ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠵᠠᠪᠠᠯ ᠬᠥᠭᠵᠢᠭᠦᠯᠦᠨ | ᠮᠠᠨᠳᠤᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠪᠡᠶᠡᠯᠡᠭᠦᠯᠬᠦ ᠳᠤ ᠡᠷᠬᠡᠪᠰᠢ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠤ ᠢᠲᠡᠭᠡᠮᠵᠢᠲᠦ ᠵᠢᠭᠡᠯᠡᠯᠭᠡ ᠶᠢᠨ | ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠬᠥᠳᠡᠭᠡ ᠲᠣᠰᠬᠤᠨ ᠤ ᠠᠵᠤ | ᠦᠢᠯᠡᠰ ᠤᠨ ᠬᠥᠭᠵᠢᠯᠲᠡ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠮᠥᠩᠭᠦᠨ ᠭᠦᠢᠯᠭᠡᠭᠡᠨ ᠤ ᠬᠦᠴᠦᠨ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠢ᠃ ᠲᠡᠭᠡᠪᠡᠯ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠦᠢᠯᠡᠴᠢᠯᠡᠬᠦ ᠲᠠᠯ᠎ᠠ ᠪᠠᠷ᠂ ᠮᠠᠨ ᠤ ᠠᠶᠢᠮᠠᠭ ᠤᠨ | ᠪᠠᠩᠬᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠬᠡᠷᠬᠢᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠪᠤᠢ︖ ᠡᠨᠡ ᠳᠠᠯ᠎ᠠ ᠪᠠᠷ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ | ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠠᠩ ᠯᠸᠢ ᠰᠣᠷᠪᠣᠯᠵᠢᠯᠠᠭ᠎ᠠ ᠬᠦᠯᠢᠶᠡᠪᠡ᠃ | ᠰᠣᠷᠪᠣᠯᠵᠢᠯᠠᠭᠴᠢ᠄ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠪᠣᠯᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠳᠤ ᠦᠢᠯᠡᠴᠢᠯᠡᠬᠦ ᠲᠠᠯ᠎ᠠ ᠪᠠᠷ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠬᠡᠷᠬᠢᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠪᠤᠢ︖ | ᠸᠠᠩ ᠯᠸᠢ᠄ ᠨᠢᠬᠡ ᠳᠤ᠂ ᠶᠠᠳᠠᠭᠤ ᠠᠴᠠ ᠠᠩᠬᠢᠵᠢᠷᠡᠭᠤᠯᠬᠤ ᠰᠢᠪᠳᠣᠯᠥᠯᠳᠡ ᠶᠢᠨ ᠦᠷ᠎ᠠ ᠪᠦᠳᠦᠭᠡᠯ ᠢ | ᠪᠠᠬᠢᠵᠢᠬᠦᠯᠥᠨ ᠦᠷᠭᠡᠳᠭᠡᠨ᠎ᠠ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ | ᠵᠢᠭᠡᠯᠡᠯᠭᠡ ᠶᠢᠨ ᠦᠢᠯᠡᠳᠬᠦᠨ ᠢᠶᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠤᠪᠤᠶᠢᠯᠭᠠᠨ | ᠴᠢᠩᠭᠠᠳᠬᠠᠵᠤ᠂ ︽ᠲᠠᠷᠢᠶᠠᠯᠠᠩ ᠳᠤ ᠠᠰᠢᠭ ᠬᠦᠷᠲᠡᠭᠡᠬᠦ ᠵᠢᠭᠡᠯᠡᠯᠭᠡ︾ ︽ᠶᠠᠳᠠᠭᠤ ᠠᠴᠠ ᠠᠩᠭᠢᠵᠢᠷᠠᠭᠰᠠᠨ ᠬᠥᠮᠦᠨ | ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ︾ ᠶᠢ ᠲᠦᠷᠭᠡᠨ ᠳᠡᠯᠭᠡᠷᠡᠭᠦᠯᠵᠦ᠂ ᠵᠦᠷᠢᠶᠡᠴᠢᠯᠡᠭᠰᠡᠨ | ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠦᠢᠯᠡᠳᠪᠦᠷᠢᠯᠡᠯ ᠢ ᠨᠢ ᠬᠥᠭᠵᠢᠭᠦᠯᠵᠦ᠂ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ 2023 ᠣᠨ ᠳᠤ᠂ ᠠᠯᠠᠱᠠ ᠶᠢᠨ ᠬᠥᠳᠡᠭᠡ ᠲᠣᠰᠬᠤᠨ ᠤ | ᠬᠤᠳᠠᠯᠳᠤᠭᠠᠨ ᠤ ᠪᠠᠩᠬᠢ ᠶᠠᠳᠠᠭᠤ ᠠᠴᠠ ᠠᠩᠭᠢᠵᠢᠷᠠᠭᠤᠯᠬᠤ ᠪᠠᠭ᠎ᠠ ᠲᠣᠭᠠᠨ ᠤ ᠵᠢᠭᠡᠯᠡᠯᠭᠡ ᠶᠢ 395 ᠲᠦᠮᠡᠨ | ᠲᠥᠭᠦᠷᠢᠭ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ | ᠠᠯᠬᠤᠮ ᠪᠠᠬᠢᠵᠢᠭᠦᠯᠵᠦ᠂ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠰᠠᠶᠢᠨ | ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃ | | | | | | | | | | ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠦᠷᠢᠶᠡᠨ ᠳᠠᠬᠢ | ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠪᠠᠶᠢᠷᠢᠯᠠᠭᠤᠯᠤᠭᠰᠠᠨ ᠡᠯ᠎ᠡ | ᠵᠦᠢᠯ ᠤᠨ ᠴᠢᠬᠤᠯᠠ ᠡᠭᠦᠷᠭᠡ ᠶᠢᠨ ᠲᠣᠭᠤᠷᠢᠨ ᠳᠤ᠂ ᠦᠢᠯᠡᠳᠬᠦᠨ ᠤ ᠦᠢᠯᠡᠴᠢᠯᠡᠭᠡ᠂ ᠡᠬᠢ ᠪᠠᠶᠠᠯᠢᠭ ᠤᠨ | ᠲᠣᠬᠢᠷᠠᠭᠤᠯᠤᠯᠲᠠ᠂ ᠦᠨ᠎ᠡ ᠲᠣᠭᠲᠠᠭᠠᠬᠤ ᠬᠠᠮᠢᠶᠠᠷᠤᠯᠲᠠ᠂ ᠴᠢᠳᠠᠪᠤᠷᠢᠲᠠᠨ ᠤ ᠡᠩᠨᠡᠭᠡ ᠵᠡᠷᠭᠡ ᠲᠠᠯ᠎ᠠ ᠪᠠᠷ ᠬᠥᠳᠡᠭᠡ | ᠲᠣᠰᠬᠤᠨ ᠢ ᠤᠯᠠᠮ ᠨᠢᠭᠡ ᠠᠯᠬᠤᠮ ᠬᠠᠷᠠᠭᠠᠯᠵᠠᠵᠦ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠷ᠎ᠡ ᠪᠠ ᠲᠠᠷᠢᠶᠠᠨ | ᠭᠠᠵᠠᠷ ᠤᠨ ᠲᠣᠭᠤᠷᠢᠨ ᠳᠤ ᠲᠠᠷᠢᠶᠠᠴᠢᠨ ᠡᠷᠦᠬᠡ᠂ ᠲᠤᠰᠬᠠᠶ ᠠᠵᠢᠯ ᠤᠨ ᠬᠤᠷᠰᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠠᠬᠤᠶᠢᠯᠠᠯ ᠵᠡᠷᠭᠡ ᠦᠢᠯᠡᠳᠪᠦᠷᠢᠯᠡᠯ ᠤᠨ ᠭᠤᠤᠯ ᠴᠣᠭᠴᠠ ᠳᠤ ᠢᠲᠡᠭᠡᠮᠵᠢᠲᠦ ᠵᠢᠭᠡᠯᠡᠯᠭᠡ | ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠢᠬ᠎ᠠ᠂ ᠰᠦ᠂ ᠨᠣᠯᠤᠤᠷ ᠵᠡᠷᠭᠡ ᠤᠨᠴᠠᠯᠢᠬᠳᠤ ᠠᠵᠤ | ᠦᠢᠯᠡᠰ ᠤᠨ ᠦᠢᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠪᠠᠯᠠ | ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠂ ᠠᠶᠢᠮᠠᠭ ᠤᠨ ᠳᠣᠲᠣᠷᠠᠬᠢ ︽ᠢᠳᠡᠰᠢᠨ ᠨᠣᠭᠤᠭ᠎ᠠ︾ ᠶᠢᠨ | ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠦᠢᠯᠡᠴᠢᠯᠡᠭᠡ ᠶᠢ ᠰᠠᠶᠢᠲᠤᠷ | ᠬᠢᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠳᠠᠮᠵᠢᠵᠤ᠂ ᠬᠥᠳᠡᠭᠡ ᠲᠣᠰᠬᠤᠨ ᠤ | ᠵᠢᠭᠤᠯᠴᠢᠯᠠᠯ ᠤᠨ ᠠᠵᠤ ᠦᠢᠯᠡᠰ᠂ ᠲᠡᠵᠢᠭᠡᠨ ᠦᠷᠡᠵᠢᠭᠦᠯᠬᠦ ᠠᠵᠤ ᠦᠢᠯᠡᠰ᠂ ᠠᠮᠢ ᠠᠬᠤᠢ ᠶᠢᠨ ᠣᠨᠴᠠᠯᠢᠭᠲᠤ ᠠᠵᠤ | ᠦᠢᠯᠡᠰ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ | ᠣᠷᠣᠨ ᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠤ ᠦᠢᠯᠡᠰ ᠢ | ᠦᠷᠭᠦᠯᠵᠢᠯᠡᠨ ᠭᠤᠣᠯᠳᠠᠯᠭ᠎ᠠ ᠲᠠᠢ ᠳᠡᠮᠵᠢᠬᠦ ᠡᠲᠡᠭᠡᠳ ᠪᠣᠯᠭᠠᠵᠤ᠂ ᠪᠦᠬᠦ ᠠᠶᠢᠮᠠᠭ ᠤᠨ ︽ᠨᠢᠭᠡ ᠵᠢᠱᠢᠶ᠎ᠡ ᠦᠵᠡᠭᠦᠯᠬᠦ | ᠠᠶᠢᠮᠠᠭ ᠢ ᠪᠦᠲᠦᠭᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠶᠡᠭᠡ | ᠢᠨᠵᠧᠨᠧᠷᠢᠩ ᠢ ᠬᠡᠷᠡᠭᠵᠢᠭᠦᠯᠬᠦ︾ ᠳᠤ ᠰᠠᠶᠢᠲᠤᠷ ᠦᠢᠯᠡᠴᠢᠯᠡᠨ᠎ᠡ᠃ | 2023 ᠣᠨ ᠳᠤ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢ ᠨᠡᠶᠢᠲᠡ 53.45 ᠳ᠋ᠦᠩᠰᠢᠭᠤᠷ | ᠲᠥᠭᠦᠷᠢᠭ ᠲᠠᠯᠪᠢᠵᠤ᠂ 72.86% ᠶᠢ ᠡᠵᠡᠯᠡᠨ᠂ ᠨᠡᠶᠢᠲᠡ 23 ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ | ᠰᠢᠨᠡᠴᠢᠯᠡᠵᠦ᠂ 1.1 ᠲᠦᠮᠡᠨ ᠮᠠᠯᠴᠢᠨ ᠲᠠᠷᠢᠶᠠᠴᠢᠨ ᠡᠷᠦᠬᠡ᠂ 5188 ᠵᠢᠵᠢᠭ ᠠᠵᠤ ᠠᠬᠤᠶᠢᠯᠠᠯ ᠳᠤ ᠲᠠᠩᠰᠠ | ᠡᠪᠬᠡᠮᠡᠯ ᠪᠠᠶᠢᠭᠤᠯᠤᠨ ᠲᠠᠰ ᠲᠣᠭᠲᠠᠭᠠᠵᠤ᠂ ᠲᠡᠮᠡᠭᠡ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠭᠠᠵᠠᠷ ᠣᠷᠣᠨ ᠤ | ᠣᠨᠴᠠᠯᠢᠭᠲᠤ ᠠᠵᠤ ᠦᠢᠯᠡᠰ ᠡᠷᠬᠢᠯᠡᠵᠦ ᠪᠠᠶᠢᠭ᠎ᠠ 5500 ᠭᠠᠷᠤᠶ ᠡᠷᠦᠬᠡ ᠶᠢ ᠳᠡᠮᠵᠢᠵᠦ᠂ ᠡᠯ᠎ᠡ ᠲᠥᠷᠥᠯ ᠤᠨ | ᠡᠵᠡᠩᠨᠡᠯᠲᠡ ᠶᠢᠨ ᠭᠤᠤᠯ ᠴᠣᠭᠴᠠ ᠳᠤ 13.4 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠠᠯᠠ | ᠮᠥᠩᠭᠦ ᠲᠠᠷᠬᠠᠭᠠᠪᠠ᠃ | | | | | | | | | | | | ᠭᠤᠷᠪᠠ ᠳᠤ᠂ ᠳᠦᠭᠦᠮᠬᠡᠨ ᠪᠦᠭᠡᠳ ᠦᠨᠳᠦᠷ ᠪᠦᠲᠦᠮᠵᠢᠲᠡᠢ ᠮᠣᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠵᠦ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠪᠠᠷ ᠬᠦᠢᠴᠡᠳᠭᠡᠨ᠎ᠡ | ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠡᠷᠭᠡ᠂ | ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ ᠴᠡᠭ᠂ PAD ᠰᠢᠯᠵᠢᠮᠡᠯ ᠦᠢᠯᠡᠴᠢᠯᠡᠭᠡᠨ ᠤ ᠥᠷᠲᠡᠭᠡ᠂ ᠲᠠᠷᠢᠶᠠᠯᠠᠩ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠪᠤᠶᠢᠳᠠ ᠪᠥᠭᠯᠡᠭᠦᠤ ᠭᠠᠵᠠᠷ ᠣᠷᠣᠨ ᠤ ᠬᠡᠷᠡᠭᠯᠡᠭᠴᠢᠳ ᠲᠤ ᠳᠥᠭᠦᠮ ᠳᠥᠲᠡ ᠮᠥᠩᠭᠦᠨ ᠭᠦᠢᠯᠭᠡᠭᠡᠨ ᠤ | ᠦᠢᠯᠡᠴᠢᠯᠡᠭᠡ ᠬᠠᠩᠭᠠᠵᠤ᠂ ᠲᠤᠬᠠᠶ ᠶᠢᠨ ᠭᠠᠵᠠᠷ ᠤᠨ ᠣᠨᠴᠠᠯᠢᠭᠲᠤ ᠦᠢᠯᠡᠳᠬᠦᠨ᠂ ᠲᠠᠷᠢᠶᠠᠯᠠᠩ ᠮᠠᠯ ᠠᠵᠤ | ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠲᠠᠪᠴᠠᠩ ᠪᠠ ᠠᠷᠭ᠎ᠠ ᠵᠠᠮ ᠬᠠᠩᠭᠠᠵᠤ᠂ ︽ᠮᠥᠩᠭᠦᠨ | ᠭᠦᠢᠯᠭᠡᠭᠡᠨ ᠤ ᠥᠪᠡᠰᠦᠪᠡᠨ ᠦᠢᠯᠡᠴᠢᠯᠡᠬᠦ ᠲᠡᠷᠭᠡ︾ ᠵᠡᠷᠭᠡ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ | ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ | ᠪᠥᠬᠦ ᠵᠢᠯ ᠳᠤ ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠲᠡᠷᠭᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ 8000 ᠭᠠᠷᠤᠶ ᠲᠤᠬᠠᠶᠢᠯᠠᠭᠰᠠᠨ ᠠᠵᠢᠯ ᠢ | ᠭᠦᠢᠴᠡᠳᠬᠡᠵᠦ᠂ ᠰᠢᠯᠵᠢᠮᠡᠯ PAD ᠵᠢᠭᠡᠯᠡᠯᠭᠡ ᠶᠢ 2.2 ᠳ᠋ᠦᠩᠰᠢᠭᠤᠷ ᠲᠥᠭᠦᠷᠢᠭ ᠬᠡᠷᠡᠭᠯᠡᠨ᠂ ᠮᠠᠯᠴᠢᠨ | ᠲᠠᠷᠢᠶᠠᠴᠢᠨ ᠡᠷᠦᠬᠡ ᠶᠢ ᠬᠠᠮᠣᠷᠣᠭᠰᠠᠨ ᠢᠲᠡᠭᠡᠮᠵᠢ ᠣᠯᠭᠤᠬᠤ ᠨᠣᠷᠮ᠎ᠠ 77% ᠳᠤ ᠬᠥᠷᠪᠡ᠃ ᠡᠭᠦᠨ ᠤ ᠬᠠᠮᠲᠤ᠂ | ᠲᠠᠷᠢᠶᠠᠯᠠᠩ ᠢ ᠳᠡᠮᠵᠢᠵᠦ ᠵᠢᠵᠢᠭ ᠠᠵᠤ ᠠᠬᠤᠶᠢᠯᠠᠯ ᠢ ᠲᠤᠰᠠᠯᠠᠬᠤ ᠳᠠᠬᠢᠨ ᠵᠢᠭᠡᠯᠡᠯᠭᠡ ᠶᠢ ᠨᠡᠶᠢᠲᠡ 8.22 | ᠳ᠋ᠦᠩᠰᠢᠭᠤᠷ ᠲᠥᠭᠦᠷᠢᠭ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠵᠢᠭᠡᠯᠡᠯᠭᠡ ᠶᠢᠨ ᠨᠡᠮᠡᠭᠦᠷᠢ ᠶᠢᠨ ᠬᠦᠤ | ᠮᠥᠩᠭᠦ ᠶᠢᠨ ᠨᠣᠷᠮ᠎ᠠ ᠶᠢ ᠪᠥᠬᠦ ᠲᠠᠯ᠎ᠠ ᠪᠠᠷ ᠪᠠᠭᠤᠷᠠᠭᠤᠯᠵᠤ᠂ ᠬᠦᠳᠡᠭᠡ ᠠᠵᠦ ᠠᠬᠤᠢ ᠬᠥᠳᠡᠭᠡ ᠲᠣᠰᠬᠤᠨ | ᠲᠠᠷᠢᠶᠠᠴᠢᠳ ᠲᠤ ᠠᠰᠢᠭ ᠬᠦᠷᠲᠡᠭᠡᠪᠡ᠃ 2023 ᠣᠨ ᠤ ᠡᠴᠦᠰ ᠪᠣᠯᠲᠠᠯ᠎ᠠ᠂ ᠨᠡᠮᠡᠭᠦᠷᠢ ᠶᠢᠨ ᠳᠤᠮᠳᠠᠴᠢ ᠬᠦᠦ | ᠮᠥᠩᠭᠦ ᠶᠢᠨ ᠨᠣᠷᠮ᠎ᠠ ᠶᠢ 0.3 ᠵᠠᠭᠤᠨ ᠤ ᠨᠢᠭᠡᠴᠢ ᠪᠠᠭᠤᠷᠠᠭᠤᠯᠵᠤ᠂ ᠬᠡᠷᠡᠭᠯᠡᠭᠴᠢᠳ ᠤᠨ ᠬᠦᠦ ᠮᠥᠩᠭᠦ ᠶᠢᠨ | ᠳᠠᠷᠤᠭᠠᠰᠤ ᠶᠢ 2700 ᠲᠦᠮᠡᠨ ᠲᠥᠭᠦᠷᠢᠭ ᠬᠥᠩᠭᠡᠷᠡᠭᠦᠯᠪᠡ᠃ | | | | | | | | | | | | ᠳᠦᠷᠪᠡ ᠳᠤ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠬᠦᠨᠵᠡᠭᠡᠶᠢᠷᠡᠬᠦᠯᠦᠨ᠎ᠡ | 28 ᠮᠥᠩᠭᠦᠨ ᠭᠦᠢᠯᠭᠡᠭᠡᠨ ᠤ ᠺᠠᠳ᠋ᠷ ᠢ ᠰᠣᠩᠭᠤᠨ ᠲᠣᠮᠢᠯᠠᠵᠤ ᠠᠯᠠᠱᠠ ᠵᠡᠭᠦᠨ ᠬᠤᠰᠢᠭᠤᠨ ᠤ ᠵᠠᠰᠠᠭ ᠤᠨ | ᠣᠷᠳᠣᠨ ᠤ ᠰᠠᠯᠠᠭ᠎ᠠ ᠮᠥᠴᠢᠷ᠂ ᠰᠤᠮᠤ ᠪᠠᠯᠭᠠᠰᠤ ︵ᠵᠡᠭᠡᠯᠢ ᠭᠤᠳᠤᠮᠵᠢ︶ ᠳᠤ ᠲᠦᠷ ᠴᠠᠭ ᠲᠤᠰᠢᠶᠠᠯ | ᠡᠭᠦᠷᠭᠡᠯᠡᠭᠦᠯᠬᠦ ᠶᠢᠨ ᠬᠠᠮᠲᠤ ᠠᠯᠠᠱᠠ ᠵᠡᠭᠦᠨ ᠬᠤᠰᠢᠭᠤᠨ ᠤ ᠬᠠᠷᠢᠶ᠎ᠠ 139 ᠭᠠᠴᠠᠭᠠᠨ ᠤ ᠱᠦᠵᠢ ᠶᠢ ᠤᠷᠢᠵᠤ | ᠮᠥᠩᠭᠦᠨ ᠭᠦᠢᠯᠭᠡᠭᠡᠨ ᠤ ᠲᠤᠰᠬᠠᠶ ᠲᠤᠰᠢᠶᠠᠯᠲᠠᠨ ᠢᠶᠠᠷ ᠲᠣᠮᠢᠯᠠᠵᠤ᠂ ᠬᠤᠤᠰ ᠴᠢᠭᠯᠡᠯ ᠢᠶᠠᠷ ᠲᠤᠰᠢᠶᠠᠯ ᠡᠭᠦᠷᠭᠡᠯᠡᠬᠦ | ᠠᠵᠢᠯ ᠢ ᠨᠠᠶᠢᠳᠠᠪᠤᠷᠢᠵᠢᠭᠤᠯᠪᠠ᠃ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠬᠤᠯᠪᠣᠭᠠᠰᠤ ᠶᠢᠨ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ | ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ | ᠡᠮ ᠡᠮᠨᠡᠯᠭᠡ ᠶᠢᠨ ᠳᠠᠭᠠᠳᠬᠠᠯ ᠤᠨ ᠲᠥᠪ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠵᠡᠷᠭᠡ 6 ᠵᠠᠰᠠᠭ ᠪᠠ | ᠪᠠᠩᠬᠢ ᠶᠢᠨ ᠦᠢᠯᠡᠰ ᠤᠨ ᠨᠢᠭᠡᠴᠡ ᠲᠠᠢ ︽ᠵᠠᠰᠠᠭ ᠪᠠ ᠪᠠᠩᠬᠢ ᠶᠢᠨ ᠬᠠᠮᠲᠤᠷᠠᠯᠴᠠᠭᠠᠨ ᠤ ᠪᠦᠳᠦᠭᠦᠪᠴᠢ | ᠵᠥᠪᠯᠡᠯᠴᠡᠭᠡᠷ︾ ᠲᠣᠭᠲᠠᠵᠤ᠂ 52 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ︽ᠪᠠᠭ᠎ᠠ ᠶᠠᠪᠤᠳᠠᠯ ᠢ | ᠲᠣᠰᠬᠤᠨ ᠳᠠᠭᠠᠨ ᠰᠢᠢᠳᠪᠦᠷᠢᠯᠡᠵᠦ᠂ ᠶᠡᠭᠡ ᠶᠠᠪᠤᠳᠠᠯ ᠢ ᠪᠠᠯᠭᠠᠰᠤᠨ ᠳᠠᠭᠠᠨ ᠰᠢᠢᠳᠪᠦᠷᠢᠯᠡᠬᠦ︾ ᠶᠢ ᠪᠡᠶᠡᠯᠡᠭᠦᠯᠪᠡ᠃ | ᠪᠥᠬᠦ ᠵᠢᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠨᠡᠶᠢᠲᠡ 8974 | ᠭᠦᠢᠴᠡᠳᠬᠡᠪᠡ᠃ | | | | | | | | | | | | | |