ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠳᠣᠬᠠᠢ ᠤᠬᠠᠭᠤᠯᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2024/2/26
    ᠮᠠᠨ ᠤ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠲᠡᠭᠡᠭᠡᠪᠦᠷᠢ ᠶᠢᠨ ᠠᠷᠭ᠎ᠠ ᠮᠠᠶ᠋ᠢᠭ ᠢ ᠲᠦᠷᠬᠡᠨ ᠪᠣᠶ ᠪᠣᠯᠭᠠᠬᠤ ᠶᠢᠨ ᠲᠤᠰᠠᠳᠠ᠂ ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃     ᠨᠢᠭᠡ᠂ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠬᠦ ᠪᠠᠷ ᠵᠠᠩᠭᠢᠯᠠᠭ᠎ᠠ ᠪᠣᠯᠭᠠᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠵᠦ᠂ ᠵᠠᠮ ᠬᠠᠷᠢᠯᠴᠠᠭ᠎ᠠ ᠨᠢ ᠨᠡᠩ ᠣᠷᠴᠢᠨ ᠲᠣᠭᠤᠷᠢᠨ ᠢ ᠬᠠᠮᠠᠭᠠᠯᠠᠬᠤ᠂ ᠶᠠᠪᠤᠵᠤ ᠰᠠᠭᠤᠬᠤ ᠨᠢ ᠨᠡᠩ ᠳᠣᠣᠷ᠎ᠠ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃     ᠬᠤᠶᠠᠷ᠂ ᠠᠵᠢᠯ ᠤᠨ ᠬᠠᠷᠠᠯᠲᠠ     ᠰᠢᠨ᠎ᠡ ᠡᠨᠧᠷᠭᠢ᠂ ᠴᠡᠪᠡᠷ ᠡᠨᠧᠷᠭᠢ ᠶᠢᠨ ᠲᠡᠷᠭᠡ ᠶᠢ ᠳᠡᠯᠭᠡᠷᠡᠭᠦᠯᠵᠦ ᠬᠡᠷᠡᠭᠯᠡᠬᠦ ᠳᠣᠬᠠᠢ ᠣᠬᠠᠭᠤᠯᠬᠤ ᠡᠷᠴᠢᠮ ᠢ ᠴᠢᠩᠭᠠᠷᠠᠭᠤᠯᠤᠨ᠎ᠠ᠃ ᠨᠡᠶᠢᠲᠡ ᠶᠢᠨ ᠮᠠᠰᠢᠨ ᠲᠡᠷᠭᠡᠨ ᠤ ᠲᠠᠯ᠎ᠠ ᠪᠠᠷ᠂ ᠵᠢᠯ ᠤᠨ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠨᠡᠶᠢᠲᠡ ᠶᠢᠨ ᠮᠠᠰᠢᠨ ᠲᠡᠷᠭᠡᠨ ᠤ ᠳᠣᠲᠣᠷ᠎ᠠ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 100 %᠎ ᠳᠤ ᠬᠦᠷᠭᠡᠵᠦ ᠴᠠᠬᠢᠯᠭᠠᠨ ᠴᠡᠨᠡᠭᠯᠡᠬᠦ ᠲᠠᠯᠠᠪᠤᠷ ᠥᠷᠲᠡᠭᠡ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠲᠦᠷᠢᠶᠡᠰᠦᠨ ᠮᠠᠰᠢᠨ ᠲᠡᠷᠭᠡᠨ ᠤ ᠲᠠᠯ᠎ᠠ ᠪᠠᠷ᠂ ᠡᠨᠡ ᠵᠢᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨᠡᠳᠬᠡᠭᠰᠡᠨ ᠲᠤᠭ᠎ᠠ ᠬᠡᠮᠵᠢᠶ᠎ᠡ ᠶᠢ ᠵᠢᠯ ᠤᠨ ᠡᠬᠢᠨ ᠳᠤ ᠳᠡᠭᠡᠭᠰᠢ ᠮᠡᠳᠡᠭᠦᠯᠬᠦ ᠲᠥᠯᠥᠪᠯᠡᠭᠡ ᠠᠴᠠ ᠳᠣᠣᠷ᠎ᠠ ᠪᠠᠶᠢᠯᠭᠠᠬᠤ ᠥᠬᠡᠶ ᠪᠥᠭᠡᠳ ᠳᠠᠷᠠᠭ᠎ᠠ ᠵᠢᠯ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠭᠰᠡᠨ ᠪᠣᠯ ᠵᠢᠯ ᠳᠠᠷᠠᠭᠠᠯᠠᠨ ᠨᠡᠮᠡᠭᠳᠡᠭᠦᠯᠦᠨ᠎ᠡ᠃ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠲᠠᠯ᠎ᠠ ᠪᠠᠷ᠂ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠡᠭᠡᠭᠡᠪᠦᠷᠢ ᠶᠢᠨ ᠲᠡᠷᠭᠡ ᠶᠢ ᠨᠡᠮᠡᠭᠳᠡᠭᠦᠯᠬᠦ ᠪᠠ ᠰᠢᠨᠡᠳᠬᠡᠬᠦ ᠳᠡᠭᠡᠨ ᠰᠢᠨ᠎ᠡ ᠡᠨᠧᠷᠭᠢ᠂ ᠴᠡᠪᠡᠷ ᠡᠨᠧᠷᠭᠢ ᠶᠢᠨ ᠲᠡᠷᠭᠡ ᠶᠢ ᠤᠷᠢᠳᠠᠪᠠᠷ ᠰᠣᠩᠭᠤᠨ᠎ᠠ᠃ ᠡᠭᠦᠨ ᠤ ᠬᠠᠮᠲᠤ ᠤᠰᠤᠲᠥ᠋ᠷᠥᠭᠴᠢ ᠡᠨᠧᠷᠭᠢ᠂ ᠴᠠᠬᠢᠯᠭᠠᠨ ᠰᠣᠯᠢᠬᠤ ᠲᠥᠬᠦᠭᠡᠷᠦᠮᠵᠢ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠠᠵᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃     ᠭᠤᠷᠪᠠ᠂ ᠭᠤᠣᠯ ᠡᠭᠦᠷᠭᠡ     ︵ᠨᠢᠭᠡ︶ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠦᠳᠲᠡᠷ ᠲᠦᠷᠭᠡᠨ ᠦᠷᠨᠢᠬᠦᠯᠦᠨ᠎ᠡ     ᠡᠯ᠎ᠡ ᠨᠢᠭᠡᠴᠡ ᠨᠦᠭᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠬᠠᠮᠢᠶᠠᠷᠤᠯᠲᠠ ᠶᠢᠨ ᠠᠵᠢᠯ ᠲᠥᠷᠥᠯ ᠤᠨ ᠠᠵᠤ ᠠᠬᠤᠶᠢᠯᠠᠯ᠂ ᠲᠡᠷᠭᠡ ᠶᠢᠨ ᠪᠠᠶᠢᠳᠠᠯ ᠵᠢᠴᠢ ᠰᠢᠨ᠎ᠡ ᠡᠨᠧᠷᠭᠢ᠂ ᠴᠡᠪᠡᠷ ᠡᠨᠧᠷᠭᠢ ᠶᠢᠨ ᠲᠡᠷᠭᠡ ᠬᠤᠳᠠᠯᠳᠤᠨ ᠠᠪᠬᠤ ᠰᠠᠨᠠᠮᠵᠢ ᠶᠢ ᠦᠳᠲᠡᠷ ᠲᠦᠷᠭᠡᠨ ᠤᠶᠢᠯᠠᠭᠠᠨ ᠵᠢᠭᠰᠠᠭᠠᠬᠤ ᠶᠢᠨ ᠬᠠᠮᠲᠤ ︽ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠲᠡᠷᠭᠡ ᠶᠢ ᠳᠡᠯᠭᠡᠷᠡᠭᠦᠯᠬᠦ ᠪᠦᠷᠢᠳᠬᠡᠯ ᠤᠨ ᠬᠦᠰᠦᠨᠦᠭᠲᠦ︾᠎ ᠶᠢ ᠲᠠᠭᠯᠠᠨ ᠮᠡᠳᠡᠭᠦᠯᠬᠦ ᠬᠡᠷᠡᠭᠲᠡᠶ᠃ ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠶᠠᠨᠴᠢᠳ ᠤᠨ ᠲᠡᠭᠡᠭᠡᠪᠦᠷᠢ᠂ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠯᠡᠭᠦᠯᠬᠦ ᠵᠢᠴᠢ ᠡᠩ ᠤᠨ ᠪᠠᠷᠠᠭᠠᠨ ᠤ ᠲᠡᠭᠡᠭᠡᠪᠦᠷᠢ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠪᠠ ᠪᠠᠶᠢᠴᠠᠭᠠᠨ ᠵᠢᠭᠰᠠᠭᠠᠬᠤ ᠶᠢ ᠬᠠᠷᠢᠭᠤᠴᠠᠵᠤ᠂ ᠠᠶᠢᠮᠠᠭ ᠤᠨ ᠵᠠᠮ ᠲᠡᠭᠡᠭᠡᠪᠦᠷᠢ ᠪᠠ ᠰᠢᠤᠳᠠᠨ ᠤ ᠦᠢᠯᠡᠰ ᠤᠨ ᠠᠮᠤᠷ ᠲᠦᠪᠰᠢᠨ ᠤ ᠦᠢᠯᠡᠴᠢᠯᠡᠭᠡᠨ ᠤ ᠲᠥᠪ ᠠᠴᠠ ᠠᠶᠤᠯᠲᠠᠶ ᠪᠠᠷᠠᠭᠠᠨ ᠤ ᠲᠡᠭᠡᠭᠡᠪᠦᠷᠢ ᠶᠢᠨ ᠬᠦᠷᠢᠶᠡᠨ ᠳᠠᠬᠢ ᠲᠤᠭ᠎ᠠ ᠪᠦᠷᠢᠳᠬᠡᠯ ᠤᠨ ᠪᠠᠶᠢᠴᠠᠭᠠᠨ ᠬᠡᠮᠵᠢᠯᠲᠡ ᠶᠢ ᠬᠠᠷᠢᠭᠤᠴᠠᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠡᠷᠬᠡᠪᠰᠢ ᠨᠠᠷᠢᠨ ᠪᠣᠳᠠᠲᠠᠶ ᠣᠨᠣᠪᠴᠢᠲᠠᠶ ᠪᠠᠶᠢᠯᠭᠠᠬᠤ ᠬᠡᠷᠡᠭᠲᠡᠶ᠃     ︵ᠬᠤᠶᠠᠷ︶ ᠤᠬᠠᠭᠤᠯᠤᠨ ᠳᠡᠯᠭᠡᠷᠡᠭᠦᠯᠬᠦ ᠶᠢ ᠢᠳᠡᠪᠬᠢᠲᠡᠢ ᠴᠢᠩᠭᠠᠳᠬᠠᠨ᠎ᠠ     ᠡᠯ᠎ᠡ ᠨᠢᠭᠡᠴᠡ ᠨᠦᠭᠦᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠲᠣ ᠶᠢᠨ ᠪᠠᠶᠢᠭ᠎ᠠ ᠬᠦᠴᠦᠨ ᠵᠦᠢᠯ ᠢᠶᠠᠨ ᠭᠦᠢᠴᠡᠳ ᠠᠰᠢᠭᠯᠠᠨ᠂ ᠠᠵᠢᠯᠯᠠᠬᠤ ᠲᠠᠯᠠᠪᠤᠷ᠂ ᠬᠠᠤᠯᠢ ᠬᠡᠷᠡᠭᠵᠢᠭᠦᠯᠬᠦ ᠥᠷᠲᠡᠭᠡ ᠴᠡᠭ᠂ ᠵᠠᠰᠠᠮᠠᠯ ᠵᠠᠮ ᠤᠨ ᠰᠦᠢᠳᠭᠡᠯ ᠬᠤᠷᠢᠶᠠᠬᠤ ᠥᠷᠲᠡᠭᠡ᠂ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠵᠡᠷᠭᠡ ᠭᠠᠵᠠᠷ ᠲᠤ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠤᠬᠠᠭᠤᠯᠭ᠎ᠠ ᠶᠢᠨ ᠠᠯᠪᠠᠨ ᠵᠠᠷ ᠨᠠᠭᠠᠵᠤ᠂ ᠲᠦᠷᠢᠶᠡᠰᠦᠨ ᠮᠠᠰᠢᠨ ᠲᠡᠷᠭᠡᠨ ᠤ ᠡᠯᠧᠺᠲᠷᠣᠨ ᠳᠡᠯᠭᠡᠴᠡ ᠶᠢ ᠠᠰᠢᠭᠯᠠᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠡᠪᠲᠡᠷᠡᠭᠦᠯᠵᠦ᠂ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠡᠯ᠎ᠡ ᠠᠵᠢᠯᠯᠠᠬᠤ ᠲᠠᠯᠠᠪᠤᠷ ︵ᠭᠠᠵᠠᠷ︶᠎ ᠢ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠪᠣᠯᠭᠠᠵᠤ᠂ ᠤᠬᠠᠭᠤᠯᠭ᠎ᠠ ᠶᠢᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠡᠭᠦᠨ ᠤ ᠬᠠᠮᠲᠤ ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠵᠦ᠂ ᠬᠠᠨᠳᠤᠯᠭᠠᠲᠤ ᠴᠢᠨᠠᠷᠲᠠᠶ ᠪᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠬᠦ ᠬᠡᠷᠡᠭᠲᠡᠶ᠃     ︵ᠭᠤᠷᠪᠠ︶ ᠲᠦᠷᠦ ᠶᠢᠨ ᠪᠣᠳᠣᠯᠭ᠎ᠠ ᠶᠢᠨ ᠬᠦᠴᠦᠯᠡᠴᠡ ᠶᠢ ᠴᠢᠩᠭᠠᠳᠬᠠᠨ᠎ᠠ     ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠵᠤ ᠠᠬᠤᠶᠢᠯᠠᠯ ᠳᠤ ᠦᠢᠯᠡᠴᠢᠯᠡᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠨᠥᠬᠦᠪᠥᠷᠢ ᠶᠢᠨ ᠪᠠᠯᠠ ᠮᠥᠩᠭᠦ ᠪᠠ ᠱᠠᠩᠨᠠᠯ ᠤᠨ ᠪᠠᠯᠠ ᠮᠥᠩᠭᠦ ᠶᠢ ᠲᠠᠷᠬᠠᠭᠠᠬᠤ ᠡᠷᠴᠢᠮ ᠢᠶᠠᠨ ᠦᠨᠡᠨ ᠬᠦ ᠲᠦᠷᠭᠡᠳᠬᠡᠵᠦ᠂ ᠨᠢᠭᠡᠳᠦᠯᠲᠡᠶ ᠲᠥᠯᠥᠪᠯᠡᠬᠦ ᠪᠠᠯᠠ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠤ ᠠᠶᠠᠨᠴᠢᠳ ᠤᠨ ᠲᠡᠭᠡᠭᠡᠪᠦᠷᠢ ᠵᠢᠴᠢ ᠬᠤᠲᠠ ᠶᠢᠨ ᠵᠠᠮ ᠬᠠᠷᠢᠯᠴᠠᠭᠠᠨ ᠤ ᠬᠦᠷᠢᠶᠡᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠩᠨᠡᠯᠲᠡ ᠵᠢᠴᠢ ᠳᠡᠯᠭᠡᠷᠡᠭᠦᠯᠦᠨ ᠬᠡᠷᠡᠭᠯᠡᠬᠦ ᠳᠤ ᠬᠦᠴᠦᠨ ᠨᠡᠮᠡᠷᠢᠯᠡᠬᠦ ᠬᠡᠷᠡᠭᠲᠡᠶ᠃ ᠡᠭᠦᠨ ᠤ ᠬᠠᠮᠲᠤ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠳᠣᠰ ᠱᠠᠲᠤᠨ ᠤ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠢ ᠢᠳᠡᠪᠬᠢᠲᠡᠶ ᠵᠣᠬᠢᠴᠠᠭᠤᠯᠵᠤ᠂ ᠡᠳ᠋ ᠤᠨ ᠵᠠᠰᠠᠭ᠂ ᠲᠥᠷᠥ ᠶᠢᠨ ᠪᠣᠳᠣᠯᠭ᠎ᠠ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠡᠵᠡᠩᠨᠡᠭᠴᠢᠳ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠶᠢ ᠨᠡᠮᠡᠭᠳᠡᠭᠦᠯᠬᠦ ᠪᠠ ᠰᠢᠨᠡᠳᠬᠡᠬᠦ ᠳᠤ ᠰᠢᠨ᠎ᠡ ᠡᠨᠧᠷᠭᠢ᠂ ᠴᠡᠪᠡᠷ ᠡᠨᠧᠷᠬᠢ ᠶᠢᠨ ᠳᠡᠷᠭᠡ ᠶᠢ ᠡᠩ ᠲᠡᠷᠢᠬᠦᠨ ᠳᠤ ᠰᠣᠩᠭᠤᠭᠤᠯᠣᠨ᠎ᠠ᠃     ᠳᠥᠷᠪᠡ᠂ ᠪᠠᠲᠤᠯᠠᠭ᠎ᠠ ᠶᠢ ᠴᠢᠩᠭᠠᠳᠬᠠᠨ᠎ᠠ     ︵ᠨᠢᠭᠡ︶ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ     ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ ᠲᠣᠰ ᠣᠷᠣᠨ ᠪᠦᠰᠡ ᠶᠢᠨ ᠰᠢᠨ᠎ᠡ ᠡᠨᠧᠷᠭᠢ ᠶᠢ ᠳᠡᠯᠭᠡᠷᠡᠭᠦᠯᠦᠨ ᠬᠡᠷᠡᠭᠯᠡᠬᠦ ᠶᠢ ᠬᠥᠭᠵᠢᠭᠦᠯᠬᠦ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠬᠤᠶᠠᠷ︶ ᠳᠤᠭ᠎ᠠ ᠪᠦᠷᠢᠳᠭᠡᠯ ᠢ ᠴᠢᠩᠭᠠᠳᠬᠠᠨ᠎ᠠ     ᠡᠯ᠎ᠡ ᠬᠤᠰᠢᠭᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠤᠳᠠᠭᠠᠨ ᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠬᠠᠷᠢᠶ᠎ᠠ ᠣᠷᠣᠨ ᠤ ᠳᠣᠲᠣᠷᠠᠬᠢ ᠠᠵᠢᠯ ᠲᠥᠷᠥᠯ ᠤᠨ ᠠᠵᠤ ᠠᠬᠤᠶᠢᠯᠠᠯ ᠢᠯᠠᠩᠭᠤᠶ᠎ᠠ ᠡᠩ ᠤᠨ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡ ᠶᠢᠨ ᠰᠠᠭᠤᠷᠢ ᠲᠤᠭ᠎ᠠ ᠪᠠ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠢ ᠠᠬᠢᠭᠤᠯᠤᠭᠰᠠᠨ ᠢᠶᠠᠷ ᠬᠦᠷᠦᠯᠴᠡᠬᠦ ᠥᠬᠡᠶ᠂ ᠦᠷ᠎ᠡ ᠪᠦᠲᠦᠮᠵᠢ ᠨᠢ ᠢᠯᠡᠷᠬᠡᠶ ᠪᠢᠰᠢ᠂ ᠬᠠᠷᠢᠯᠴᠠᠨ ᠲᠦᠯᠬᠢᠯᠴᠡᠬᠦ ᠵᠡᠷᠭᠡ ᠦᠵᠡᠭᠳᠡᠯ ᠳᠤ ᠴᠢᠭᠯᠡᠭᠦᠯᠦᠨ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢᠨ ᠬᠠᠮᠲᠤ ᠪᠥᠬᠦ ᠰᠢᠰᠲ᠋ᠧᠮ ᠳᠤ ᠵᠠᠷᠯᠠᠨ ᠮᠡᠳᠡᠭᠳᠡᠬᠦ ᠬᠡᠷᠡᠭᠲᠡᠶ᠃     ︵ᠭᠤᠷᠪᠠ︶ ᠦᠷ᠎ᠡ ᠪᠦᠲᠦᠮᠵᠢ ᠶᠢ ᠴᠠᠭ ᠲᠤᠬᠠᠢ ᠳᠤᠨᠢ ᠳ᠋ᠦᠩᠨᠡᠨ᠎ᠡ     ᠠᠵᠢᠯ ᠤᠨ ᠦᠷ᠎ᠡ ᠪᠦᠲᠦᠮᠵᠢ ᠪᠣᠯᠤᠨ ᠲᠤᠷᠰᠢᠯᠭ᠎ᠠ ᠪᠠᠨ ᠳ᠋ᠦᠩᠨᠡᠬᠦ ᠶᠢ ᠬᠢᠨᠠᠮᠠᠭᠠᠶ ᠵᠣᠬᠢᠶᠠᠨ ᠪᠠᠶᠢᠭᠤᠯᠬᠤ ᠶᠢᠨ ᠬᠠᠮᠲᠤ ᠰᠠᠶᠢᠲᠤᠷ ᠬᠢᠵᠦ᠂ ᠤᠬᠠᠭᠤᠯᠭ᠎ᠠ ᠶᠢᠨ ᠳᠠᠩᠰᠠ ᠡᠪᠬᠡᠮᠡᠯ ᠪᠠᠶᠢᠭᠤᠯᠵᠤ᠂ ᠠᠵᠢᠯ ᠤᠨ ᠳᠤᠮᠳᠠᠬᠢ ᠡᠯ᠎ᠡ ᠵᠦᠢᠯ ᠤᠨ ᠤᠬᠠᠭᠤᠯᠭ᠎ᠠ ᠶᠢᠨ ᠬᠢᠷᠢ ᠬᠡᠮ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠵᠢᠴᠢ ᠰᠠᠶᠢᠨ ᠠᠷᠭ᠎ᠠ ᠪᠣᠳᠣᠯᠭ᠎ᠠ ᠰᠠᠨᠠᠭᠤᠯᠭ᠎ᠠ ᠶᠢ ᠴᠠᠭ ᠲᠤᠬᠠᠶ ᠳᠤᠨᠢ ᠡᠮᠬᠢᠳᠬᠡᠨ ᠴᠤᠭᠯᠠᠭᠤᠯᠬᠤ ᠶᠢᠨ ᠬᠠᠮᠲᠤ 8 ᠰᠠᠷ᠎ᠠ ᠶᠢᠨ 30᠎ ᠤ ᠡᠳᠦᠷ᠂ 9 ᠰᠠᠷ᠎ᠠ ᠶᠢᠨ 30᠎ ᠤ ᠡᠳᠦᠷ᠂ 12 ᠰᠠᠷ᠎ᠠ ᠶᠢᠨ 30᠎ ᠠᠴᠠ ᠡᠮᠦᠨ᠎ᠡ ᠠᠵᠢᠯ ᠤᠨ ᠠᠬᠢᠴᠠ ᠶᠢᠨ ᠪᠠᠶᠢᠳᠠᠯ᠂ ᠬᠠᠮᠢᠶ᠎ᠠ ᠪᠦᠬᠦᠢ ᠬᠦᠰᠦᠨᠦᠭᠲᠦ ᠵᠢᠴᠢ ᠭᠡᠷᠡᠴᠢᠯᠡᠬᠦ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃    ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号