰᠢᠯᠵᠢᠭᠦᠯᠦᠨ ᠬᠡᠷᠡᠭᠯᠡᠵᠦ ᠪᠣᠯᠬᠤ ᠦᠭᠡᠢ᠃ ᠲᠥᠰᠦᠪ ᠤᠨ ᠨᠢᠬᠡᠴᠡ ᠶᠢᠨ ᠡᠭᠦᠷᠭᠡᠯᠡᠵᠦ ᠪᠠᠶᠢᠭ᠎ᠠ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠪᠡᠯᠡ ᠮᠥᠩᠭᠦ ᠪᠠᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠤᠰ ᠨᠢᠬᠡᠴᠡ ᠶᠢᠨ ᠰᠤᠯᠠ ᠦᠯᠡᠳᠡᠪᠦᠷᠢ ᠦᠬᠡᠢ ᠳᠠᠩᠰᠠᠨ ᠡᠷᠦᠬᠡ ᠠᠴᠠ ᠲᠤᠰ ᠨᠢᠬᠡᠴᠡ ᠶᠢᠨ ᠪᠡᠯᠡ ᠮᠥᠩᠭᠦ ᠪᠦᠬᠦᠢ ᠳᠠᠩᠰᠠᠨ ᠡᠷᠦᠬᠡ ᠳᠤ ᠬᠤᠪᠢᠶᠠᠷᠢᠯᠠᠨ ᠰᠢᠯᠵᠢᠭᠦᠯᠬᠦ ᠶᠢ ᠵᠥᠪᠰᠢᠶᠡᠷᠡᠨ᠎ᠡ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠰᠢᠨᠵᠢᠯᠡᠬᠦ ᠤᠬᠠᠭᠠᠨ ᠤ ᠰᠣᠳᠣᠯᠭᠠᠨ ᠤ ᠪᠡᠯᠡ ᠮᠥᠩᠭᠦ ᠶᠢ ᠬᠠᠮᠢᠶᠠᠷᠴᠤ ᠬᠡᠷᠡᠭᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠨ᠂ ᠲᠤᠰᠠᠭᠠᠷ ᠲᠣᠭᠠᠴᠠᠭ᠎ᠠ ᠬᠢᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠯ᠎ᠡ ᠬᠤᠰᠢᠭᠤ ᠣᠷᠣᠨ︶    ︵ᠬᠤᠷᠢᠨ ᠬᠤᠶᠠᠷ︶ ᠰᠢᠨᠵᠢᠯᠡᠬᠦ ᠤᠬᠠᠭᠠᠨ ᠤ ᠰᠣᠳᠣᠯᠭᠠᠨ ᠤ ᠲᠥᠷᠥᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢ ᠰᠠᠶᠢᠵᠢᠷᠠᠭᠤᠯᠣᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠤᠷᠢᠵᠤ ᠬᠡᠷᠡᠭᠯᠡᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠬᠥᠳᠡᠯᠮᠦᠷᠢ ᠬᠦᠴᠦᠨ ᠤ ᠬᠥᠯᠥᠰᠥ ᠣᠯᠭᠤᠮᠵᠢ ᠪᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠲᠥᠷᠥᠯ ᠵᠦᠢᠯ ᠤᠨ ᠵᠠᠷᠤᠳᠠᠯ ᠠᠴᠠ ᠭᠠᠷᠭᠠᠵᠤ ᠪᠣᠯᠤᠨ᠎ᠠ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠶᠢᠨ ᠤᠯᠤᠰ ᠤᠨ ᠳᠣᠲᠣᠭᠠᠳᠤ ᠶᠢᠨ ᠵᠠᠮ ᠤᠨ ᠵᠠᠷᠤᠳᠠᠯ ᠳᠣᠲᠣᠷᠠᠬᠢ ᠬᠤᠭᠤᠯᠠᠨ ᠤ ᠲᠤᠰᠠᠯᠠᠮᠵᠢ ᠶᠢᠨ ᠵᠠᠷᠤᠳᠠᠯ᠂ ᠬᠤᠲᠠ ᠶᠢᠨ ᠳᠣᠲᠣᠷᠠᠬᠢ ᠵᠠᠮ ᠬᠠᠷᠢᠯᠴᠠᠭᠠᠨ ᠤ ᠵᠠᠷᠤᠳᠠᠯ ᠪᠣᠯᠤᠨ ᠪᠠᠷᠢᠮᠲᠠ ᠬᠢᠬᠦ ᠳᠤ ᠬᠦᠴᠢᠷᠲᠡᠶ ᠬᠤᠨᠤᠭ ᠤᠨ ᠰᠦᠢᠳᠬᠡᠯ ᠳᠤ ᠳᠠᠭᠠᠭᠠᠴᠢᠯᠠᠯᠲᠠ ᠶᠢᠨ ᠳᠦᠷᠢᠮ ᠬᠡᠷᠡᠭᠵᠢᠭᠦᠯᠬᠦ ᠶᠢ ᠵᠥᠪᠰᠢᠶᠡᠷᠡᠨ᠎ᠡ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠰᠢᠭᠤᠳ ᠵᠠᠷᠤᠳᠠᠯ ᠠᠴᠠ ᠲᠥᠬᠦᠭᠡᠷᠦᠮᠵᠢ ᠬᠤᠳᠠᠯᠳᠤᠨ ᠠᠪᠤᠭᠰᠠᠨ ᠵᠠᠷᠤᠳᠠᠯ ᠢ ᠰᠠᠭᠤᠯᠭᠠᠨ ᠠᠪᠤᠭᠰᠠᠨ ᠤ ᠳᠠᠷᠠᠭᠠᠬᠢ ᠵᠣᠬᠢᠬᠤ ᠬᠠᠷᠢᠴᠠᠯ ᠢᠶᠠᠷ ᠳᠠᠮ ᠵᠠᠷᠤᠳᠠᠯ ᠢ ᠬᠢᠨᠠᠨ ᠲᠣᠭᠲᠠᠭᠠᠵᠤ᠂ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ ᠬᠡᠷᠡᠭᠯᠡᠨ᠎ᠡ᠂ ᠡᠭᠦᠨ ᠳᠤ ᠂ 100 ᠲᠦᠮᠡᠨ ᠲᠥᠭᠦᠷᠢᠭ ᠠᠴᠠ ᠳᠣᠷᠣᠭᠰᠢ ︵100 ᠲᠦᠮᠡᠨ ᠲᠥᠭᠦᠷᠢᠭ ᠢ ᠪᠠᠭᠲᠠᠭᠠᠨ᠎ᠠ︶ ᠶᠢᠨ ᠬᠡᠰᠡᠭ ᠤᠨ ᠳᠠᠮ ᠵᠠᠷᠤᠳᠠᠯ ᠢ ᠬᠠᠮᠤᠭ ᠤᠨ ᠥᠨᠳᠥᠷ ᠲᠡᠭᠡᠨ 20% ᠳᠤ ᠬᠦᠷᠲᠡᠯ᠎ᠡ ᠳᠡᠭᠡᠭᠰᠢᠯᠡᠭᠦᠯᠵᠦ᠂ 100 ᠲᠦᠮᠡᠨ ᠲᠥᠭᠦᠷᠢᠭ ᠠᠴᠠ 200 ᠲᠦᠮᠡᠨ ᠲᠥᠭᠦᠷᠢᠭ ︵200 ᠲᠦᠮᠡᠨ ᠲᠥᠭᠦᠷᠢᠭ ᠢ ᠪᠠᠭᠲᠠᠭᠠᠨ᠎ᠠ︶ ᠤᠨ ᠬᠡᠰᠡᠭ ᠢ ᠬᠠᠮᠤᠭ ᠤᠨ ᠥᠨᠳᠥᠷ ᠲᠡᠭᠡᠨ 15% ᠪᠣᠯᠭᠠᠨ ᠳᠡᠭᠡᠭᠰᠢᠯᠡᠭᠦᠯᠵᠦ᠂ 200 ᠲᠦᠮᠡᠨ ᠲᠥᠭᠦᠷᠢᠭ ᠠᠴᠠ ᠳᠡᠭᠡᠭᠰᠢ ᠬᠡᠰᠡᠭ ᠢ ᠬᠠᠮᠤᠭ ᠤᠨ ᠥᠨᠳᠥᠷ ᠲᠡᠭᠡᠨ 10% ᠪᠣᠯᠭᠠᠨ ᠳᠡᠭᠡᠭᠰᠢᠯᠡᠭᠦᠯᠵᠦ ᠪᠣᠯᠤᠨ᠎ᠠ︔ ᠲᠣᠭᠠᠨ ᠤ ᠤᠬᠠᠭᠠᠨ ᠵᠡᠷᠭᠡ ᠴᠣᠯᠣ ᠣᠨᠣᠯ ᠤᠨ ᠰᠤᠳᠤᠯᠭᠠᠨ ᠤ ᠲᠥᠷᠥᠯ ᠵᠦᠢᠯ ᠤᠨ ᠳᠠᠮ ᠵᠠᠷᠤᠳᠠᠯ ᠤᠨ ᠬᠠᠷᠢᠴᠠᠯ ᠢ 30 % ᠠᠴᠠ ᠳᠠᠪᠠᠭᠤᠯᠬᠤ ᠦᠭᠡᠢ ᠪᠣᠯᠲᠠᠯ᠎ᠠ ᠳᠡᠭᠡᠭᠰᠢᠯᠡᠭᠦᠯᠦᠨ᠎ᠡ᠃ ᠲᠥᠷᠥᠯ ᠵᠦᠢᠯ ᠢ ᠳᠠᠭᠠᠭᠠᠨ ᠡᠭᠦᠷᠭᠡᠯᠡᠭᠰᠡᠨ ᠨᠢᠭᠡᠴᠡ ᠨᠦᠭᠦᠳ ᠳᠡᠮ ᠵᠠᠷᠤᠳᠠᠯ ᠢ ᠪᠦᠬᠦᠨ ᠢ ᠠᠮᠵᠢᠯᠲᠠ ᠪᠦᠲᠦᠮᠵᠢ ᠶᠢᠨ ᠵᠠᠷᠤᠯᠭ᠎ᠠ ᠳᠤ ᠬᠡᠷᠡᠭᠯᠡᠵᠦ᠂ ᠲᠥᠷᠥᠯ ᠵᠦᠢᠯ ᠢ ᠬᠡᠷᠡᠭᠵᠢᠭᠦᠯᠬᠦ ᠠᠬᠢᠴᠠ ᠪᠠᠷ ᠣᠯᠭᠤᠬᠤ ᠶᠢᠨ ᠬᠠᠮᠲᠤ᠂ ᠰᠢᠨ᠎ᠡ ᠶᠢ ᠡᠭᠦᠳᠦᠭᠰᠡᠨ ᠠᠮᠵᠢᠯᠲᠠ ᠪᠦᠲᠦᠮᠵᠢ ᠪᠠᠷ ᠲᠣᠪᠤᠶᠢᠮ᠎ᠠ ᠪᠦᠯᠬᠦᠮ ᠨᠡᠶᠢᠲᠡ ᠪᠣᠯᠤᠨ ᠬᠤᠪᠢ ᠬᠥᠮᠦᠨ ᠶᠢ ᠬᠠᠷᠠᠭᠠᠯᠵᠠᠵᠦ ᠪᠣᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠤᠨ ᠵᠠᠷᠤᠳᠠᠯ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠣᠯᠠᠨ ᠤᠯᠤᠰ ᠤᠨ ᠬᠠᠮᠲᠤᠷᠠᠯᠴᠠᠭ᠎ᠠ ᠪᠠ ᠰᠣᠯᠢᠯᠴᠠᠭᠠᠨ ᠤ ᠵᠠᠷᠤᠳᠠᠯ ᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠠᠵᠢᠯ ᠦᠢᠯᠡᠰ ᠤᠨ ᠨᠢᠭᠡᠴᠡ ᠶᠢᠨ ︽ᠠᠯᠪᠠᠨ ᠤ ᠭᠤᠷᠪᠠᠨ ᠵᠠᠷᠤᠳᠠᠯ︾ ᠤᠨ ᠳᠣᠳᠣᠷᠠᠬᠢ ᠠᠯᠪᠠᠨ ᠶᠠᠪᠣᠳᠠᠯ ᠢᠶᠠᠷ ᠣᠯᠣᠰ ︵ᠬᠢᠯᠢ︶ ᠠᠴᠠ ᠭᠠᠷᠣᠭᠰᠠᠨ ᠵᠠᠷᠤᠳᠠᠯ ᠢ ᠪᠦᠷᠢᠳᠬᠡᠬᠦ ᠬᠡᠪᠴᠢᠶ᠎ᠡ ᠳᠤ ᠣᠷᠣᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ︶     ︵ᠬᠤᠷᠢᠨ ᠭᠤᠷᠪᠠ︶ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶᠡᠨ ᠤ ᠳᠣᠲᠣᠷ᠎ᠠ᠂ ᠠᠮᠵᠢᠯᠲᠠ ᠪᠦᠲᠦᠮᠵᠢ ᠶᠢᠨ ᠴᠠᠯᠢᠩ ᠤᠨ ᠬᠤᠪᠢᠶᠠᠷᠢᠯᠠᠯᠲᠠ ᠶᠢᠨ ᠠᠷᠭ᠎ᠠ ᠮᠠᠶ᠋ᠢᠭ ᠢ ᠡᠵᠡᠨ ᠮᠡᠳᠡᠨ ᠲᠣᠭᠲᠠᠭᠠᠬᠤ ᠶᠢᠨ ᠬᠠᠮᠲᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠰᠢᠨ᠎ᠡ ᠶᠢ ᠡᠭᠦᠳᠬᠦ ᠪᠦᠯᠬᠦᠮ ᠨᠡᠶᠢᠲᠡ ᠪᠠ ᠰᠢᠯᠢᠳᠡᠭ ᠵᠠᠯᠠᠭᠤ ᠴᠢᠳᠠᠪᠤᠷᠢᠲᠠᠨ ᠢ ᠬᠠᠷᠠᠭᠠᠯᠵᠠᠵᠦ ᠪᠣᠯᠤᠨ᠎ᠠ᠃ ᠪᠦᠬᠦ ᠬᠤᠭᠤᠴᠠᠭᠠᠨ ᠤ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠡᠰ ᠤᠨ ᠵᠠᠩᠭᠢᠯᠠᠭ᠎ᠠ ᠶᠢᠨ ᠬᠦᠷᠢᠶᠡᠨ ᠤ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠭᠰᠡᠨ ᠪᠦᠯᠬᠦᠮ ᠨᠡᠶᠢᠲᠡ ᠶᠢᠨ ᠬᠠᠷᠢᠭᠤᠴᠠᠯᠭᠠᠲᠠᠨ ᠵᠢᠴᠢ ᠨᠢᠭᠡᠴᠡ ᠶᠢᠨ ᠣᠷᠣᠭᠤᠯᠤᠨ ᠠᠪᠴᠢᠷᠠᠭᠰᠠᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠳᠡᠭᠡᠳᠦ ᠳᠡᠰ ᠤᠨ ᠴᠢᠳᠠᠪᠤᠷᠢᠲᠠᠨ ᠳᠤ ᠵᠢᠯ ᠤᠨ ᠴᠠᠯᠢᠩ ᠤᠨ ᠳᠦᠷᠢᠮ᠂ ᠵᠥᠪᠯᠡᠯᠴᠡᠭᠡᠷ ᠤᠨ ᠴᠠᠯᠢᠩ᠂ ᠲᠥᠷᠥᠯ ᠵᠦᠢᠯ ᠤᠨ ᠴᠠᠯᠢᠩ ᠵᠡᠷᠭᠡ ᠬᠤᠪᠢᠶᠠᠷᠢᠯᠠᠬᠤ ᠠᠷᠭ᠎ᠠ ᠮᠠᠶ᠋ᠢᠭ ᠢ ᠬᠡᠷᠡᠭᠵᠢᠭᠦᠯᠵᠦ ᠪᠣᠯᠤᠨ᠎ᠠ᠂ ᠬᠡᠷᠡᠭᠰᠡᠬᠦ ᠵᠠᠷᠤᠳᠠᠯ ᠢ ᠲᠥᠷᠥᠯ ᠵᠦᠢᠯ ᠤᠨ ᠵᠠᠷᠤᠳᠠᠯ ᠳᠣᠲᠣᠷ᠎ᠠ ᠲᠤᠰᠠᠭᠠᠷ ᠬᠢᠨᠠᠨ ᠲᠣᠭᠲᠠᠭᠠᠵᠤ ᠪᠣᠯᠤᠨ᠎ᠠ᠂ ᠲᠡᠭᠦᠨ ᠤ ᠴᠠᠯᠢᠩ ᠬᠥᠯᠥᠰᠥ ᠨᠢ ᠪᠠᠶᠢᠭ᠎ᠠ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ  ᠬᠡᠮᠵᠢᠶᠡᠨ ᠳᠤ ᠳᠣᠰᠠᠭᠠᠷ ᠪᠠᠶᠢᠷᠢᠯᠠᠭᠤᠯᠵᠦ᠂ ᠨᠢᠬᠡᠴᠡ ᠶᠢᠨ ᠳᠣᠬᠠᠢ ᠶᠢᠨ ᠵᠢᠯ ᠤᠨ ᠠᠮᠵᠢᠯᠳᠠ ᠪᠦᠳᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠠᠷᠠᠭᠠᠯᠵᠠᠭᠤᠯᠣᠨ ᠨᠡᠮᠡᠭᠳᠡᠬᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠲᠤᠰᠢᠶᠠᠯ ᠬᠠᠪᠰᠤᠷᠭᠠᠬᠤ ᠪᠤᠶᠤ ᠠᠵᠢᠯ ᠤᠨ ᠪᠠᠶᠢᠷᠢ ᠠᠴᠠ ᠪᠠᠨ ᠰᠠᠯᠵᠤ ᠠᠳᠠᠯ ᠦᠢᠯᠡᠰ ᠴᠣᠭᠴᠠᠯᠠᠭᠰᠠᠨ ᠣᠷᠣᠯᠭ᠎ᠠ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠳᠤ ᠬᠢᠵᠠᠭᠠᠷᠯᠠᠭᠳᠠᠬᠤ ᠦᠭᠡᠢ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠳᠤ ᠣᠷᠣᠭᠤᠯᠬᠤ ᠦᠭᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶     ︵ᠬᠤᠷᠢᠨ ᠳᠦᠷᠪᠡ︶ ᠠᠯᠳᠠᠭ᠎ᠠ ᠪᠤᠷᠤᠭᠤ ᠶᠢ ᠠᠭᠤᠴᠢᠯᠠᠬᠤ ᠲᠣᠭᠲᠠᠴᠠ ᠶᠢ ᠪᠠᠶᠢᠭᠤᠯᠣᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠵᠣᠷᠢᠭᠲᠠᠢ ᠪᠠᠷ ᠦᠢᠯᠡᠳᠦᠯᠭᠡᠵᠢᠭᠦᠯᠬᠦ᠂ ᠵᠣᠷᠢᠭᠲᠠᠢ ᠪᠠᠷ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠠᠯᠳᠠᠭ᠎ᠠ ᠪᠤᠷᠤᠭᠤ᠂ ᠢᠯᠠᠭᠳᠠᠯ ᠢ ᠠᠭᠤᠴᠢᠯᠠᠨ᠎ᠡ᠃ ᠡᠰᠡᠷᠭᠦᠴᠡᠰᠢ ᠦᠭᠡᠢ ᠬᠦᠴᠦᠨ ᠵᠦᠢᠯ ᠪᠤᠶᠤ ᠲᠥᠰᠦᠭᠡᠯᠡᠵᠦ ᠳᠡᠶᠢᠯᠬᠦ ᠦᠭᠡᠢ ᠬᠦᠴᠦᠨ ᠵᠦᠢᠯ ᠠᠴᠠ ᠪᠣᠯᠵᠤ ᠵᠢᠱᠢᠭᠰᠡᠨ ᠬᠠᠷᠠᠯᠲᠠ ᠪᠠᠨ ᠪᠡᠶᠡᠯᠡᠭᠦᠯᠦᠭᠰᠡᠨ ᠦᠭᠡᠢ ᠪᠤᠶᠤ ᠢᠯᠠᠭᠳᠠᠭᠰᠠᠨ ᠠᠶᠢᠮᠠᠭ ᠤᠨ ᠱᠠᠲᠤᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠳᠤ᠂ ᠲᠤᠰᠬᠠᠶ ᠮᠡᠷᠭᠡᠵᠢᠯᠲᠡᠨ ᠤ ᠦᠨᠡᠯᠡᠯᠲᠡ ᠪᠠᠷ ᠳᠠᠮᠵᠢᠨ ᠦᠨᠡᠨ ᠬᠦ ᠴᠢᠬᠤᠯᠠ ᠶᠡᠭᠡ ᠬᠠᠶᠢᠨ ᠰᠦᠪᠡᠭᠴᠢᠯᠡᠯᠲᠡ ᠶᠢᠨ ᠦᠨ᠎ᠡ ᠥᠷᠲᠡᠭ ᠲᠠᠢ ᠮᠥᠷᠲᠡᠭᠡᠨ ᠲᠥᠷᠥᠯ ᠵᠦᠢᠯ ᠢ ᠡᠭᠦᠷᠭᠡᠯᠡᠵᠦ ᠪᠠᠶᠢᠭ᠎ᠠ ᠬᠥᠮᠦᠰ ᠴᠢᠷᠮᠠᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠪᠠᠯ᠂ ᠲᠡᠳᠡᠨ ᠤ ᠰᠤᠳᠤᠯᠭᠠᠨ ᠥᠷᠨᠢᠭᠦᠯᠬᠦ ᠶᠢ ᠦᠷᠭᠦᠯᠵᠢᠯᠡᠨ ᠳᠠᠮᠵᠢᠨ᠎ᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠭᠰᠠᠨ᠂ ᠰᠠᠨᠠᠭᠠᠨ ᠳᠤ ᠦᠭᠡᠶ ᠠᠳᠡᠯ ᠠᠯᠳᠠᠭ᠎ᠠ ᠠᠯᠳᠠᠰᠢ ᠠᠴᠠ ᠪᠣᠯᠤᠭᠰᠠᠨ ᠰᠢᠨᠵᠢᠯᠡᠬᠦ ᠤᠬᠠᠭᠠᠨ ᠤ ᠰᠣᠳᠣᠯᠭᠠᠨ ᠤ ᠠᠵᠢᠯᠲᠠᠳ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠭᠰᠡᠨ ᠪᠠᠶᠢᠪᠠᠯ᠂ ᠨᠠᠵᠠᠭᠠᠶ ᠲᠠᠯ᠎ᠠ ᠶᠢᠨ ᠦᠨᠡᠯᠡᠯᠲᠡ ᠬᠢᠬᠦ ᠦᠭᠡᠶ ᠪᠠᠶᠢᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠡᠯᠲᠦᠷᠢᠭᠦᠯᠦᠨ᠎ᠡ᠃ ᠠᠵᠢᠯ ᠦᠢᠯᠡᠰ ᠢ ᠡᠷᠬᠢᠮᠯᠡᠬᠦ᠂ ᠦᠨᠡᠨ ᠠᠴᠠ ᠵᠥᠪ ᠢ ᠡᠷᠢᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ᠂ ᠠᠭᠤᠴᠢᠯᠠᠬᠤ ᠪᠠ ᠵᠠᠯᠠᠷᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ᠂ ᠠᠭᠤᠴᠢᠯᠠᠨ ᠪᠠᠭᠲᠠᠭᠠᠬᠤ ᠶᠣᠰᠣᠲᠠᠢ ᠶᠢ ᠨᠢ ᠵᠣᠷᠢᠭᠲᠠᠢ ᠪᠠᠷ ᠠᠯᠳᠠᠭ᠎ᠠ ᠪᠤᠷᠤᠭᠤ ᠶᠢ ᠨᠢ ᠠᠭᠤᠴᠢᠯᠠᠨ ᠪᠠᠭᠲᠠᠭᠠᠵᠤ᠂ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ ᠪᠤᠰᠬᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠢ︔ ᠠᠭᠤᠴᠢᠯᠠᠬᠤ ᠦᠭᠡᠢ ᠵᠦᠢᠯ ᠢ ᠶᠠᠭᠠᠬᠢᠭᠰᠠᠨ ᠴᠤ ᠠᠭᠤᠴᠢᠯᠠᠬᠤ ᠦᠭᠡᠢ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠳᠠᠭᠠᠬᠤ ᠶᠢ ᠰᠠᠬᠢᠯᠭ᠎ᠠ ᠪᠠᠲᠤ ᠶᠢᠨ ᠤᠯᠠᠭᠠᠨ ᠱᠤᠭᠤᠮ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠤᠨ ᠳᠣᠲᠣᠷ᠎ᠠ ᠶᠠᠪᠤᠭᠳᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠢᠨᠠᠨ ᠪᠤᠳᠤᠬᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠯ᠎ᠡ ᠬᠤᠰᠢᠭᠤ ᠣᠷᠣᠨ︶     ᠳᠣᠯᠤᠭ᠎ᠠ᠂ ᠪᠠᠲᠤᠯᠠᠬᠤ ᠠᠷᠭ᠎ᠠ ᠬᠡᠮᠵᠢᠶ᠎ᠡ     ︵ᠬᠤᠷᠢᠨ ᠳᠠᠪᠤ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠲᠦᠷᠬᠡᠨ ᠠᠬᠢᠭᠤᠯᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠬᠥᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠵᠤ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠣᠷᠣᠯᠴᠠᠭᠰᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠴᠤᠭᠭᠠᠷ ᠠᠳᠬᠤᠵᠤ ᠬᠠᠮᠲᠤ ᠪᠠᠷ ᠬᠠᠮᠢᠶᠠᠷᠤᠭᠰᠠᠨ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠨ᠎ᠠ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠪᠠ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠢᠯ ᠤᠨ ᠰᠡᠭᠦᠯᠴᠢ ᠠᠴᠠ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠠᠬᠢᠭᠤᠯᠤᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠶ᠃    ︵ᠬᠤᠷᠢᠨ ᠵᠢᠷᠭᠤᠭ᠎ᠠ︶ ᠪᠡᠯᠡ ᠮᠥᠩᠭᠦᠨ ᠤ ᠣᠷᠣᠭᠤᠯᠤᠯᠲᠠ ᠶᠢ ᠨᠡᠮᠡᠭᠳᠡᠭᠦᠯᠦᠨ᠎ᠡ᠃ ᠠᠶᠢᠮᠠᠭ᠂ ᠬᠤᠰᠢᠭᠤ ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢ ᠨᠡᠮᠡᠭᠳᠡᠭᠦᠯᠬᠦ ᠶᠢ ᠬᠠᠲᠠᠭᠤ ᠡᠭᠦᠷᠭᠡ ᠪᠣᠯᠭᠠᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠳᠠᠬᠢ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢᠨ ᠡᠵᠡᠯᠡᠬᠦ ᠬᠤᠪᠢ ᠶᠢᠨ ᠵᠢᠩ ᠢ ᠵᠢᠯ ᠳᠠᠷᠠᠭᠠᠯᠠᠨ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠶ᠃ ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠵᠦ᠂ ᠮᠥᠩᠭᠦᠨ ᠭᠦᠢᠯᠭᠡᠭᠡᠨ ᠤ ᠬᠥᠷᠥᠩᠭᠡ ᠪᠠ ᠠᠷᠠᠳ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠤ ᠣᠷᠣᠭᠤᠯᠤᠨ᠎ᠠ᠃ ᠲᠤᠰ ᠪᠢᠴᠢᠭ ᠮᠠᠲ᠋ᠧᠷᠢᠶᠠᠯ ᠳᠤ ᠳᠤᠷᠠᠳᠤᠭᠰᠠᠨ ᠬᠤᠯᠪᠣᠭᠳᠠᠯ ᠪᠦᠬᠦᠢ ᠪᠡᠯᠡ ᠮᠥᠩᠭᠦ ᠶᠢᠨ ᠳᠡᠮᠵᠢᠯᠭᠡ ᠶᠢ ᠲᠣᠭᠲᠠᠭᠠᠯ ᠶᠣᠰᠣᠭᠠᠷ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠵᠢᠭᠰᠠᠭᠠᠨ ᠣᠷᠣᠭᠤᠯᠵᠤ ᠪᠠᠲᠤᠯᠠᠨ᠎ᠠ᠃    ︵ᠬᠤᠷᠢᠨ ᠳᠣᠯᠤᠭ᠎ᠠ︶ ᠰᠢᠮᠳᠠᠭᠤᠯᠣᠨ ᠰᠢᠯᠭᠠᠨ ᠬᠢᠨᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠶᠢ ᠠᠬᠢᠭᠤᠯᠣᠭᠰᠠᠨ ᠪᠠᠶᠢᠳᠠᠯ ᠢ ᠰᠢᠮᠳᠠᠭᠤᠯᠣᠨ ᠪᠠᠶᠢᠴᠠᠭᠠᠬᠤ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠢᠯᠭᠠᠨ ᠬᠢᠨᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ᠂ ᠪᠦᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠲᠤᠭ᠎ᠠ ᠬᠡᠮᠵᠢᠶ᠎ᠡ ᠶᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠤᠨ᠂ ᠰᠢᠯᠭᠠᠨ ᠬᠢᠨᠠᠵᠤ ᠦᠨᠡᠯᠡᠬᠦ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃    ᠳᠡᠭᠡᠷ᠎ᠡ ᠳᠤᠷᠠᠳᠤᠭᠰᠠᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠮᠠᠨ ᠤ ᠠᠶᠢᠮᠠᠭ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠨᠢ ᠲᠣᠰ ︽ᠠᠷᠭ᠎ᠠ ᠬᠡᠮᠵᠢᠶ᠎ᠡ︾ ᠲᠠᠢ ᠨᠢᠭᠡᠳᠦᠯ ᠥᠬᠡᠶ ᠪᠠᠶᠢᠪᠠᠯ᠂ ᠲᠣᠰ ︽ᠠᠷᠭ᠎ᠠ ᠬᠡᠮᠵᠢᠶ᠎ᠡ︾ ᠶᠢᠨ ᠶᠣᠰᠣᠭᠠᠷ ᠬᠡᠷᠡᠭᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠦᠷᠭᠦᠯᠵᠢᠯᠡᠨ ᠰᠢᠨ᠎ᠡ ᠲᠥᠷᠥ ᠶᠢᠨ ᠪᠣᠳᠣᠯᠭ᠎ᠠ ᠲᠣᠭᠲᠠᠭᠠᠭᠰᠠᠨ ᠪᠣᠯ ᠤᠯᠤᠰ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠠᠯᠠᠱᠠ ᠠᠶᠢᠮᠠᠭ ᠤᠨ ᠠᠷᠭ᠎ᠠ ᠬᠡᠮᠵᠢᠶ᠎ᠡ ᠨᠦᠭᠦᠳ︾ ︵ᠠᠯᠠᠱᠠ ᠨᠠᠮ ᠲᠠᠷᠬᠠᠭᠠᠭᠰᠠᠨ ﹇2021﹈ 15 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃   ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号