ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ᠄ ᠮᠥᠩᠭᠦᠨ ᠭᠦᠢᠯᠭᠡᠭᠡᠨ ᠤ ᠬᠦᠴᠦᠨ ᠢᠶᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠭᠠᠪᠰᠢᠭᠠᠶᠢᠯᠠᠵᠦ ᠪᠠᠶᠢᠨ᠋
ᠨᠡᠶᠢᠲᠡᠯᠡᠭᠰᠡᠨ ᠴᠠᠭ᠄
2024/2/26
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠢ ᠵᠠᠪᠠᠯ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠡᠷᠬᠡᠪᠰᠢ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠤ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠮᠥᠩᠭᠦᠨ ᠭᠦᠢᠯᠭᠡᠭᠡᠨ ᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠬᠦᠴᠦᠨ ᠢᠶᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠲᠡᠭᠡᠪᠡᠯ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠦᠢᠯᠡᠴᠢᠯᠡᠬᠦ ᠲᠠᠯ᠎ᠠ ᠪᠠᠷ᠂ ᠮᠠᠨ ᠤ ᠠᠶᠢᠮᠠᠭ ᠤᠨ ᠪᠠᠩᠬᠢ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ ᠬᠡᠷᠬᠢᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠪᠤᠢ︖  ᠡᠨᠡ ᠳᠠᠯ᠎ᠠ ᠪᠠᠷ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶᠠᠨ ᠤ ᠭᠡᠰᠢᠭᠦᠨ᠂ ᠪᠠᠩᠬᠢ ᠶᠢᠨ ᠳᠡᠳ᠋ ᠳᠠᠷᠤᠭ᠎ᠠ ᠸᠠᠩ ᠯᠸᠢ ᠰᠣᠷᠪᠣᠯᠵᠢᠯᠠᠭ᠎ᠠ ᠬᠦᠯᠢᠶᠡᠪᠡ᠃     ᠰᠣᠷᠪᠣᠯᠵᠢᠯᠠᠭᠴᠢ᠄ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠨ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠦᠢᠯᠡᠴᠢᠯᠡᠬᠦ ᠲᠠᠯ᠎ᠠ ᠪᠠᠷ᠂ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ ᠬᠡᠷᠬᠢᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠪᠤᠢ︖     ᠸᠠᠩ ᠯᠸᠢ᠄ ᠨᠢᠬᠡ ᠳᠤ᠂ ᠶᠠᠳᠠᠭᠤ ᠠᠴᠠ ᠠᠩᠬᠢᠵᠢᠷᠡᠭᠤᠯᠬᠤ ᠰᠢᠪᠳᠣᠯᠥᠯᠳᠡ ᠶᠢᠨ ᠦᠷ᠎ᠠ ᠪᠦᠳᠦᠭᠡᠯ ᠢ ᠪᠠᠬᠢᠵᠢᠬᠦᠯᠥᠨ ᠦᠷᠭᠡᠳᠭᠡᠨ᠎ᠠ     ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢᠶᠠᠷ ᠳᠠᠮᠵᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠤᠪᠤᠶᠢᠯᠭᠠᠨ ᠴᠢᠩᠭᠠᠳᠬᠠᠵᠤ᠂ ︽ᠲᠠᠷᠢᠶᠠᠯᠠᠩ ᠳᠤ ᠠᠰᠢᠭ ᠬᠦᠷᠲᠡᠭᠡᠬᠦ ᠵᠢᠭᠡᠯᠡᠯᠭᠡ︾ ︽ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ︾ ᠶᠢ ᠲᠦᠷᠭᠡᠨ ᠳᠡᠯᠭᠡᠷᠡᠭᠦᠯᠵᠦ᠂ ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢ ᠬᠠᠪᠰᠤᠷᠤᠨ ᠦᠢᠯᠡᠳᠪᠦᠷᠢᠯᠡᠯ ᠢ ᠨᠢ ᠬᠥᠭᠵᠢᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ 2023 ᠣᠨ ᠳᠤ᠂ ᠠᠯᠠᠱᠠ ᠶᠢᠨ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ ᠶᠠᠳᠠᠭᠤ ᠠᠴᠠ ᠠᠩᠭᠢᠵᠢᠷᠠᠭᠤᠯᠬᠤ ᠪᠠᠭ᠎ᠠ ᠲᠣᠭᠠᠨ ᠤ ᠵᠢᠭᠡᠯᠡᠯᠭᠡ ᠶᠢ 395 ᠲᠦᠮᠡᠨ ᠲᠥᠭᠦᠷᠢᠭ ᠲᠠᠯᠪᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠨ ᠤ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ ᠥᠭᠪᠡ᠃
    ᠬᠤᠶᠠᠷ ᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠦᠷᠢᠶᠡᠨ ᠳᠠᠬᠢ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠪᠠᠶᠢᠷᠢᠯᠠᠭᠤᠯᠤᠭᠰᠠᠨ ᠡᠯ᠎ᠡ ᠵᠦᠢᠯ ᠤᠨ ᠴᠢᠬᠤᠯᠠ ᠡᠭᠦᠷᠭᠡ ᠶᠢᠨ ᠲᠣᠭᠤᠷᠢᠨ ᠳᠤ᠂ ᠦᠢᠯᠡᠳᠬᠦᠨ ᠤ ᠦᠢᠯᠡᠴᠢᠯᠡᠭᠡ᠂ ᠡᠬᠢ ᠪᠠᠶᠠᠯᠢᠭ ᠤᠨ ᠲᠣᠬᠢᠷᠠᠭᠤᠯᠤᠯᠲᠠ᠂ ᠦᠨ᠎ᠡ ᠲᠣᠭᠲᠠᠭᠠᠬᠤ ᠬᠠᠮᠢᠶᠠᠷᠤᠯᠲᠠ᠂ ᠴᠢᠳᠠᠪᠤᠷᠢᠲᠠᠨ ᠤ ᠡᠩᠨᠡᠭᠡ ᠵᠡᠷᠭᠡ ᠲᠠᠯ᠎ᠠ ᠪᠠᠷ ᠬᠥᠳᠡᠭᠡ ᠲᠣᠰᠬᠤᠨ ᠢ ᠤᠯᠠᠮ ᠨᠢᠭᠡ ᠠᠯᠬᠤᠮ ᠬᠠᠷᠠᠭᠠᠯᠵᠠᠵᠦ᠂ ᠠᠮᠤ ᠪᠤᠳᠠᠭᠠᠨ ᠤ ᠦᠢᠯᠡᠳᠪᠦᠷᠢᠯᠡᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠦᠷ᠎ᠡ ᠪᠠ ᠲᠠᠷᠢᠶᠠᠨ ᠭᠠᠵᠠᠷ ᠤᠨ ᠲᠣᠭᠤᠷᠢᠨ ᠳᠤ ᠲᠠᠷᠢᠶᠠᠴᠢᠨ ᠡᠷᠦᠬᠡ᠂ ᠲᠤᠰᠬᠠᠶ ᠠᠵᠢᠯ ᠤᠨ ᠬᠤᠷᠰᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠵᠡᠷᠭᠡ ᠦᠢᠯᠡᠳᠪᠦᠷᠢᠯᠡᠯ ᠤᠨ ᠭᠤᠤᠯ ᠴᠣᠭᠴᠠ ᠳᠤ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠢᠬ᠎ᠠ᠂ ᠰᠦ᠂ ᠨᠣᠯᠤᠤᠷ ᠵᠡᠷᠭᠡ ᠤᠨᠴᠠᠯᠢᠬᠳᠤ ᠠᠵᠤ ᠦᠢᠯᠡᠰ ᠤᠨ ᠦᠢᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠴᠢᠩᠭᠠᠷᠠᠭᠤᠯᠤᠨ᠂ ᠠᠶᠢᠮᠠᠭ ᠤᠨ ᠳᠣᠲᠣᠷᠠᠬᠢ ︽ᠢᠳᠡᠰᠢᠨ ᠨᠣᠭᠤᠭ᠎ᠠ︾ ᠶᠢᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠦᠢᠯᠡᠴᠢᠯᠡᠭᠡ ᠶᠢ ᠰᠠᠶᠢᠲᠤᠷ ᠬᠢᠨ᠎ᠠ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠳᠠᠮᠵᠢᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠠᠵᠤ ᠦᠢᠯᠡᠰ᠂ ᠲᠡᠵᠢᠭᠡᠨ ᠦᠷᠡᠵᠢᠭᠦᠯᠬᠦ ᠠᠵᠤ ᠦᠢᠯᠡᠰ᠂ ᠠᠮᠢ ᠠᠬᠤᠢ ᠶᠢᠨ ᠣᠨᠴᠠᠯᠢᠭᠲᠤ ᠠᠵᠤ ᠦᠢᠯᠡᠰ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠤ ᠦᠢᠯᠡᠰ ᠢ ᠦᠷᠭᠦᠯᠵᠢᠯᠡᠨ ᠭᠤᠣᠯᠳᠠᠯᠭ᠎ᠠ ᠲᠠᠢ ᠳᠡᠮᠵᠢᠬᠦ ᠡᠲᠡᠭᠡᠳ ᠪᠣᠯᠭᠠᠵᠤ᠂ ᠪᠦᠬᠦ ᠠᠶᠢᠮᠠᠭ ᠤᠨ ︽ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠵᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠵᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ︾ ᠳᠤ ᠰᠠᠶᠢᠲᠤᠷ ᠦᠢᠯᠡᠴᠢᠯᠡᠨ᠎ᠡ᠃      2023 ᠣᠨ ᠳᠤ ᠲᠠᠷᠢᠶᠠᠯᠠᠩ ᠳᠤ ᠬᠤᠯᠪᠣᠭᠳᠠᠭᠰᠠᠨ ᠵᠢᠭᠡᠯᠡᠯᠭᠡ ᠶᠢ ᠨᠡᠶᠢᠲᠡ 53.45 ᠳ᠋ᠦᠩᠰᠢᠭᠤᠷ ᠲᠥᠭᠦᠷᠢᠭ ᠲᠠᠯᠪᠢᠵᠤ᠂ 72.86% ᠶᠢ ᠡᠵᠡᠯᠡᠨ᠂ ᠨᠡᠶᠢᠲᠡ 23 ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ ᠢ ᠰᠢᠨᠡᠴᠢᠯᠡᠵᠦ᠂ 1.1 ᠲᠦᠮᠡᠨ ᠮᠠᠯᠴᠢᠨ ᠲᠠᠷᠢᠶᠠᠴᠢᠨ ᠡᠷᠦᠬᠡ᠂ 5188 ᠵᠢᠵᠢᠭ ᠠᠵᠤ ᠠᠬᠤᠶᠢᠯᠠᠯ ᠳᠤ ᠲᠠᠩᠰᠠ ᠡᠪᠬᠡᠮᠡᠯ ᠪᠠᠶᠢᠭᠤᠯᠤᠨ ᠲᠠᠰ ᠲᠣᠭᠲᠠᠭᠠᠵᠤ᠂ ᠲᠡᠮᠡᠭᠡ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠭᠠᠵᠠᠷ ᠣᠷᠣᠨ ᠤ ᠣᠨᠴᠠᠯᠢᠭᠲᠤ ᠠᠵᠤ ᠦᠢᠯᠡᠰ ᠡᠷᠬᠢᠯᠡᠵᠦ ᠪᠠᠶᠢᠭ᠎ᠠ 5500 ᠭᠠᠷᠤᠶ ᠡᠷᠦᠬᠡ ᠶᠢ ᠳᠡᠮᠵᠢᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠳᠤ 13.4 ᠳ᠋ᠦᠩᠰᠢᠭᠤᠷ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢᠨ ᠪᠠᠯᠠ ᠮᠥᠩᠭᠦ ᠲᠠᠷᠬᠠᠭᠠᠪᠠ᠃
    ᠭᠤᠷᠪᠠ ᠳᠤ᠂ ᠳᠦᠭᠦᠮᠬᠡᠨ ᠪᠦᠭᠡᠳ ᠦᠨᠳᠦᠷ ᠪᠦᠲᠦᠮᠵᠢᠲᠡᠢ ᠮᠣᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠦ ᠨᠡᠶᠢᠭᠡᠮ ᠤᠨ ᠬᠠᠷᠢᠭᠤᠴᠠᠯᠭ᠎ᠠ ᠪᠠᠨ ᠢᠳᠡᠪᠬᠢᠲᠡᠢ ᠪᠠᠷ ᠬᠦᠢᠴᠡᠳᠭᠡᠨ᠎ᠡ     ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠡᠷᠭᠡ᠂ ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ ᠴᠡᠭ᠂ PAD ᠰᠢᠯᠵᠢᠮᠡᠯ ᠦᠢᠯᠡᠴᠢᠯᠡᠭᠡᠨ ᠤ ᠥᠷᠲᠡᠭᠡ᠂ ᠲᠠᠷᠢᠶᠠᠯᠠᠩ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠤᠶᠢᠳᠠ ᠪᠥᠭᠯᠡᠭᠦᠤ ᠭᠠᠵᠠᠷ ᠣᠷᠣᠨ ᠤ ᠬᠡᠷᠡᠭᠯᠡᠭᠴᠢᠳ ᠲᠤ ᠳᠥᠭᠦᠮ ᠳᠥᠲᠡ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠲᠤᠬᠠᠶ ᠶᠢᠨ ᠭᠠᠵᠠᠷ ᠤᠨ ᠣᠨᠴᠠᠯᠢᠭᠲᠤ ᠦᠢᠯᠡᠳᠬᠦᠨ᠂ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠤ ᠪᠣᠷᠣᠯᠠᠭᠤᠯᠭ᠎ᠠ ᠳᠤ ᠲᠠᠪᠴᠠᠩ ᠪᠠ ᠠᠷᠭ᠎ᠠ ᠵᠠᠮ ᠬᠠᠩᠭᠠᠵᠤ᠂ ︽ᠮᠥᠩᠭᠦᠨ ᠭᠦᠢᠯᠭᠡᠭᠡᠨ ᠤ ᠥᠪᠡᠰᠦᠪᠡᠨ ᠦᠢᠯᠡᠴᠢᠯᠡᠬᠦ ᠲᠡᠷᠭᠡ︾ ᠵᠡᠷᠭᠡ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃     ᠪᠥᠬᠦ ᠵᠢᠯ ᠳᠤ ᠬᠥᠳᠡᠭᠡ ᠲᠣᠰᠬᠤᠨ ᠤ ᠢᠲᠡᠭᠡᠮᠵᠢ ᠶᠢᠨ ᠥᠷᠲᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠡᠷᠭᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ 8000 ᠭᠠᠷᠤᠶ  ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠰᠢᠯᠵᠢᠮᠡᠯ PAD ᠵᠢᠭᠡᠯᠡᠯᠭᠡ ᠶᠢ 2.2 ᠳ᠋ᠦᠩᠰᠢᠭᠤᠷ ᠲᠥᠭᠦᠷᠢᠭ ᠬᠡᠷᠡᠭᠯᠡᠨ᠂ ᠮᠠᠯᠴᠢᠨ ᠲᠠᠷᠢᠶᠠᠴᠢᠨ ᠡᠷᠦᠬᠡ ᠶᠢ ᠬᠠᠮᠣᠷᠣᠭᠰᠠᠨ ᠢᠲᠡᠭᠡᠮᠵᠢ ᠣᠯᠭᠤᠬᠤ ᠨᠣᠷᠮ᠎ᠠ 77% ᠳᠤ ᠬᠥᠷᠪᠡ᠃ ᠡᠭᠦᠨ ᠤ ᠬᠠᠮᠲᠤ᠂ ᠲᠠᠷᠢᠶᠠᠯᠠᠩ ᠢ ᠳᠡᠮᠵᠢᠵᠦ ᠵᠢᠵᠢᠭ ᠠᠵᠤ ᠠᠬᠤᠶᠢᠯᠠᠯ ᠢ ᠲᠤᠰᠠᠯᠠᠬᠤ ᠳᠠᠬᠢᠨ ᠵᠢᠭᠡᠯᠡᠯᠭᠡ ᠶᠢ ᠨᠡᠶᠢᠲᠡ 8.22 ᠳ᠋ᠦᠩᠰᠢᠭᠤᠷ ᠲᠥᠭᠦᠷᠢᠭ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠵᠢᠭᠡᠯᠡᠯᠭᠡ ᠶᠢᠨ ᠨᠡᠮᠡᠭᠦᠷᠢ ᠶᠢᠨ ᠬᠦᠤ ᠮᠥᠩᠭᠦ ᠶᠢᠨ ᠨᠣᠷᠮ᠎ᠠ ᠶᠢ ᠪᠥᠬᠦ ᠲᠠᠯ᠎ᠠ ᠪᠠᠷ ᠪᠠᠭᠤᠷᠠᠭᠤᠯᠵᠤ᠂ ᠬᠦᠳᠡᠭᠡ ᠠᠵᠦ ᠠᠬᠤᠢ ᠬᠥᠳᠡᠭᠡ ᠲᠣᠰᠬᠤᠨ ᠲᠠᠷᠢᠶᠠᠴᠢᠳ ᠲᠤ ᠠᠰᠢᠭ ᠬᠦᠷᠲᠡᠭᠡᠪᠡ᠃ 2023 ᠣᠨ ᠤ ᠡᠴᠦᠰ ᠪᠣᠯᠲᠠᠯ᠎ᠠ᠂ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠶᠢ 0.3 ᠵᠠᠭᠤᠨ ᠤ ᠨᠢᠭᠡᠴᠢ ᠪᠠᠭᠤᠷᠠᠭᠤᠯᠵᠤ᠂ ᠬᠡᠷᠡᠭᠯᠡᠭᠴᠢᠳ ᠤᠨ ᠬᠦᠦ ᠮᠥᠩᠭᠦ ᠶᠢᠨ ᠳᠠᠷᠤᠭᠠᠰᠤ ᠶᠢ 2700 ᠲᠦᠮᠡᠨ ᠲᠥᠭᠦᠷᠢᠭ ᠬᠥᠩᠭᠡᠷᠡᠭᠦᠯᠪᠡ᠃
   ᠳᠦᠷᠪᠡ ᠳᠤ᠂ ᠵᠠᠰᠠᠭ ᠪᠠ ᠪᠠᠩᠬᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠬᠦᠨᠵᠡᠭᠡᠶᠢᠷᠡᠬᠦᠯᠦᠨ᠎ᠡ    28 ᠮᠥᠩᠭᠦᠨ ᠭᠦᠢᠯᠭᠡᠭᠡᠨ ᠤ ᠺᠠᠳ᠋ᠷ ᠢ ᠰᠣᠩᠭᠤᠨ ᠲᠣᠮᠢᠯᠠᠵᠤ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠰᠤᠮᠤ ᠪᠠᠯᠭᠠᠰᠤ ︵ᠵᠡᠭᠡᠯᠢ ᠭᠤᠳᠤᠮᠵᠢ︶ ᠳᠤ ᠲᠦᠷ ᠴᠠᠭ ᠲᠤᠰᠢᠶᠠᠯ ᠡᠭᠦᠷᠭᠡᠯᠡᠭᠦᠯᠬᠦ ᠶᠢᠨ ᠬᠠᠮᠲᠤ ᠠᠯᠠᠱᠠ ᠵᠡᠭᠦᠨ ᠬᠤᠰᠢᠭᠤᠨ ᠤ ᠬᠠᠷᠢᠶ᠎ᠠ 139 ᠭᠠᠴᠠᠭᠠᠨ ᠤ ᠱᠦᠵᠢ ᠶᠢ ᠤᠷᠢᠵᠤ ᠮᠥᠩᠭᠦᠨ ᠭᠦᠢᠯᠭᠡᠭᠡᠨ ᠤ ᠲᠤᠰᠬᠠᠶ ᠲᠤᠰᠢᠶᠠᠯᠲᠠᠨ ᠢᠶᠠᠷ ᠲᠣᠮᠢᠯᠠᠵᠤ᠂ ᠬᠤᠤᠰ ᠴᠢᠭᠯᠡᠯ ᠢᠶᠠᠷ ᠲᠤᠰᠢᠶᠠᠯ ᠡᠭᠦᠷᠭᠡᠯᠡᠬᠦ ᠠᠵᠢᠯ ᠢ ᠨᠠᠶᠢᠳᠠᠪᠤᠷᠢᠵᠢᠭᠤᠯᠪᠠ᠃ ᠲᠦᠷ ᠴᠠᠭ ᠲᠤᠰᠢᠶᠠᠯ ᠡᠭᠦᠷᠭᠡᠯᠡᠵᠦ ᠪᠠᠶᠢᠭ᠎ᠠ ᠺᠠᠳ᠋ᠷ ᠤᠨ ᠬᠤᠯᠪᠣᠭᠠᠰᠤ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠯᠦᠭᠡ ᠶᠢᠨ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨ ᠠᠭᠤᠳᠠᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠡᠮ ᠡᠮᠨᠡᠯᠭᠡ ᠶᠢᠨ ᠳᠠᠭᠠᠳᠬᠠᠯ ᠤᠨ ᠲᠥᠪ᠂ ᠨᠡᠶᠢᠭᠡᠮ ᠤᠨ ᠳᠠᠭᠠᠳᠬᠠᠯ ᠤᠨ ᠲᠣᠪᠴᠢᠶ᠎ᠠ ᠵᠡᠷᠭᠡ 6 ᠵᠠᠰᠠᠭ ᠪᠠ ᠪᠠᠩᠬᠢ ᠶᠢᠨ ᠦᠢᠯᠡᠰ ᠤᠨ ᠨᠢᠭᠡᠴᠡ ᠲᠠᠢ ︽ᠵᠠᠰᠠᠭ ᠪᠠ ᠪᠠᠩᠬᠢ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ︾ ᠲᠣᠭᠲᠠᠵᠤ᠂ 52 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠᠷ ︽ᠪᠠᠭ᠎ᠠ ᠶᠠᠪᠤᠳᠠᠯ ᠢ ᠲᠣᠰᠬᠤᠨ ᠳᠠᠭᠠᠨ ᠰᠢᠢᠳᠪᠦᠷᠢᠯᠡᠵᠦ᠂ ᠶᠡᠭᠡ ᠶᠠᠪᠤᠳᠠᠯ ᠢ ᠪᠠᠯᠭᠠᠰᠤᠨ ᠳᠠᠭᠠᠨ ᠰᠢᠢᠳᠪᠦᠷᠢᠯᠡᠬᠦ︾ ᠶᠢ ᠪᠡᠶᠡᠯᠡᠭᠦᠯᠪᠡ᠃ ᠪᠥᠬᠦ ᠵᠢᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠨᠡᠶᠢᠲᠡ 8974 ᠭᠦᠢᠴᠡᠳᠬᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号