ᠠᠯᠠᠱᠠ ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠦᠭᠵᠢᠬᠦᠯᠵᠦ ᠱᠠᠩᠨᠠᠬᠤ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2024/2/26
    ᠶᠡᠷᠦᠩᠬᠡᠶ ᠱᠦᠵᠢ ᠰᠢ ᠶᠢᠨ ᠫᠢᠩ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠰᠢᠯᠢᠳᠡᠭᠵᠢᠭᠦᠯᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠳᠣᠣᠱᠯᠠᠭᠤᠯᠵᠦ᠂ ᠠᠵᠤ ᠠᠬᠤᠶᠢᠯᠠᠯ ᠤᠨ ᠥᠭᠡᠷᠡᠴᠢᠯᠡᠯᠲᠡ ᠪᠠ ᠬᠥᠭᠵᠢᠯᠲᠡ ᠶᠢ ᠳᠡᠮᠵᠢᠬᠦ ᠲᠤᠬᠠᠶ ᠲᠥᠪ ᠪᠠ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠨ ᠪᠤᠵᠠᠭᠠᠢᠢᠷᠠᠬᠤ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠣᠨᠴᠠᠭᠠᠶᠢᠯᠠᠨ ᠳᠣᠤᠷᠠᠬᠢ ᠮᠡᠲᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃    ᠨᠢᠭᠡ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠡᠭᠤᠯᠥᠨ᠎ᠠ    ︵ᠨᠢᠭᠡ︶ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠡᠭᠦᠷᠭᠡᠯᠡᠯ ᠢ ᠬᠦᠩᠭᠡᠷᠡᠬᠦᠯᠦᠨ᠎ᠡ    1. ᠨᠡᠶᠢᠳᠡᠮ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠯᠤᠰ ᠤᠨ ᠨᠡᠮᠡᠭᠳᠡᠯ ᠦᠷᠳᠡᠭ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ 3% ᠶᠢᠨ ᠲᠠᠳᠠᠪᠤᠷᠢᠯᠠᠬᠤ ᠨᠤᠷᠮ᠎ᠠ ᠶᠢ ᠬᠡᠷᠡᠭᠯᠡᠬᠦ ᠳᠤ ᠲᠤᠬᠢᠷᠠᠬᠤ ᠭᠠᠶᠢᠯᠢ ᠲᠠᠲᠠᠪᠤᠷᠢᠯᠠᠬᠤ ᠶᠣᠰᠣᠲᠠᠶ ᠪᠣᠷᠣᠯᠠᠭᠤᠯᠤᠯᠲᠠ ᠶᠢᠨ ᠣᠷᠣᠯᠭ᠎ᠠ ᠶᠢ 1% ᠪᠠᠷ ᠬᠠᠰᠤᠵᠤ ᠲᠠᠲᠠᠪᠤᠷᠢᠯᠠᠬᠤ᠂ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 10 ᠲᠦᠮᠡᠨ ᠲᠥᠭᠦᠷᠢᠭ ᠠᠴᠠ ᠳᠣᠷᠣᠭᠰᠢᠬᠢ ᠨᠡᠮᠡᠭᠳᠡᠯ ᠥᠷᠲᠡᠭ ᠤᠨ ᠭᠠᠶᠢᠯᠢ ᠲᠤᠰᠢᠶᠠᠭᠴᠢ ᠠᠴᠠ ᠨᠡᠮᠡᠭᠳᠡᠯ ᠦᠷᠳᠡᠭ ᠤᠨ ᠭᠠᠶᠢᠯᠢ  ᠶᠢ ᠬᠡᠯᠲᠦᠷᠢᠭᠦᠯᠬᠦ᠂ ᠪᠠᠭ᠎ᠠ ᠠᠰᠢᠭ ᠬᠤᠨᠵᠢᠪᠣᠷᠢ ᠲᠠᠢ ᠵᠢᠵᠢᠭ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠭᠠᠶᠢᠯᠢ ᠲᠤᠰᠢᠶᠠᠪᠠᠰᠤ ᠵᠣᠬᠢᠬᠤ ᠣᠯᠵᠠᠪᠤᠷᠢ ᠶᠢ 200 ᠲᠦᠮᠡᠨ ᠲᠥᠭᠦᠷᠢᠭ ᠠᠴᠠ ᠳᠠᠪᠠᠭᠤᠯᠬᠤ ᠦᠭᠡᠢ ᠬᠡᠰᠡᠭ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠬᠠᠭᠠᠰ ᠢᠶᠠᠷ ᠬᠠᠰᠤᠵᠤ ᠲᠠᠲᠠᠪᠤᠷᠢᠯᠠᠬᠤ ᠵᠢᠴᠢ ᠨᠡᠮᠡᠭᠳᠡᠯ ᠦᠷᠳᠡᠭ ᠤᠨ ᠭᠠᠶᠢᠯᠢ ᠶᠢᠨ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ᠂ ᠪᠠᠭ᠎ᠠ ᠠᠰᠢᠭ ᠬᠤᠨᠵᠢᠪᠣᠷᠢ ᠲᠠᠢ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ    ︽ᠵᠢᠷᠭᠤᠭᠠᠨ ᠭᠠᠶᠢᠯᠢ ᠬᠤᠶᠠᠷ ᠰᠦᠢᠳᠬᠡᠯ︾ ᠵᠡᠷᠭᠡ ᠲᠦᠭᠡᠮᠡᠯ ᠬᠠᠷᠠᠭᠠᠯᠵᠠᠯ ᠤᠨ ᠴᠢᠨᠠᠷᠲᠠᠢ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠭᠠᠶᠢᠯᠢ ᠰᠦᠢᠳᠬᠡᠯ ᠤᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠭᠥᠷᠳᠡᠬᠦ ᠶᠢ ᠠᠬᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠭᠤᠣᠯ ᠥᠷᠢᠰᠥᠯᠳᠦᠬᠦ ᠬᠦᠴᠦᠨ ᠢᠶᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ᠃    2. ᠣᠷᠣᠨ ᠨᠤᠲᠤᠭ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢ ᠳᠡᠮᠵᠢᠬᠦ ᠣᠷᠣᠨ ᠨᠤᠲᠤᠭ ᠤᠨ ᠴᠢᠨᠠᠷᠲᠠᠶ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠨᠠᠶᠢᠳᠠᠪᠤᠷᠢᠵᠢᠭᠤᠯᠤᠨ᠎ᠠ᠃ ᠨᠢᠭᠡ ᠳᠤ᠂ ᠵᠢᠯ ᠤᠨ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠤᠷ᠎ᠠ ᠪᠠᠭ᠎ᠠ ᠠᠰᠢᠭ ᠬᠤᠨᠵᠢᠪᠣᠷᠢ ᠲᠠᠢ ᠵᠢᠵᠢᠭ ᠠᠵᠤ ᠠᠬᠤᠶᠢᠯᠠᠯ ᠠᠴᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢᠨ ᠣᠷᠣᠨ ᠨᠤᠲᠤᠭ ᠤᠨ ᠬᠤᠪᠢᠶᠠᠯᠴᠠᠨ ᠡᠳ᠋ᠯᠡᠬᠦ ᠬᠡᠰᠡᠭ ᠢ ᠬᠡᠯᠲᠦᠷᠢᠭᠦᠯᠦᠨ᠎ᠡ︔ ᠬᠤᠶᠠᠷ ᠲᠤ᠂ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠨᠢ 3 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠭ᠎ᠠ ᠬᠡᠪᠴᠢᠶᠡᠨ ᠤ ᠭᠠᠶᠢᠯᠢ ᠲᠤᠰᠢᠶᠠᠭᠴᠢ ᠠᠴᠠ ᠬᠡᠷ ᠬᠥᠷᠥᠩᠭᠡ ᠶᠢᠨ ᠭᠠᠶᠢᠯᠢ ᠪᠠ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠡᠯᠲᠦᠷᠢᠭᠦᠯᠦᠨ᠎ᠡ︔ ᠭᠤᠷᠪᠠ ᠳᠤ᠂ ᠪᠠᠷᠠᠭᠠᠨ ᠤ ᠲᠡᠷᠭᠡ᠂ ᠴᠢᠷᠦᠭᠦᠯ ᠲᠡᠷᠭᠡ᠂ ᠲᠤᠰᠬᠠᠶ ᠠᠵᠢᠯᠯᠠᠬᠤ ᠲᠡᠷᠭᠡ᠂ ᠬᠦᠷᠳᠦᠳᠦ ᠬᠡᠯᠪᠡᠷᠢ ᠶᠢᠨ ᠲᠤᠰᠬᠠᠶ ᠮᠠᠰᠢᠨ ᠤ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠲᠤᠭ᠎ᠠ ᠶᠢ ᠣᠳᠣ  ᠶᠢᠨ ᠬᠡᠷᠡᠭᠵᠢᠬᠦᠯᠵᠦ ᠪᠠᠶᠢᠭ᠎ᠠ ᠮᠠᠰᠢᠨ ᠣᠩᠭᠤᠴᠠᠨ ᠤ ᠭᠠᠶᠢᠯᠢ ᠶᠢᠨ ᠬᠡᠷᠡᠭᠯᠡᠭᠡᠨ ᠤ ᠭᠠᠶᠢᠯᠢ ᠶᠢᠨ ᠳᠤᠭ᠎ᠠ ᠶᠢᠨ 50% ᠪᠠᠷ ᠲᠠᠲᠠᠪᠤᠷᠢᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ᠃    ︵ᠬᠤᠶᠠᠷ︶ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠣᠨ᠎ᠠ    3. ᠤᠯᠤᠰ᠂ ᠥᠪᠡᠷᠲᠡᠭᠡᠨ ᠵᠠᠰᠠᠬᠤ ᠣᠷᠣᠨ ᠤ ᠠᠷᠠᠳ ᠲᠤ ᠠᠰᠢᠭ ᠬᠦᠷᠲᠡᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠶᠤᠴᠢᠯᠠᠬᠤ ᠦᠬᠡᠢ ᠪᠠᠷ ᠬᠦᠷᠳᠡᠬᠦ ᠲᠥᠷᠥ ᠶᠢᠨ ᠪᠣᠳᠣᠯᠭ᠎ᠠ ᠶᠢ ᠡᠮᠬᠢᠯᠡᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠠᠴᠠ ᠬᠡᠯᠳᠦᠷᠢᠬᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠰᠢᠭᠤᠳ ᠬᠦᠷᠳᠡᠭᠡᠨ᠎ᠡ᠃ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ᠂ ᠬᠥᠮᠦᠨ ᠤ ᠬᠦᠴᠦᠨ ᠤ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠴᠠᠬᠢᠯᠭᠠᠨ ᠬᠦᠴᠦᠨ ᠵᠡᠷᠭᠡ ᠣᠯᠠᠨ ᠵᠦᠢᠯ ᠤᠨ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠭᠤᠶᠣᠴᠢᠯᠠᠬᠤ ᠦᠬᠡᠢ ᠪᠠᠷ ᠬᠦᠷᠲᠡᠬᠦ︾ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠰᠢᠨᠡᠳᠬᠡᠬᠦ ᠶᠢᠨ ᠬᠠᠮᠲᠤ᠂ ᠨᠢᠭᠡᠨᠲᠡ ᠪᠠᠶᠢᠭ᠎ᠠ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠰᠢᠨᠡᠳᠬᠡᠵᠦ᠂ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠪᠤᠶᠤ ᠲᠤᠬᠠᠶᠢᠯᠠᠭᠰᠠᠨ ᠠᠵᠢᠯ ᠤᠨ  ᠲᠤᠰᠬᠠᠶ ᠰᠢᠰᠲ᠋ᠧᠮ ᠳᠤ ᠲᠦᠰᠢᠭᠯᠡᠬᠦ ᠶᠢ ᠰᠤᠳᠤᠯᠤᠨ ᠰᠦᠪᠡᠭᠴᠢᠯᠡᠵᠦ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ  ᠶᠢᠨ ᠪᠣᠳᠣᠯᠭ᠎ᠠ  ᠶᠢᠨ ︽ᠭᠤᠶᠣᠴᠢᠯᠠᠬᠤ ᠥᠬᠡᠶ ᠪᠠᠷ ᠭᠥᠷᠳᠡᠬᠦ︾ ᠶᠢ ᠨᠠᠷᠢᠯᠢᠭ ᠣᠨᠣᠪᠴᠢᠳᠠᠢ  ᠪᠠᠷ ᠬᠦᠷᠭᠡᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠲᠥᠷᠥ ᠶᠢᠨ ᠪᠣᠳᠣᠯᠭ᠎ᠠ  ᠶᠢ ᠨᠠᠩ ᠲᠥᠬᠦᠮ ᠦᠵᠡᠭᠦᠯᠦᠨ᠎ᠡ᠃    4. ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠣᠨ ᠤ ᠦᠨ᠎ᠡ ᠬᠠᠩᠰᠢ ᠶᠢᠨ ᠬᠢᠨᠠᠯᠲᠠ ᠪᠠᠶᠢᠴᠠᠭᠠᠯᠲᠠ ᠶᠢᠨ ᠠᠵᠢᠯ ᠲᠠᠢ ᠤᠶᠠᠯᠳᠤᠭᠤᠯᠤᠨ ᠭᠤᠤᠯᠳᠠᠯᠭ᠎ᠠ ᠲᠠᠢ ᠰᠠᠯᠠᠭ᠎ᠠ ᠮᠥᠴᠢᠷ᠂ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠭᠡᠯ ᠬᠤᠷᠢᠶᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠨ᠎ᠠ᠃ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠵᠥᠪᠬᠡᠨ ᠰᠦᠢᠳᠬᠡᠯ ᠬᠤᠷᠢᠶᠠᠬᠤ ᠠᠴᠠ ᠪᠢᠰᠢ ᠦᠢᠯᠡᠴᠢᠯᠡᠬᠦ ᠦᠭᠡᠶ᠂ ᠰᠦᠢᠳᠬᠡᠯ ᠬᠤᠷᠢᠶᠠᠬᠤ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠦᠭᠡᠶ ᠵᠡᠷᠭᠡ ᠠᠵᠤ ᠠᠬᠤᠶᠢᠯᠠᠯ ᠳᠤ ᠬᠤᠯᠪᠣᠭᠳᠠᠭᠰᠠᠨ ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠤᠯᠤᠰ ᠤᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠦᠵᠦᠭᠦᠷ ᠤᠨ ᠠᠵᠤ ᠠᠬᠤᠶᠢᠯᠠᠯ ᠳᠤ ᠭᠦᠷᠳᠡᠭᠡᠵᠦ᠂ ᠠᠵᠤ ᠠᠬᠤᠶᠢᠯᠠᠯ ᠳᠤ ᠦᠨᠡᠨᠬᠦ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠶ᠃ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠠᠩᠬᠠᠷᠴᠤ᠂ ᠲᠥᠷᠥ ᠶᠢᠨ ᠪᠣᠳᠣᠯᠭ᠎ᠠ ᠶᠢ ᠤᠶᠢᠯᠠᠭᠠᠨ᠂ ᠲᠥᠷᠥ ᠶᠢᠨ ᠪᠣᠳᠣᠯᠭ᠎ᠠ ᠶᠢ ᠰᠤᠷᠤᠯᠴᠠᠭᠤᠯᠵᠤ᠂ ᠲᠣᠭᠲᠠᠭᠠᠯ ᠠᠴᠠ ᠵᠥᠷᠢᠴᠡᠭᠰᠡᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢᠨ ᠳᠣᠬᠠᠢ ᠰᠣᠨᠣᠷ ᠰᠡᠷᠡᠮᠵᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    ︵ᠭᠤᠷᠪᠠ︶ ᠠᠵᠤ ᠠᠬᠤᠶᠢᠯᠠᠯ ᠤᠨ ᠭᠠᠵᠠᠷ ᠰᠢᠷᠣᠶ ᠬᠡᠷᠡᠭᠯᠡᠬᠦ ᠬᠠᠩᠭᠠᠯᠭ᠎ᠠ ᠶᠢ ᠴᠢᠩᠭᠠᠳᠬᠠᠨ᠎ᠠ    5. ᠤᠯᠤᠰ ᠤᠨ ᠡᠯ᠎ᠡ ᠲᠥᠷᠥᠯ ᠤᠨ ᠠᠵᠤ ᠦᠢᠯᠡᠰ ᠲᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠤᠷᠲᠤ ᠬᠤᠭᠤᠴᠠᠭ᠎ᠠ ᠪᠠᠷ ᠲᠦᠷᠢᠶᠡᠰᠦᠯᠡᠭᠦᠯᠬᠦ᠂ ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠬᠦ᠂ ᠲᠦᠷᠢᠶᠡᠰᠦᠯᠡᠭᠦᠯᠬᠦ ᠪᠠ ᠬᠤᠳᠠᠯᠳᠤᠨ ᠠᠪᠬᠤ ᠶᠢ ᠤᠶᠠᠯᠳᠤᠭᠤᠯᠬᠤ ᠵᠢᠴᠢ ᠤᠶᠠᠨ ᠬᠠᠲᠠᠨ ᠴᠢᠨᠠᠷᠲᠠᠶ ᠰᠢᠯᠵᠢᠭᠦᠯᠦᠨ ᠥᠭᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠬᠠᠩᠭᠠᠬᠤ ᠬᠡᠷᠡᠭᠲᠡᠶ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠢ ᠬᠢᠮᠳᠠ ᠪᠠᠷ ᠬᠤᠳᠠᠯᠳᠤᠬᠤ ᠬᠠᠮᠤᠭ ᠤᠨ ᠳᠣᠤᠷ᠎ᠠ ᠦᠨ᠎ᠡ ᠶᠢᠨ ᠪᠠᠷᠢᠮᠵᠢᠶ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠬᠤ ᠬᠡᠷᠡᠭᠲᠡᠶ᠃    ︵ᠲᠦᠷᠪᠡ︶ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ    6. ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠪᠣᠯᠭᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠠᠨᠠᠯ︾ ᠢ ᠦᠨᠳᠦᠰᠦᠯᠡᠨ᠂ ᠲᠠᠬᠢᠨ ᠡᠭᠦᠰᠴᠦ ᠪᠣᠯᠬᠤ ᠡᠨᠧᠷᠭᠢ ᠪᠠ ᠲᠦᠭᠦᠬᠡᠢ ᠮᠠᠲ᠋ᠧᠷᠢᠶᠠᠯ ᠤᠨ ᠡᠨᠧᠷᠭᠢ ᠤᠨ ᠬᠡᠷᠡᠭᠯᠡᠭᠡ ᠶᠢ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠳᠤ ᠣᠷᠣᠭᠤᠯᠬᠤ ᠦᠭᠡᠢ᠂ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠵᠤ᠂ ᠲᠠᠬᠢᠨ ᠡᠭᠦᠰᠴᠦ ᠪᠣᠯᠬᠤ ᠡᠨᠧᠷᠭᠢ ᠶᠢ ᠶᠡᠭᠡ ᠬᠡᠪᠴᠢᠶ᠎ᠡ ᠪᠠᠷ ᠰᠢᠩᠭᠡᠭᠡᠨ ᠠᠪᠴᠤ ᠴᠠᠬᠢᠯᠭᠠᠨ ᠭᠠᠷᠭᠠᠬᠤ ᠶᠢ ᠵᠣᠷᠢᠭᠵᠢᠭᠤᠯᠵᠤ᠂ ᠠᠯᠠᠱᠠ ᠶᠢ ︽ᠳᠡᠷᠢᠬᠦᠨ ᠤ ᠡᠨᠧᠷᠭᠢ ᠶᠡᠭᠡ ᠠᠴᠢᠶᠠᠯᠠᠵᠦ ᠪᠣᠬᠢᠷᠳᠣᠯ ᠪᠠᠭ᠎ᠠ ᠭᠠᠳᠠᠭᠰᠢᠯᠠᠭᠤᠯᠬᠤ ᠠᠵᠤ ᠦᠢᠯᠡᠰ ᠲᠥᠪᠯᠡᠷᠡᠭᠰᠡᠨ ᠣᠷᠣᠨ︾ ᠪᠣᠯᠭᠠᠨ ᠪᠦᠳᠦᠭᠡᠨ ᠪᠠᠶᠢᠭᠤᠯᠵᠤ᠂ ᠪᠦᠬᠦ ᠤᠯᠤᠰ ᠤᠨ ᠴᠢᠬᠤᠯᠠ ︽ᠴᠡᠪᠡᠷ ᠴᠠᠬᠢᠯᠭᠠᠨ ᠤ ᠥᠪᠡᠷ ᠤᠨ ᠦᠷᠳᠡᠭ ᠤᠨ ᠬᠤᠲᠣᠭᠤᠷ ᠭᠠᠵᠠᠷ᠂ ᠴᠡᠪᠡᠷ ᠡᠨᠧᠷᠭᠢ ᠶᠢᠨ ᠠᠵᠤ ᠠᠬᠤᠢ ᠶᠢᠨ ᠥᠨᠳᠦᠷᠯᠢᠭ︾ ᠪᠣᠯᠭᠠᠨ ᠪᠦᠳᠦᠭᠡᠨ ᠪᠠᠶᠢᠭᠤᠯᠤᠨ᠎ᠠ᠃    7. ᠥᠪᠡᠷᠲᠡᠭᠡᠨ ᠵᠠᠰᠠᠬᠤ ᠣᠷᠣᠨ ᠤ 6 ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥ ᠶᠢᠨ ᠪᠣᠳᠣᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠨᠧᠷᠭᠢ ᠨᠡᠯᠢᠶᠡᠳ ᠶᠡᠭᠡ ᠬᠡᠷᠡᠭᠯᠡᠵᠦ ᠪᠠᠶᠢᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠴᠠᠭᠤᠯᠤᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠠᠬᠤᠶ ᠲᠠᠯᠠᠪᠠᠶ ᠶᠢᠨ ᠬᠡᠷᠡᠭᠯᠡᠭᠡᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠡᠪᠡᠷ ᠡᠨᠧᠷᠭᠢ ᠪᠠᠷ ᠣᠷᠣᠯᠠᠭᠤᠯᠬᠤ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠤᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃    ᠬᠤᠶᠠᠷ᠂ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠎ᠠ    ︵ᠲᠠᠪᠤ︶ ᠠᠵᠤ ᠠᠬᠤᠶᠢᠯᠠᠯ ᠤᠨ ᠪᠡᠯᠡ ᠳᠣᠬᠢᠷᠠᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ    8. ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠳᠣᠭᠳᠠᠭᠠᠵᠦ᠂ ᠲᠣᠭᠲᠠᠮᠠᠯ ᠬᠤᠭᠤᠴᠠᠭ᠎ᠠ ᠲᠠᠢ ᠪᠠᠷ ︽ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ︾ ᠤᠨ ᠪᠡᠯᠡ ᠲᠣᠬᠢᠷᠠᠭᠤᠯᠬᠤ ᠶᠢ ᠵᠣᠯᠭᠠᠭᠤᠯᠬᠤ ᠬᠤᠷᠠᠯ ᠬᠤᠷᠠᠯᠳᠤᠭᠤᠯᠬᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢᠨ ᠲᠥᠷᠥᠯ ᠵᠦᠢᠯ ᠢ ᠲᠠᠨᠢᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠥᠷᠭᠡᠳᠬᠡᠨ᠎ᠡ᠃    9. ᠳᠤᠮᠳᠠᠳᠤ ᠤᠯᠤᠰ ᠤᠨ ᠠᠷᠠᠳ ᠤᠨ ᠪᠠᠩᠬᠢ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠪᠤᠶᠤ ᠲᠡᠮᠳᠡᠭᠲᠦ ᠶᠢᠨ ᠠᠷᠠᠯᠵᠢᠶᠠᠨ ᠤ ᠭᠠᠵᠠᠷ ᠠᠴᠠ ᠺᠣᠮᠫᠠᠨᠢ ᠶᠢᠨ ᠵᠢᠭᠡᠯᠡᠯᠭᠡ ᠶᠢᠨ ᠲᠡᠮᠳᠡᠭᠲᠦ ︵ᠠᠵᠤ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ︶᠂ ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠪᠠᠷ ᠢᠶᠠᠨ ᠴᠣᠭᠯᠠᠭᠤᠯᠣᠭᠰᠠᠨ ᠵᠢᠭᠡᠯᠡᠯᠭᠡ ᠶᠢᠨ ᠲᠡᠮᠳᠡᠭᠲᠦ᠂ ᠨᠡᠶᠢᠯᠡᠮᠡᠯ ᠵᠢᠭᠡᠯᠡᠯᠭᠡ ᠶᠢᠨ ᠲᠡᠮᠳᠡᠭᠲᠦ ᠵᠢᠴᠢ ᠡᠳ᠋ ᠬᠥᠷᠥᠩᠭᠡ ᠶᠢᠨ ᠲᠡᠮᠳᠡᠭᠳᠤ ᠶᠢ ᠠᠰᠢᠭᠯᠠᠨ ᠪᠡᠯᠡ ᠮᠥᠩᠭᠦ ᠴᠤᠭᠯᠠᠭᠤᠯᠤᠭᠰᠠᠨ ᠠᠵᠤ ᠠᠬᠤᠶᠢᠯᠠᠯ ᠳᠤ ᠪᠡᠯᠡ ᠮᠥᠩᠭᠦ ᠶᠢ ᠪᠦᠬᠦᠨ ᠢ ᠪᠣᠳᠠᠳᠠᠶᠢᠵᠢᠭᠤᠯᠣᠭᠰᠠᠨ ᠪᠣᠯ ᠴᠤᠭᠯᠠᠭᠤᠯᠤᠭᠰᠠᠨ ᠪᠡᠯᠡ ᠮᠥᠩᠭᠦ ᠶᠢᠨ 0.5% ᠪᠠᠷ ᠨᠣᠭᠤᠯᠵᠦ ᠨᠥᠬᠦᠪᠥᠷᠢ ᠣᠯᠭᠤᠨ᠎ᠠ᠃    ︵ᠵᠢᠷᠭᠤᠭ᠎ᠠ︶ ᠠᠵᠤ ᠠᠬᠤᠶᠢᠯᠠᠯ ᠤᠨ ᠪᠡᠯᠡ ᠳᠣᠬᠢᠷᠠᠭᠤᠯᠬᠤ ᠶᠢ ᠳᠠᠭᠠᠭᠠᠬᠤ ᠦᠢᠯᠡᠴᠢᠯᠡᠭᠡ ᠶᠢ ᠴᠢᠩᠭᠠᠳᠬᠠᠨ᠎ᠠ    10. ᠵᠠᠰᠠᠭ ᠤᠨ ᠣᠷᠳᠣᠨ ᠤ ᠴᠢᠨᠠᠷᠲᠠᠶ ᠪᠠᠯᠠ ᠳᠣᠬᠢᠷᠠᠭᠤᠯᠬᠤ ᠶᠢ ᠳᠠᠭᠠᠭᠠᠬᠤ ᠪᠠᠶᠢᠭᠤᠯᠤᠮᠵᠢ ᠶᠢᠨ ᠨᠥᠬᠦᠴᠡᠯ ᠳᠤ ᠨᠡᠶᠢᠴᠡᠬᠦ ᠵᠠᠮ ᠬᠠᠷᠢᠯᠴᠠᠭ᠎ᠠ ᠲᠡᠭᠡᠭᠡᠪᠦᠷᠢ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠭᠤᠯᠴᠢᠯᠠᠯ ᠵᠡᠷᠭᠡ ᠠᠵᠢᠯ ᠲᠥᠷᠥᠯ ᠤᠨ ᠳᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠠᠯᠠ ᠳᠣᠬᠢᠷᠠᠭᠤᠯᠬᠤ  ᠶᠢ ᠳᠠᠭᠠᠭᠠᠬᠤ ᠳᠡᠮᠵᠢᠯᠭᠡ ᠬᠠᠩᠭᠠᠵᠤ᠂ ᠪᠠᠯᠠ ᠳᠣᠬᠢᠷᠠᠭᠤᠯᠬᠤ  ᠶᠢ ᠳᠠᠭᠠᠭᠠᠬᠤ ᠵᠠᠷᠤᠳᠠᠯ ᠤᠨ ᠨᠣᠷᠮ᠎ᠠ  ᠶᠢ ᠳᠤᠮᠳᠠᠴᠢ  ᠪᠠᠷ 1%  ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ ︵1% ᠪᠠᠭᠲᠠᠨ᠎ᠠ︶᠃    11. ᠮᠥᠩᠭᠦᠨ ᠭᠦᠢᠯᠭᠡᠭᠡᠨ ᠤ ᠪᠡᠯᠡ ᠣᠷᠣᠭᠤᠯᠤᠯᠲᠠ ᠶᠢᠨ ᠺᠣᠮᠫᠠᠨᠢ ᠭᠤᠶᠤᠴᠢᠯᠠᠬᠤ᠂ ᠪᠡᠯᠡ ᠣᠷᠣᠭᠤᠯᠬᠤ᠂ ᠬᠤᠳᠠᠯᠳᠤᠨ ᠠᠪᠬᠤ᠂ ᠬᠠᠮᠲᠤᠷᠠᠯᠴᠠᠬᠤ᠂ ᠮᠥᠩᠭᠦᠨ ᠭᠦᠢᠯᠭᠡᠭᠡᠨ ᠤ ᠭᠤᠣᠯ ᠴᠣᠭᠴᠠ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠢᠯᠡᠳᠬᠦᠨ ᠤ ᠲᠦᠷᠦᠯ ᠵᠦᠢᠯ ᠢ ᠪᠠᠶᠠᠯᠢᠭᠵᠢᠭᠤᠯᠵᠤ᠂ ︽ᠮᠥᠩᠭᠦᠨ ᠭᠦᠢᠯᠭᠡᠭᠡ︾ ᠶᠢᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠶᠢ ᠵᠣᠷᠢᠭᠵᠢᠭᠤᠯᠤᠨ᠎ᠠ︔ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ᠂ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠲᠤᠬᠠᠶᠢᠯᠠᠭᠰᠠᠨ ᠠᠵᠢᠯ ᠢ ᠵᠣᠷᠢᠭᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠳᠤ ᠦᠵᠡᠭᠦᠯᠬᠦ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠲᠤᠬᠠᠶ ᠶᠢᠨ ᠵᠢᠯ ᠤᠨ ᠰᠢᠨ᠎ᠡ ᠪᠠᠷ ᠨᠡᠮᠡᠭᠳᠡᠭᠰᠡᠨ ᠳᠠᠭᠠᠭᠠᠯᠲᠠ ᠶᠢᠨ ᠲᠤᠭ᠎ᠠ ᠨᠢ 7000 ᠲᠦᠮᠡᠨ ᠲᠥᠭᠦᠷᠢᠭ ᠠᠴᠠ ᠳᠠᠪᠠᠭᠰᠠᠨ ᠪᠠ ︽ᠳᠠᠭᠠᠭᠠᠯᠲᠠ ᠳᠤ ᠲᠤᠰᠠᠯᠠᠬᠤ ᠵᠢᠭᠡᠯᠡᠯᠭᠡ︾ ᠶᠢᠨ ᠲᠤᠭ᠎ᠠ ᠬᠡᠮᠵᠢᠶ᠎ᠡ ᠨᠢ 5000 ᠲᠦᠮᠡᠨ ᠲᠥᠭᠦᠷᠢᠭ ᠠᠴᠠ ᠳᠠᠪᠠᠭᠰᠠᠨ ᠬᠡᠰᠡᠭ ᠲᠤ ᠡᠳ᠋ ᠤᠨ ᠵᠠᠰᠠᠭ ᠠᠴᠠ ᠳᠡᠭᠡᠳᠦ ᠱᠠᠲᠤᠨ ᠤ ᠲᠤᠰᠬᠠᠶ ᠪᠡᠯᠡ ᠮᠥᠩᠭᠦ ᠶᠢᠨ ᠳᠡᠮᠵᠢᠯᠭᠡ ᠦᠵᠡᠭᠦᠯᠦᠨ᠎ᠡ︔ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠪᠡᠯᠡ ᠮᠥᠩᠭᠦ᠂ ᠳᠠᠭᠠᠭᠠᠯᠲᠠ ᠶᠢᠨ ᠪᠣᠳᠠᠲᠤ ᠬᠦᠴᠦᠨ ᠢ ᠯᠠᠪᠳᠠᠭᠤᠨ ᠢᠶᠠᠷ ᠳᠡᠭᠡᠭᠰᠢᠯᠡᠭᠦᠯᠵᠦ᠂ ᠮᠥᠩᠭᠦᠨ ᠭᠦᠢᠯᠭᠡᠭᠡᠨ ᠤ ᠠᠵᠤ ᠠᠬᠤᠶᠢᠯᠠᠯ᠂ ᠪᠡᠯᠡ ᠳᠣᠬᠢᠷᠠᠭᠤᠯᠬᠤ ᠶᠢ ᠳᠠᠭᠠᠭᠠᠬᠤ ᠺᠣᠮᠫᠠᠨᠢ ᠶᠢ ᠲᠡᠳᠬᠦᠨ ᠳᠡᠮᠵᠢᠬᠦ ᠡᠷᠴᠢᠮ ᠢ ᠴᠢᠩᠭᠠᠷᠠᠭᠤᠯᠵᠤ᠂ ᠳᠠᠭᠠᠭᠠᠯᠲᠠ ᠶᠢᠨ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ᠂ ᠳᠤᠮᠳᠠ ᠵᠢᠵᠢᠭ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃    ︵ᠳᠤᠯᠤᠭ᠎ᠠ︶ ᠥᠷᠢ ᠥᠭᠴᠡᠭᠡ ᠶᠢ ᠪᠠᠶᠢᠩᠭᠤ ᠤᠷᠢᠳᠴᠢᠯᠠᠨ ᠰᠡᠷᠭᠡᠶᠢᠯᠡᠬᠦ ᠪᠠ ᠢᠯᠭᠠᠷᠠᠭᠤᠯᠤᠨ ᠳᠢᠭᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ    12. ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠥᠭᠬᠦ ᠶᠢ ᠪᠠᠲᠤᠯᠠᠬᠤ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ︽ᠢᠨᠲ᠋ᠧᠷ ᠰᠦᠯᠵᠢᠶ᠎ᠡ ᠪᠠᠷ ᠰᠢᠮᠳᠠᠭᠤᠯᠤᠨ ᠪᠠᠶᠢᠴᠠᠭᠠᠬᠤ︾ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠲᠠᠪᠴᠠᠩ ᠪᠣᠯᠤᠨ ᠭᠡᠷ᠎ᠡ ᠠᠴᠠ ᠵᠥᠷᠢᠴᠡᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠣᠭᠤᠰ ᠤᠨ ᠵᠦᠢᠯ ᠤᠨ ᠳᠠᠩᠰᠠᠯᠠᠯᠲᠠ ︵ᠵᠠᠭᠠᠯᠳᠤᠯᠭ᠎ᠠ︶ ᠶᠢᠨ ᠲᠠᠪᠴᠠᠩ ᠳᠤ ᠲᠦᠰᠢᠭᠯᠡᠨ᠂ ᠵᠠᠭᠠᠯᠳᠤᠯᠭ᠎ᠠ ᠬᠢᠬᠦ ᠵᠦᠢᠯᠡᠰ ᠢ ᠬᠤᠭᠤᠴᠠᠭ᠎ᠠ ᠬᠢᠵᠠᠭᠠᠷᠯᠠᠨ ᠰᠢᠮᠳᠠᠭᠤᠯᠤᠨ  ᠰᠢᠢᠳᠪᠦᠷᠢᠯᠡᠬᠦᠯᠵᠦ ᠬᠠᠷᠢᠭᠤ ᠲᠤᠰᠬᠠᠨ᠎ᠠ᠃ ᠭᠡᠷ᠎ᠡ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠬᠤᠰᠢᠭᠤ ︵ᠤᠷᠤᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ ᠭᠡᠷ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠂ ᠠᠵᠢᠯᠲᠠᠨ ᠤ ᠬᠤᠪᠢᠷᠠᠯᠲᠠ ᠪᠠᠷ ᠳᠣᠲᠣᠭᠠᠳᠤ ᠶᠢᠨ ᠵᠣᠭᠤᠰ ᠥᠭᠬᠦ ᠴᠤᠪᠤᠷᠠᠯ ᠢ ᠬᠦᠢᠴᠡᠳᠭᠡᠵᠦ ᠪᠣᠯᠬᠤ ᠥᠬᠡᠶ᠂ ᠡᠰᠡᠬᠦᠯ᠎ᠡ ᠭᠡᠷ᠎ᠡ ᠳᠤ ᠪᠣᠯᠵᠣᠨ ᠲᠣᠭᠲᠠᠭᠰᠠᠨ ᠪᠠᠶᠢᠳᠠᠯ ᠤᠨ ᠳᠣᠤᠷ᠎ᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠴᠣᠬᠤᠯᠠᠪᠤᠷᠢᠯᠠᠬᠤ᠂ ᠲᠥᠰᠦᠪ ᠤᠨ ᠭᠦᠢᠴᠡᠳᠬᠡᠯ ᠢ ᠬᠢᠨᠠᠨ ᠪᠤᠳᠤᠬᠤ ᠶᠢ ᠬᠦᠯᠢᠶᠡᠵᠦ ᠪᠠᠶᠢᠭ᠎ᠠ ᠵᠡᠷᠭᠡ ᠪᠠᠷ ᠰᠢᠯᠲᠠᠭ ᠪᠣᠯᠭᠠᠵᠤ᠂ ᠠᠵᠤ ᠠᠬᠤᠶᠢᠯᠠᠯ ᠤᠨ ᠵᠣᠭᠤᠰ ᠥᠭᠬᠦ ᠶᠢ ᠲᠡᠪᠴᠢᠬᠦ ᠪᠤᠶᠤ ᠬᠤᠶᠢᠰᠢᠯᠠᠭᠤᠯᠵᠤ ᠪᠣᠯᠬᠤ ᠦᠬᠡᠢ᠂ ᠬᠢᠨᠠᠨ ᠪᠤᠳᠤᠬᠤ ᠰᠠᠯᠠᠭ᠎ᠠ ᠮᠥᠴᠢᠷ ᠠᠴᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠳᠠᠩᠰᠠᠨ ᠤ ᠵᠣᠭᠤᠰ ᠢ ᠥᠷᠢᠲᠦᠵᠦ ᠪᠠᠶᠢᠭ᠎ᠠ ᠢᠲᠡᠭᠡᠮᠵᠢ ᠳᠤ ᠬᠢᠨᠠᠯᠲᠠ ᠲᠠᠯᠪᠢᠵᠤ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠠᠩᠰᠠᠨ ᠵᠣᠭᠤᠰ ᠢ ᠢᠯᠭᠠᠷᠠᠭᠤᠯᠤᠨ ᠳᠢᠭᠯᠡᠬᠦ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠴᠠᠭ ᠳᠣᠬᠠᠢ ᠳᠤᠨᠢ ᠳᠣᠭᠢᠷᠠᠭᠤᠯᠤᠨ ᠮᠡᠳᠡᠭᠡᠯᠡᠬᠦ᠂ ᠪᠣᠯᠵᠣᠨ ᠶᠠᠷᠢᠯᠴᠠᠬᠤ ᠵᠡᠷᠭᠡ ᠬᠡᠯᠪᠡᠷᠢ ᠪᠠᠷ ᠥᠷᠢᠲᠦᠵᠦ ᠪᠠᠶᠢᠭ᠎ᠠ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠣᠨ ᠮᠡᠳᠡᠭᠦᠯᠦᠭᠰᠡᠨ᠂ ᠳᠥᠯᠥᠵᠦ ᠲᠠᠭᠤᠰᠬᠠᠭᠰᠠᠨ ᠥᠬᠡᠶ᠂ ᠵᠣᠷᠢᠭᠤᠳᠠ ᠥᠷᠢᠲᠦᠭᠰᠡᠨ ᠵᠡᠷᠭᠡ ᠭᠡᠷᠡᠭ ᠤᠨ ᠵᠢᠱᠢᠶ᠎ᠡ ᠶᠢ ᠬᠠᠤᠯᠢ ᠶᠣᠰᠣᠭᠠᠷ ᠢᠯᠡᠴᠢᠯᠡᠨ᠎ᠡ᠃    ︵ᠨᠠᠢᠮᠠ︶ ᠳᠡᠮᠵᠢᠬᠦ ᠲᠦᠷᠦ ᠶᠢᠨ ᠪᠣᠳᠣᠯᠭ᠎ᠠ ᠶᠢ ᠰᠢᠭᠤᠳ ᠲᠦᠷᠭᠡᠨ ᠬᠦᠷᠳᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ    13. ᠰᠢᠭᠤᠳ ᠪᠡᠯᠡ ᠮᠥᠩᠭᠦ ᠶᠢᠨ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠳᠣᠬᠠᠢ ᠡᠳ᠋ ᠤᠨ ᠵᠠᠰᠠᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ︽ᠴᠠᠭ ᠲᠤᠬᠠᠶ ᠳᠤᠨᠢ ᠂ ᠰᠢᠭᠤᠳ ᠬᠦᠷᠭᠡᠬᠦ᠂ ᠨᠠᠷᠢᠯᠢᠭ ᠣᠨᠣᠪᠴᠢᠳᠠᠢ᠂ ᠠᠮᠤᠷ ᠲᠦᠪᠰᠢᠨ᠂ ᠠᠮᠵᠢᠯᠲᠠ ᠪᠦᠲᠦᠮᠵᠢ︾ ᠶᠢ ᠦᠨᠡᠨᠬᠦ ᠪᠠᠲᠤᠯᠠᠵᠤ᠂ ᠰᠢᠭᠤᠳ ᠪᠡᠯᠡ ᠮᠥᠩᠭᠦ ᠶᠢ ᠬᠢᠨᠠᠨ ᠡᠵᠡᠮᠳᠡᠬᠦ ᠰᠢᠰᠲ᠋ᠧᠮ ᠢᠶᠠᠷ ᠲᠤᠯᠭᠠᠭᠤᠷᠢᠯᠠᠯ ᠪᠣᠯᠭᠠᠵᠤ᠂ ᠰᠢᠭᠤᠳ ᠪᠡᠯᠡ ᠮᠥᠩᠭᠦ ᠶᠢ ᠬᠢᠨᠠᠨ ᠡᠵᠡᠮᠳᠡᠬᠦ ᠲᠣᠭᠲᠠᠴᠠ ᠶᠢ ᠪᠠᠶᠢᠭᠤᠯᠤᠨ᠂ ᠪᠡᠯᠡ ᠮᠥᠩᠭᠦ ᠶᠢ ᠬᠢᠨᠠᠨ ᠡᠵᠡᠮᠳᠡᠬᠦ ᠠᠵᠢᠯ ᠢ ᠴᠢᠩᠭᠠᠳᠬᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠳᠣᠯᠠᠨ᠎ᠠ᠃    ᠭᠤᠷᠪᠠ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ    ︵ᠶᠢᠰᠦ︶ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠦᠭᠵᠢᠬᠦ ᠶᠢ ᠳᠡᠮᠵᠢᠨ᠎ᠡ    14. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠳᠡᠮᠵᠢᠨ᠎ᠡ᠃ ᠠᠯᠠᠱᠠ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠪᠠ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠰᠢᠯᠢᠳᠡᠭ ᠢ ᠨᠢ ᠰᠣᠩᠭᠤᠨ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠬᠡᠷᠡᠭᠲᠡᠶ᠃ ᠰᠢᠨ᠎ᠡ ᠪᠠᠷ ᠮᠠᠭᠠᠳᠯᠠᠨ ᠲᠣᠭᠲᠠᠭᠠᠭᠰᠠᠨ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︔ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ︔ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠯᠲᠠ ᠶᠢᠨ ᠰᠤᠳᠤᠯᠭᠠᠨ ᠤ ᠥᠷᠲᠡᠭᠡ︔ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠢᠴᠢ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠦᠢᠯᠡᠰᠵᠢᠯᠳᠡ ᠶᠢᠨ ᠰᠠᠭᠤᠷᠢᠨ ᠭᠠᠵᠠᠷ︔ ᠠᠶᠢᠮᠠᠭ ᠤᠨ ᠲᠠᠰ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠲᠣᠭᠤᠷᠢᠭ ᠵᠢᠴᠢ ᠲᠠᠷᠢᠶᠠᠯᠠᠩ ᠮᠠᠯ ᠠᠵᠤ ᠠᠬᠤᠶ ᠶᠢᠨ ᠣᠨᠴᠠᠯᠢᠭᠲᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰᠵᠢᠯᠳᠡ ᠶᠢᠨ ᠰᠠᠭᠤᠷᠢᠨ ᠭᠠᠵᠠᠷ︔ ᠠᠺᠠᠳᠧᠮᠢᠴᠢ ᠲᠤᠰᠬᠠᠶ ᠮᠡᠷᠭᠡᠵᠢᠯᠲᠡᠨ ᠤ ᠠᠵᠢᠯ ᠤᠨ ᠥᠷᠲᠡᠭᠡ ᠵᠡᠷᠭᠡ ᠳᠤ ᠪᠠᠯᠠ ᠮᠥᠩᠭᠦ ᠶᠢᠨ ᠳᠡᠮᠵᠢᠯᠭᠡ ᠦᠵᠡᠭᠦᠯᠦᠨ᠎ᠡ᠃ ᠳᠡᠮᠵᠢᠯᠭᠡ ᠶᠢᠨ ᠪᠡᠯᠡ ᠮᠥᠩᠭᠦ ᠶᠢ ᠴᠥᠮ ᠰᠤᠳᠤᠯᠤᠨ ᠨᠡᠭᠡᠭᠡᠬᠦ ᠠᠵᠢᠯᠯᠠᠭ᠎ᠠ ᠥᠷᠨᠢᠭᠦᠯᠬᠦ ᠳᠤ ᠬᠡᠷᠡᠭᠯᠡᠨ᠎ᠡ᠃    ︵ᠠᠷᠪᠠ︶ ᠠᠵᠤ ᠠᠬᠤᠶᠢᠯᠠᠯ ᠤᠨ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠶᠢ ᠵᠣᠷᠢᠭᠵᠢᠭᠤᠯᠤᠨ᠎ᠠ    15. ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠲᠥᠯᠥᠪᠵᠢᠭᠦᠯᠬᠦ ᠪᠠ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠢ ᠬᠠᠮᠳᠣ ᠪᠠᠷ ᠦᠨᠡᠯᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠦᠷ᠎ᠡ ᠪᠦᠲᠦᠭᠡᠯ ᠢ ᠬᠠᠮᠳᠣ  ᠪᠠᠷ ᠬᠤᠪᠢᠶᠠᠯᠴᠠᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠨᠢᠭᠡᠨᠲᠡ ᠲᠥᠯᠥᠪᠵᠢᠭᠦᠯᠦᠭᠰᠡᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢ ᠥᠷᠨᠢᠭᠦᠯᠦᠭᠰᠡᠨ ᠪᠥᠭᠡᠳ ᠬᠦᠴᠦᠨ ᠪᠦᠬᠦᠢ ᠬᠤᠭᠤᠴᠠᠭᠠᠨ ᠳᠠᠭᠠᠨ ᠪᠠᠶᠢᠪᠠᠯ᠂ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠢᠴᠢᠭ ᠮᠠᠲ᠋ᠧᠷᠢᠶᠠᠯ ᠳᠤ ︽ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠳᠤ ᠨᠡᠶᠢᠴᠡᠬᠦ ᠴᠢᠨᠠᠷᠲᠠᠶ ᠵᠠᠳᠠᠯᠤᠯᠲᠠ᠂ ᠭᠠᠵᠠᠷ ᠰᠣᠩᠭᠤᠬᠤ ᠣᠷᠴᠢᠨ ᠲᠣᠭᠤᠷᠢᠨ ᠤ ᠵᠦᠶ ᠶᠣᠰᠣᠴᠢ ᠴᠢᠨᠠᠷ ᠪᠠ ᠪᠣᠯᠤᠮᠵᠢᠲᠤ ᠴᠢᠨᠠᠷ ᠤᠨ ᠨᠤᠲᠠᠯᠠᠯ︾ ᠵᠡᠷᠭᠡ ᠬᠠᠮᠢᠶ᠎ᠠ ᠪᠦᠬᠦᠢ ᠦᠨᠡᠯᠡᠬᠦ ᠠᠭᠤᠯᠭ᠎ᠠ ᠶᠢ ᠳᠥᠭᠦᠮᠴᠢᠯᠡᠵᠦ᠂ ᠣᠷᠣᠨ ᠪᠦᠰᠡ ᠶᠢᠨ ᠣᠷᠴᠢᠨ ᠲᠣᠭᠤᠷᠢᠨ ᠤ ᠦᠨᠡᠯᠡᠨ ᠵᠢᠱᠢᠭᠰᠡᠨ ᠦᠷ᠎ᠡ ᠪᠦᠲᠦᠭᠡᠯ ᠢ ᠡᠰᠢᠯᠡᠨ ᠬᠡᠷᠡᠭᠯᠡᠵᠦ ᠬᠤᠪᠢᠶᠠᠯᠴᠠᠵᠦ ᠪᠣᠯᠤᠨ᠎ᠠ᠃    ︵ᠠᠷᠪᠠᠨ ᠨᠢᠭᠡ︶ ᠣᠨᠴᠠᠯᠢᠭᠲᠤ ᠳᠤᠮᠳᠠ ᠵᠢᠵᠢᠭ ᠠᠵᠤ ᠠᠬᠤᠶᠢᠯᠠᠯ ᠤᠨ ᠬᠦᠭᠵᠢᠯᠲᠡ ᠶᠢ ᠵᠣᠷᠢᠭᠵᠢᠭᠤᠯᠤᠨ᠎ᠠ    16. ︽ᠬᠤᠪᠢ ᠡᠷᠦᠬᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾ ᠠᠵᠢᠯ ᠢ ᠠᠬᠢᠭᠤᠯᠵᠤ᠂ ᠳᠠᠩᠰᠠᠯᠠᠭᠰᠠᠨ ᠬᠤᠭᠤᠴᠠᠭ᠎ᠠ ᠨᠢ ᠨᠢᠭᠡ ᠵᠢᠯ ᠠᠴᠠ ᠳᠡᠭᠡᠭᠰᠢ᠂ ᠨᠢᠭᠡᠨᠲᠡ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠲᠤ ᠡᠩ ᠤᠨ ᠭᠠᠶᠢᠯᠢ ᠲᠤᠰᠢᠶᠠᠭᠴᠢ ᠪᠠᠷ ᠪᠦᠷᠢᠳᠬᠡᠭᠦᠯᠦᠭᠰᠡᠨ ᠪᠥᠭᠡᠳ ᠦᠢᠯᠡᠳᠬᠦᠨ ᠤ ᠥᠷᠲᠡᠭ ᠪᠠ ᠪᠣᠷᠣᠯᠠᠭᠤᠯᠬᠤ ᠬᠡᠪᠴᠢᠶ᠎ᠡ ᠪᠠᠷ ᠨᠡᠯᠢᠶᠡᠳ ᠶᠡᠭᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠂ ᠦᠷᠭᠦᠯᠵᠢᠯᠡᠨ 12 ᠰᠠᠷ᠎ᠠ ᠶᠢᠨ ᠨᠡᠮᠡᠭᠳᠡᠯ ᠥᠷᠲᠡᠭ ᠤᠨ ᠭᠠᠶᠢᠯᠢ ᠶᠢᠨ ᠪᠣᠷᠣᠯᠠᠭᠤᠯᠭ᠎ᠠ ᠶᠢᠨ ᠶᠡᠷᠦᠩᠬᠡᠶ ᠲᠤᠭ᠎ᠠ ᠨᠢ 500 ᠲᠦᠮᠡᠨ ᠲᠥᠭᠦᠷᠢᠭ ᠠᠴᠠ ᠳᠠᠪᠠᠭᠰᠠᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠭᠤᠣᠯᠳᠠᠯᠭ᠎ᠠ ᠲᠠᠢ ᠳᠡᠮᠵᠢᠬᠦ ᠡᠲᠡᠭᠡᠳ ᠲᠤ ᠵᠢᠭᠰᠠᠭᠠᠨ ᠣᠷᠣᠭᠤᠯᠵᠤ᠂ ᠠᠩᠬ᠎ᠠ ᠤᠳᠠᠭ᠎ᠠ ︽ᠬᠤᠪᠢ ᠡᠷᠦᠭᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠵᠤ︾ 2 ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ᠂ ᠢᠲᠡᠭᠡᠮᠵᠢ ᠶᠢᠨ ᠮᠠᠭᠤ ᠲᠡᠮᠳᠡᠭᠯᠡᠯ ᠦᠭᠡᠢ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ 10 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃    ᠳᠥᠷᠪᠡ᠂ ᠠᠵᠤ ᠠᠬᠤᠶᠢᠯᠠᠯ ᠢ ᠭᠦᠭᠵᠢᠬᠦᠯᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ    ︵ᠠᠷᠪᠠᠨ ᠬᠤᠶᠠᠷ︶ ᠡᠷᠬᠡ ᠲᠡᠭᠰᠢ ᠲᠥᠪ ᠭᠤᠣᠯᠴᠢ ᠬᠠᠤᠯᠢ ᠪᠠᠷ ᠵᠠᠰᠠᠬᠤ ᠣᠷᠴᠢᠨ ᠲᠣᠭᠤᠷᠢᠨ ᠢ ᠪᠤᠢ ᠪᠣᠯᠭᠠᠨ᠎ᠠ    17. ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ  ᠳᠠᠩᠰᠠᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠬᠡᠷᠡᠭ ᠲᠤ ︽ᠭᠤᠷᠪᠠᠨ ᠲᠤᠬᠠᠶ ᠶᠢᠨ ᠲᠠᠯᠠᠪᠤᠷ︾ ᠤᠨ ᠲᠦᠷᠢᠮ ᠢ ᠴᠢᠩᠭ᠎ᠠ ᠬᠡᠷᠡᠭᠵᠢᠭᠦᠯᠦᠨ᠎ᠡ᠂ ᠲᠤᠬᠠᠶᠢᠯᠠᠪᠠᠯ᠄ ᠬᠡᠷᠡᠭ ᠮᠡᠳᠡᠭᠦᠯᠦᠭᠴᠢ ᠬᠡᠷᠡᠭ ᠮᠡᠳᠡᠭᠦᠯᠦᠭᠰᠡᠨ ᠪᠣᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠲᠡᠷᠡ ᠳᠣᠤᠷ᠎ᠠ ᠨᠢ ᠰᠦᠯᠵᠢᠶᠡᠨ ᠳᠡᠭᠡᠷ᠎ᠡ ᠬᠡᠷᠡᠭ ᠢ ᠬᠦᠯᠢᠶᠡᠨ ᠠᠪᠤᠭᠰᠠᠨ ᠳᠠᠩᠰᠠᠯᠠᠯᠲᠠ ᠬᠢᠵᠦ᠂ ᠲᠤᠬᠠᠶ ᠶᠢᠨ ᠲᠠᠯᠠᠪᠤᠷ ᠲᠤ ᠭᠡᠷᠡᠴᠢ ᠪᠠᠷᠢᠮᠲᠠ ᠶᠢᠨ ᠮᠠᠲ᠋ᠧᠷᠢᠶᠠᠯ ᠢ ᠭᠥᠯᠢᠶᠡᠨ ᠠᠪᠴᠤ᠂ ᠲᠡᠷᠡ ᠳᠣᠤᠷ᠎ᠠ ᠨᠢ  ᠪᠠᠷᠢᠮᠳᠠ ᠥᠭᠬᠦ ᠶᠢᠨ ᠬᠠᠮᠲᠤ ᠬᠡᠷᠡᠭ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠯᠠᠪᠯᠠᠬᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠳᠤ ᠬᠢᠨᠠᠯᠲᠠ ᠲᠠᠯᠪᠢᠬᠤ ᠠᠷᠭ᠎ᠠ ᠮᠠᠶ᠋ᠢᠭ ᠪᠠ ᠠᠷᠭ᠎ᠠ ᠵᠠᠮ ᠢ ᠮᠡᠳᠡᠭᠳᠡᠬᠦ ᠬᠡᠷᠡᠭᠲᠡᠶ᠃ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠬᠠᠯᠳᠠᠯᠭ᠎ᠠ ᠳᠤ ᠤᠴᠠᠷᠠᠭᠰᠠᠨ ᠴᠠᠭᠳᠠᠭ᠎ᠠ ᠳᠤ ᠮᠡᠳᠡᠭᠦᠯᠵᠦ ᠲᠤᠰᠠᠯᠠᠮᠵᠢ ᠭᠤᠶᠤᠴᠢᠯᠠᠬᠤ ᠵᠦᠢᠯ ᠳᠤ᠂ ᠬᠡᠷᠡᠭ ᠮᠡᠳᠡᠬᠦᠯᠦᠭᠰᠡᠨ ᠪᠣᠯ ᠵᠠᠪᠠᠯ ᠬᠦᠯᠢᠶᠡᠨ ᠠᠪᠴᠤ᠂ ᠬᠦᠯᠢᠶᠡᠨ ᠠᠪᠤᠪᠠᠯ ᠵᠠᠪᠠᠯ ᠰᠢᠢᠳᠪᠦᠷᠢᠯᠡᠵᠦ᠂ ᠬᠡᠷᠡᠭ ᠪᠠᠶᠢᠪᠠᠯ ᠵᠠᠪᠠᠯ ᠪᠠᠶᠢᠴᠠᠭᠠᠬᠤ ᠬᠡᠷᠡᠭᠲᠡᠶ᠃ ᠠᠵᠤ ᠠᠬᠤᠶᠢᠯᠠᠯ ᠤᠨ ᠬᠡᠷᠡᠭ ᠢ ᠰᠢᠢᠳᠪᠦᠷᠢᠯᠡᠬᠦ ᠪᠥᠬᠦ ᠶᠠᠪᠤᠴᠠ ᠳᠤ ᠬᠢᠨᠠᠯᠲᠠ ᠲᠠᠯᠪᠢᠨ᠎ᠠ᠃ ᠠᠵᠤ ᠠᠬᠤᠶᠢᠯᠠᠯ ᠤᠨ ᠡᠳ᠋ ᠬᠥᠷᠥᠩᠭᠡ ᠶᠢᠨ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠵᠠᠷᠭᠤ᠂ ᠮᠠᠭᠤ ᠰᠠᠨᠠᠭ᠎ᠠ ᠲᠠᠢ ᠪᠠᠷ ᠵᠠᠷᠭᠤᠯᠳᠤᠬᠤ ᠲᠤᠰᠬᠠᠶ ᠠᠵᠢᠯᠯᠠᠭ᠎ᠠ  ᠳᠤ ᠴᠣᠬᠢᠯᠳᠠ ᠦᠭᠭᠦᠨ᠎ᠡ᠃    18. ᠡᠯ᠎ᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠪᠠᠭᠲᠠᠭᠠᠮᠵᠢᠲᠠᠶ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠰᠢᠮᠳᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠳᠥᠷᠪᠡᠨ ᠨᠠᠷᠢᠨ ᠲᠠᠩᠰᠠ︾ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠪᠣᠴᠠ ᠳᠠᠬᠢ ᠬᠠᠷᠢᠭᠤᠴᠠᠯᠭ᠎ᠠ ᠶᠢᠨ ᠳᠦᠷᠢᠮ ᠪᠣᠯᠤᠨ ᠲᠥᠪ ᠭᠤᠤᠯᠴᠢ ᠪᠠᠷ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠨᠡᠪᠲᠡᠷᠡᠭᠦᠯᠬᠦ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠰᠢᠮᠳᠠᠭᠤᠯᠬᠤ ᠬᠡᠷᠡᠭᠲᠡᠶ᠃ ︵ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ︶    ︵ᠠᠷᠪᠠᠨ ᠭᠤᠷᠪᠠ︶ ᠳᠥᠭᠦᠮ ᠳᠥᠲᠡ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠢ ᠪᠣᠯᠭᠠᠨ᠎ᠠ    19. ᠠᠵᠤ ᠠᠬᠤᠶᠢᠯᠠᠯ ᠤᠨ ᠪᠥᠬᠦ ᠠᠵᠢᠯ ᠤᠨ ᠬᠤᠭᠤᠴᠠᠭ᠎ᠠ ᠶᠢᠨ ᠲᠣᠭᠤᠷᠢᠨ ᠳᠤ᠂ ᠠᠵᠤ ᠠᠬᠤᠶᠢᠯᠠᠯ ᠢ ᠬᠠᠪᠰᠤᠷᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠡᠮᠬᠢᠯᠡᠨ ᠳᠢᠭᠯᠡᠵᠦ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠡᠷᠴᠢᠮᠵᠢᠭᠦᠯᠦᠨ ᠲᠥᠪᠯᠡᠷᠡᠭᠦᠯᠬᠦ᠂ ᠳᠥᠭᠦᠮ ᠳᠥᠲᠡ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠎ᠠ᠃ ᠪᠥᠬᠦ ᠠᠶᠢᠮᠠᠭ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠴᠢᠩᠭᠠᠳᠬᠠᠵᠤ᠂ ᠴᠢᠬᠤᠯᠠ ᠶᠡᠭᠡ ᠲᠥᠷᠥᠯ ᠵᠦᠢᠯ ᠤᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠤᠨ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠨᠥᠭᠡᠴᠡᠯᠡᠬᠦ᠂ ᠨᠠᠶᠢᠳᠠᠪᠤᠷᠢᠵᠢᠭᠤᠯᠬᠤ᠂ ᠪᠥᠲᠥᠭᠡᠨ ᠪᠠᠶᠢᠭᠤᠯᠬᠤ᠂ ᠳᠠᠭᠤᠰᠬᠠᠬᠤ᠂ ᠠᠰᠢᠭᠯᠠᠯᠲᠠ ᠳᠤ ᠣᠷᠣᠭᠤᠯᠬᠤ ᠵᠡᠷᠭᠡ ᠭᠤᠭᠴᠤᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠣᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷᠳᠡᠭ ᠨᠡᠮᠡᠭᠳᠡᠭᠦᠯᠬᠦ ᠦᠢᠯᠡᠴᠢᠯᠡᠭᠡ ᠶᠢ ᠥᠷᠭᠡᠳᠬᠡᠵᠦ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ︾ ᠴᠤᠩᠬᠤᠪᠴᠢ ᠭᠠᠷᠭᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠶᠠᠪᠤᠴᠠ ᠳᠤ ᠲᠤᠯᠭᠠᠷᠠᠭᠰᠠᠨ ︽ᠪᠠᠴᠢᠮ᠂ ᠬᠦᠴᠢᠷ᠂ ᠵᠣᠪᠠᠨᠢᠯ᠂ ᠬᠦᠰᠡᠯ︾ ᠢ ᠴᠤᠭᠯᠠᠭᠤᠯᠵᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠰᠢᠢᠳᠪᠦᠷᠢᠯᠡᠬᠦ ᠶᠢ ᠢᠳᠡᠪᠬᠢᠲᠡᠶ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃    ᠲᠠᠪᠤ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ    ︵ᠠᠷᠪᠠᠨ ᠳᠦᠷᠪᠡ︶ ᠴᠢᠳᠠᠪᠤᠷᠢᠲᠠᠨ ᠪᠠ ᠠᠵᠢᠯᠴᠢᠨ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠎ᠠ    20. ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ᠂ ᠰᠢᠯᠢᠳᠡᠭ ᠠᠵᠤ ᠠᠬᠤᠶᠢᠯᠠᠯᠲᠠᠨ ᠵᠢᠴᠢ ᠢᠨᠵᠧᠨᠧᠷ ᠤᠨ ᠴᠢᠳᠠᠪᠤᠷᠢᠲᠠᠨ ᠳᠤ ᠠᠰᠢᠭ ᠬᠦᠷᠲᠡᠭᠡᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ ᠨᠥᠬᠦᠴᠡᠯ ᠳᠤ ᠨᠡᠶᠢᠴᠡᠬᠦ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠶ ᠮᠡᠷᠭᠡᠵᠢᠯᠲᠡᠨ ᠴᠢᠳᠠᠪᠤᠷᠢᠲᠠᠨ᠂ ᠰᠢᠯᠢᠳᠡᠭ ᠠᠵᠤ ᠠᠬᠤᠶᠢᠯᠠᠯᠲᠠᠨ ᠵᠢᠴᠢ ᠢᠨᠵᠧᠨᠧᠷ ᠲᠤ ︽ᠠᠯᠠᠱᠠ ᠶᠢᠨ ᠴᠢᠳᠠᠪᠤᠷᠢᠲᠠᠨ ᠢ ᠬᠠᠷᠠᠭᠠᠯᠵᠠᠬᠤ ᠺᠠᠷᠲ︾ ᠲᠠᠷᠬᠠᠭᠠᠵᠤ᠂ ᠦᠷ᠎ᠡ ᠬᠡᠦᠬᠡᠳ ᠨᠢ ᠰᠤᠷᠭᠠᠭᠤᠯᠢ ᠳᠤ ᠣᠷᠣᠬᠤ᠂ ᠡᠮᠴᠢᠯᠡᠭᠡ ᠡᠷᠡᠭᠦᠯᠵᠢᠯ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠢᠯᠡᠴᠢᠯᠡᠭᠡ ᠵᠡᠷᠭᠡ 20 ᠭᠠᠷᠤᠶ ᠵᠦᠢᠯ ᠤᠨ ᠬᠠᠷᠠᠭᠠᠯᠵᠠᠯ ᠤᠨ ᠦᠢᠯᠡᠴᠢᠯᠡᠭᠡ ᠶᠢ ᠬᠦᠷᠳᠡᠭᠡᠵᠦ᠂ ᠴᠢᠳᠠᠪᠤᠷᠢᠲᠠᠨ ᠢ ᠲᠠᠨᠢᠵᠤ ᠴᠢᠳᠠᠪᠤᠷᠢᠲᠠᠨ ᠢ ᠬᠠᠶᠢᠷᠠᠯᠠᠬᠤ᠂ ᠴᠢᠳᠠᠪᠤᠷᠢᠲᠠᠨ ᠢ ᠬᠦᠨᠳᠦᠳᠬᠡᠵᠦ ᠴᠢᠳᠠᠪᠤᠷᠢᠲᠠᠨ ᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠨ᠎ᠠ᠃    21. ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠨᠥᠬᠦᠴᠡᠯ ᠳᠤ ᠨᠡᠶᠢᠴᠡᠬᠦ ᠬᠤᠪᠢ ᠬᠥᠮᠦᠨ ᠳᠤ ᠲᠠᠯᠪᠢᠭᠰᠠᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠬᠠᠮᠤᠭ ᠤᠨ ᠠᠷᠪᠢᠨ ᠳᠠᠭᠠᠨ 30 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠨᠥᠬᠦᠴᠡᠯ ᠳᠤ ᠨᠡᠶᠢᠴᠡᠬᠦ ᠵᠣᠭᠤᠰ ᠵᠢᠭᠡᠯᠡᠭᠴᠢ ᠬᠤᠷᠰᠢᠨ ᠠᠳᠠᠯ ᠦᠢᠯᠡᠰ ᠴᠣᠭᠴᠠᠯᠠᠭᠰᠠᠨ ᠪᠣᠯ᠂ ᠬᠤᠷᠰᠢᠨ ᠠᠳᠠᠯ ᠦᠢᠯᠡᠰ ᠴᠣᠭᠴᠠᠯᠠᠭᠰᠠᠨ ᠬᠥᠮᠦᠨ ᠤ ᠲᠤᠭ᠎ᠠ ᠶᠢ ᠦᠨᠳᠦᠰᠦᠯᠡᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠵᠣᠬᠢᠰᠲᠠᠢ ᠪᠠᠷ ᠳᠡᠭᠡᠭᠰᠢᠯᠡᠬᠦᠯᠵᠦ᠂ ᠬᠠᠮᠤᠭ ᠤᠨ ᠥᠨᠳᠥᠷ ᠲᠡᠭᠡᠨ ᠨᠥᠬᠦᠴᠡᠯ ᠳᠤ ᠨᠡᠶᠢᠴᠡᠬᠦ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶᠡᠨ ᠤ ᠳᠡᠭᠡᠳᠦ ᠬᠢᠵᠠᠭᠠᠷ ᠤᠨ ᠨᠡᠶᠢᠳᠡ  ᠮᠦᠩᠬᠦ ᠶᠢᠨ 110% ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠵᠢᠵᠢᠭ ᠠᠵᠤ  ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠤᠭ᠎ᠠ ᠬᠡᠮᠵᠢᠶᠡᠨ ᠤ ᠳᠡᠭᠡᠳᠦ ᠬᠢᠵᠠᠭᠠᠷ ᠠᠴᠠ ᠬᠡᠲᠦᠷᠡᠭᠦᠯᠵᠦ ᠪᠣᠯᠬᠤ ᠦᠭᠡᠢ᠃ ᠬᠤᠪᠢ ᠬᠥᠮᠦᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠥᠬᠡᠶ᠂ 3  ᠠᠴᠠ ᠢᠯᠡᠬᠦᠦ ᠤᠳᠠᠭ᠎ᠠ ᠵᠢᠭᠡᠯᠡᠵᠦ ᠪᠣᠯᠬᠤ ᠥᠬᠡᠶ᠃    22. ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠵᠢᠵᠢᠭ ᠠᠵᠤ ᠠᠬᠤᠶᠢᠯᠠᠯ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠬᠤ ᠨᠥᠬᠦᠴᠡᠯ ᠳᠤ ᠨᠡᠶᠢᠴᠡᠬᠦ ᠵᠢᠵᠢᠭ ᠠᠵᠤ ᠠᠬᠤᠶᠢᠯᠠᠯ ᠤᠨ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠭᠠᠷᠲᠠᠨ ᠡᠷᠬᠢᠯᠡᠬᠦ ᠪᠠᠩᠬᠢ ᠠᠴᠠ ᠵᠢᠵᠢᠭ ᠠᠵᠤ ᠠᠬᠤᠶᠢᠯᠠᠯ ᠤᠨ ᠪᠣᠳᠠᠲᠠᠶ ᠡᠯᠰᠡᠨ ᠬᠡᠷᠡᠭᠯᠡᠬᠦ ᠨᠥᠬᠦᠴᠡᠯ ᠳᠤ ᠨᠡᠶᠢᠴᠡᠬᠦ ᠬᠥᠮᠦᠨ ᠤ ᠲᠤᠭ᠎ᠠ ᠶᠢ ᠦᠨᠳᠦᠰᠦᠯᠡᠨ ᠵᠦᠢ ᠵᠣᠬᠢᠰᠲᠠᠶ ᠲᠣᠭᠲᠠᠭᠠᠵᠤ᠂ ᠬᠠᠮᠤᠭ ᠤᠨ ᠠᠷᠪᠢᠨ ᠳᠠᠭᠠᠨ 400 ᠲᠦᠮᠡᠨ ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠃ ᠵᠢᠵᠢᠭ ᠠᠵᠤ ᠠᠬᠤᠶᠢᠯᠠᠯ  ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠬᠤᠭᠤᠴᠠᠭ᠎ᠠ  ᠶᠢ ᠬᠠᠮᠤᠭ  ᠤᠨ ᠤᠷᠲᠤ  ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠶ᠂ 3 ᠤᠳᠠᠭ᠎ᠠ ᠠᠴᠠ ᠢᠯᠡᠬᠦᠦ ᠵᠢᠭᠡᠯᠡᠵᠦ ᠪᠣᠯᠬᠤ ᠦᠭᠡᠶ᠃    23. ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠳᠣᠴᠢ ᠴᠢᠨᠠᠷᠲᠠᠶ ᠪᠠᠷ ᠪᠠᠭᠤᠷᠠᠭᠤᠯᠤᠨ᠎ᠠ᠃ ᠨᠠᠰᠤᠵᠢᠯ ᠤᠨ ᠳᠠᠭᠠᠳᠬᠠᠯ ᠤᠨ ᠪᠠᠶᠢᠭᠤᠯᠭ᠎ᠠ ᠨᠢᠭᠡᠴᠡ ᠶᠢᠨ ᠰᠦᠢᠳᠬᠡᠯ ᠲᠤᠰᠢᠶᠠᠬᠤ ᠨᠣᠷᠮ᠎ᠠ ᠶᠢ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ︽ᠭᠤᠶᠤᠴᠢᠯᠠᠬᠤ ᠥᠬᠡᠶ ᠪᠠᠷ ᠭᠥᠷᠳᠡᠬᠦ︾ ᠦᠢᠯᠡᠴᠢᠯᠡᠭᠡᠨ ᠤ ᠵᠠᠭᠪᠤᠷ ᠢ ᠭᠠᠷᠭᠠᠵᠤ᠂ ᠠᠯᠠᠱᠠ ᠠᠶᠢᠮᠠᠭ ᠤᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠰᠦᠢᠳᠬᠡᠯ ᠲᠤᠰᠢᠶᠠᠬᠤ ᠨᠢᠭᠡᠴᠡ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠨᠣᠷᠮ᠎ᠠ ᠶᠢ 19% ᠪᠠᠶᠢᠭᠰᠠᠨ ᠠᠴᠠ 16% ᠪᠣᠯᠭᠠᠨ ᠳᠣᠷᠣᠭᠰᠢᠯᠠᠭᠤᠯᠣᠨ᠎ᠠ᠃    24. ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠠᠪᠴᠤ ᠠᠵᠢᠯ ᠣᠯᠭᠤᠬᠤ ᠶᠢ ᠵᠣᠷᠢᠭᠵᠢᠭᠤᠯᠤᠨ᠎ᠠ᠃ ᠰᠤᠷᠭᠠᠭᠤᠯᠢ ᠳᠡᠭᠦᠰᠦᠭᠰᠡᠳ ᠪᠣᠯᠤᠨ ᠰᠤᠷᠭᠠᠭᠤᠯᠢ ᠳᠡᠭᠦᠰᠦᠭᠡᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠲᠠᠢ 1 ᠵᠢᠯ ᠠᠴᠠ ᠳᠡᠭᠡᠭᠰᠢ ᠬᠤᠭᠤᠴᠠᠭ᠎ᠠ ᠪᠦᠬᠦᠢ ᠬᠦᠳᠡᠯᠮᠦᠷᠢ ᠶᠢᠨ ᠭᠡᠷ᠎ᠡ ᠳᠣᠭᠳᠠᠭᠰᠠᠨ ᠪᠦᠬᠡᠳ ᠳᠡᠳᠡᠨ ᠳᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠨᠢ ᠲᠤᠰᠢᠶᠠᠭᠰᠠᠨ ᠵᠢᠵᠢᠭ ᠠᠵᠤ ᠠᠬᠤᠶᠢᠯᠠᠯ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠦᠭᠭᠦᠨ᠎ᠡ᠃ ᠪᠠᠷᠢᠮᠵᠢᠶ᠎ᠠ ᠨᠢ ᠪᠠᠶᠢᠭᠤᠯᠭ᠎ᠠ ᠨᠢᠭᠡᠴᠡ ᠠᠴᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠵᠠᠷᠤᠳᠠᠯ ᠪᠣᠯᠤᠨ ᠠᠵᠢᠯ ᠠᠯᠳᠠᠯᠲᠠ ᠶᠢᠨ ᠳᠠᠭᠠᠳᠬᠠᠯ ᠤᠨ ᠵᠠᠷᠤᠳᠠᠯ ᠢ ᠳᠣᠰᠢᠶᠠᠵᠦ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠶ᠃ ᠰᠤᠷᠭᠠᠭᠤᠯᠢ ᠳᠡᠭᠦᠰᠦᠭᠡᠳ ᠬᠤᠶᠠᠷ ᠵᠢᠯ ᠤᠨ ᠳᠣᠲᠣᠷ᠎ᠠ ᠠᠵᠢᠯ ᠣᠯᠤᠭᠠᠳᠤᠶ ᠳᠡᠭᠡᠳᠦ ᠰᠤᠷᠭᠠᠭᠤᠯᠢ ᠲᠡᠭᠦᠰᠦᠭᠰᠡᠳ ᠠᠮᠢᠳᠤᠯᠢᠭ ᠢᠶᠠᠷ ᠠᠵᠢᠯ ᠣᠯᠤᠭᠰᠠᠨ ᠤ ᠳᠠᠷᠠᠭ᠎ᠠ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠲᠤᠰᠢᠶᠠᠭᠰᠠᠨ ᠪᠣᠯ ᠵᠣᠬᠢᠬᠤ ᠲᠣᠭᠠᠨ ᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠣᠯᠭᠤᠵᠤ᠂ ᠨᠥᠬᠦᠪᠥᠷᠢ ᠶᠢᠨ ᠪᠠᠷᠢᠮᠵᠢᠶ᠎ᠠ ᠶᠢ ᠠᠵᠢᠯ ᠣᠯᠬᠤ ᠳᠤ ᠬᠦᠴᠢᠷᠳᠡᠯ ᠲᠠᠢ ᠬᠥᠮᠦᠰ ᠤᠨ ᠠᠮᠢᠳᠤᠯᠢᠭ ᠢᠶᠠᠷ ᠠᠵᠢᠯ ᠣᠯᠬᠤ ᠨᠡᠶᠢᠭᠡᠮ ᠤᠨ ᠪᠠᠲᠤᠯᠠᠭ᠎ᠠ ᠶᠢᠨ ᠨᠥᠬᠦᠪᠥᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠨᠥᠬᠦᠪᠥᠷᠢ ᠶᠢᠨ ᠪᠠᠷᠢᠮᠵᠢᠶ᠎ᠠ ᠶᠢ ᠨᠢ ᠵᠠᠷᠴᠢᠮ ᠳᠡᠭᠡᠷ᠎ᠡ ᠪᠠᠨ ᠲᠤᠰᠢᠶᠠᠭᠰᠠᠨ ᠵᠠᠷᠤᠳᠠᠯ ᠤᠨ 2/3 ᠶᠢ ᠳᠠᠪᠠᠭᠤᠯᠬᠤ ᠦᠭᠡᠶ ᠪᠠᠶᠢᠵᠤ᠂ ᠨᠥᠬᠦᠪᠥᠷᠢᠯᠡᠬᠦ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ 2 ᠵᠢᠯ ᠠᠴᠠ ᠬᠡᠲᠦᠷᠡᠭᠦᠯᠵᠦ ᠪᠣᠯᠬᠤ ᠦᠭᠡᠶ᠃    25. ᠠᠩᠬ᠎ᠠ ᠤᠳᠠᠭ᠎ᠠ ᠵᠢᠵᠢᠭ ᠠᠵᠤ ᠠᠬᠤᠶᠢᠯᠠᠯ ᠪᠠᠶᠢᠭᠤᠯᠤᠨ ᠡᠷᠬᠢᠯᠡᠭᠰᠡᠨ ᠪᠤᠶᠤ ᠬᠤᠪᠢ ᠶᠢᠨ ᠡᠵᠡᠩᠨᠡᠯᠲᠡ ᠬᠢᠭᠰᠡᠨ ᠮᠥᠷᠲᠡᠭᠡᠨ ᠪᠠᠶᠢᠭᠤᠯᠤᠭᠰᠠᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢ ᠦᠢᠯᠡᠳᠪᠦᠷᠢ ᠬᠤᠳᠠᠯᠳᠤᠭᠠᠨ ᠤ ᠳᠠᠩᠰᠠᠯᠠᠭᠤᠯᠤᠯᠲᠠ ᠬᠢᠭᠰᠡᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠶᠣᠰᠣᠭᠠᠷ ᠡᠵᠡᠩᠨᠡᠭᠰᠡᠨ ᠰᠤᠷᠭᠠᠭᠤᠯᠢ ᠳᠡᠭᠦᠰᠦᠭᠡᠳ 2 ᠵᠢᠯ ᠪᠣᠯᠵᠦ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠳ ︵ᠰᠤᠷᠭᠠᠭᠤᠯᠢ ᠳᠤ ᠪᠠᠶᠢᠭ᠎ᠠ ᠰᠤᠷᠤᠭᠴᠢ ᠪᠠᠭᠲᠠᠨ᠎ᠠ︶᠂ ᠠᠵᠢᠯ ᠣᠯᠬᠤ ᠳᠤ ᠬᠦᠴᠢᠷᠲᠡᠶ ᠬᠥᠮᠦᠰ᠂ ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ᠂ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠭᠰᠠᠨ ᠮᠠᠯᠴᠢᠨ ᠲᠠᠷᠢᠶᠠᠴᠢᠨ᠂ ᠵᠡᠮᠳᠡᠭᠴᠦᠳ᠂ ᠳᠠᠩᠰᠠᠯᠠᠭᠤᠯᠤᠭᠰᠠᠨ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ  ᠠᠴᠠ ᠪᠤᠰᠤᠳ ᠬᠥᠳᠡᠯᠮᠦᠷᠢᠴᠢᠳ ᠢ ᠳᠠᠶᠢᠴᠢᠯᠠᠨ ᠠᠵᠢᠯ ᠣᠯᠭᠤᠭᠰᠠᠨ ᠪᠥᠭᠡᠳ ᠬᠡᠪ ᠤᠨ ᠶᠣᠰᠣᠭᠠᠷ ᠭᠠᠶᠢᠯᠢ ᠲᠤᠰᠢᠶᠠᠭᠰᠠᠨ ᠪᠣᠯ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠣᠯᠭᠤᠨ᠎ᠠ᠃    26 . ᠡᠯ᠎ᠡ ᠲᠥᠷᠥᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠪᠣᠶᠢᠵᠢᠭᠤᠯᠬᠤ ᠰᠠᠭᠤᠷᠢᠨ ᠭᠠᠵᠠᠷ  ᠲᠠᠬᠢ ᠪᠣᠶᠢᠵᠢᠭᠤᠯᠬᠤ ᠠᠵᠤ ᠠᠬᠤᠶᠢᠯᠠᠯ ᠤᠨ ᠠᠵᠢᠯᠴᠢᠨ ᠡᠯᠰᠡᠨ ᠦᠯᠡᠳᠡᠭᠡᠬᠦ ᠶᠢ ᠳᠡᠮᠵᠢᠵᠦ᠂ ᠠᠵᠢᠯ ᠣᠯᠭᠤᠯᠲᠠ ᠶᠢᠨ ᠶᠠᠰᠤ ᠴᠢᠨᠠᠷ ᠢᠶᠠᠷ ᠰᠠᠶᠢᠨ᠂ ᠠᠵᠢᠯᠲᠠᠨ ᠢ ᠦᠯᠡᠳᠡᠭᠡᠨ ᠬᠡᠷᠡᠭᠯᠡᠬᠦ ᠨᠣᠷᠮ᠎ᠠ ᠪᠠᠷ ᠥᠨᠳᠥᠷ ᠪᠣᠶᠢᠵᠢᠭᠤᠯᠬᠤ ᠠᠵᠤ ᠠᠬᠤᠶᠢᠯᠠᠯ ᠳᠤ 1 ᠬᠥᠮᠦᠨ ᠨᠡᠮᠡᠭᠳᠡᠬᠦ ᠪᠦᠷᠢ 3000 ᠲᠥᠭᠦᠷᠢᠭ ᠪᠦᠬᠦᠢ ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠨᠥᠬᠦᠪᠥᠷᠢ ᠣᠯᠭᠤᠵᠤ ᠪᠣᠯᠤᠨ᠎ᠠ᠃    27. ᠪᠠᠶᠢᠭᠤᠯᠭ᠎ᠠ ᠨᠢᠭᠡᠴᠡ ᠠᠴᠠ ᠠᠵᠢᠯ ᠣᠯᠬᠤ ᠳᠤ ᠬᠦᠴᠢᠷᠲᠡᠶ ᠬᠥᠮᠦᠰ ᠢ ᠡᠯᠰᠡᠨ ᠠᠪᠣᠭᠰᠠᠨ ᠨᠡᠶᠢᠭᠡᠮ ᠤᠨ ᠳᠠᠭᠠᠳᠬᠠᠯ ᠤᠨ ᠨᠥᠬᠦᠪᠥᠷᠢ ᠶᠢ ᠣᠯᠭᠤᠨ᠎ᠠ᠃ ᠠᠵᠢᠯ ᠣᠯᠬᠤ ᠳᠤ ᠬᠦᠴᠢᠷᠲᠡᠶ ᠬᠥᠮᠦᠰ ᠢ ᠡᠯᠰᠡᠨ ᠬᠡᠷᠡᠭᠯᠡᠭᠰᠡᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠨᠢᠭᠡᠴᠡ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠣᠯᠬᠤ ᠳᠤ ᠬᠦᠴᠢᠷᠲᠡᠶ ᠬᠥᠮᠦᠰ ᠢ ᠲᠥᠪᠬᠢᠨᠡᠭᠦᠯᠦᠭᠰᠡᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠲᠤᠰᠢᠶᠠᠭᠰᠠᠨ ᠨᠢᠭᠡᠴᠡ ᠶᠢᠨ ᠠᠵᠢᠯ ᠣᠯᠬᠤ ᠳᠤ ᠬᠦᠴᠢᠷᠲᠡᠶ ᠬᠥᠮᠦᠰ ᠲᠤ ᠳᠣᠰᠢᠶᠠᠵᠦ ᠦᠭᠭᠦᠭᠰᠡᠨ ᠦᠨᠳᠦᠰᠦᠨ ᠨᠠᠰᠤᠵᠢᠯ ᠤᠨ ᠳᠠᠭᠠᠳᠬᠠᠯ ᠤᠨ ᠵᠠᠷᠤᠳᠠᠯ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠪᠣᠯᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠪᠠᠭᠳᠠᠵᠦ᠂ ᠠᠵᠢᠯ ᠣᠯᠬᠤ ᠳᠤ ᠬᠦᠴᠢᠷᠲᠡᠶ ᠬᠥᠮᠦᠰ ᠤᠨ ᠬᠤᠪᠢ ᠬᠥᠮᠦᠨ ᠤ ᠲᠤᠰᠢᠶᠠᠪᠠᠰᠤ ᠵᠣᠬᠢᠬᠤ ᠬᠡᠰᠡᠭ ᠢ ᠪᠠᠭᠲᠠᠭᠠᠬᠤ ᠦᠭᠡᠶ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ 5 ᠵᠢᠯ ᠬᠦᠷᠬᠦ ᠦᠭᠡᠢ ᠠᠵᠢᠯ ᠣᠯᠬᠤ ᠳᠤ ᠬᠦᠴᠢᠷᠲᠡᠶ ᠬᠥᠮᠦᠰ ᠠᠵᠢᠯ ᠠᠴᠠ ᠪᠠᠨ ᠠᠮᠠᠷᠠᠬᠤ ᠬᠦᠷᠲᠡᠯ᠎ᠡ ᠤᠷᠲᠤᠳᠬᠠᠵᠤ ᠪᠣᠯᠬᠤ ᠶᠢ ᠭᠠᠷᠭᠠᠪᠠᠯ᠂ ᠪᠤᠰᠤᠳ ᠬᠥᠮᠦᠰ ᠬᠠᠮᠤᠭ  ᠤᠨ ᠤᠷᠲᠤ  ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠶ ︵ᠠᠩᠬ᠎ᠠ ᠣᠳᠠᠭ᠎ᠠ ᠨᠡᠶᠢᠭᠡᠮ ᠤᠨ ᠳᠠᠭᠠᠳᠬᠠᠯ ᠤᠨ ᠨᠥᠬᠦᠪᠥᠷᠢ ᠬᠦᠷᠲᠡᠬᠦ ᠦᠶ᠎ᠡ  ᠶᠢᠨ ᠬᠢᠨᠢ ᠪᠠᠷᠢᠮᠵᠢᠶ᠎ᠠ ᠪᠠᠷ ᠬᠢᠨᠠᠨ ᠲᠣᠭᠲᠠᠭᠠᠬᠤ ᠬᠡᠷᠡᠭᠲᠡᠶ︶᠃    28. ᠵᠠᠰᠠᠭ ᠠᠵᠤ ᠠᠬᠤᠶᠢᠯᠠᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠪᠠ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠷᠭ᠎ᠠ ᠵᠠᠮ ᠢ ᠬᠡᠷᠡᠭᠯᠡᠨ ᠠᠵᠤ ᠠᠬᠤᠶᠢᠯᠠᠯ ᠳᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠡᠮᠵᠢᠯᠭᠡ ᠬᠠᠩᠭᠠᠨ᠎ᠠ᠃ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠪᠥᠭᠡᠳ ᠲᠣᠪᠤᠶᠢᠮ᠎ᠠ ᠠᠮᠵᠢᠯᠲᠠ ᠣᠯᠤᠭᠰᠠᠨ ᠪᠠᠶᠢᠪᠠᠯ᠂ ᠠᠵᠤ ᠠᠬᠤᠶᠢᠯᠠᠯ ᠳᠤ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ ᠤᠨ ᠴᠢᠳᠠᠪᠤᠷᠢᠲᠠᠨ ᠣᠷᠣᠭᠤᠯᠤᠨ ᠠᠪᠴᠢᠷᠠᠭᠰᠠᠨ ᠱᠠᠩᠨᠠᠯ ᠨᠥᠬᠦᠪᠥᠷᠢ ᠶᠢᠨ ᠪᠠᠯᠠ ᠮᠥᠩᠭᠦ ᠣᠯᠭᠤᠵᠤ ᠪᠣᠯᠤᠨ᠎ᠠ︔ ᠰᠢᠨ᠎ᠡ ᠪᠠᠷ ᠣᠷᠣᠭᠤᠯᠤᠨ ᠠᠪᠴᠢᠷᠠᠭᠰᠠᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠢ ᠡᠵᠡᠮᠰᠢᠭᠰᠡᠨ᠂ ᠴᠢᠨᠠᠷ ᠰᠠᠶᠢᠲᠠᠶ ᠬᠥᠭᠵᠢᠯᠲᠡ ᠶᠢ ᠬᠥᠲᠥᠯᠦᠨ ᠳᠠᠭᠠᠭᠤᠯᠵᠤ ᠴᠢᠳᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠳᠠᠭᠠᠭᠤᠯᠤᠭᠴᠢ ᠴᠢᠳᠠᠪᠤᠷᠢᠲᠠᠨ ᠪᠠ ᠪᠦᠯᠬᠦᠮ ᠨᠡᠶᠢᠲᠡ ᠳᠤ ︽ᠨᠢᠭᠡ ᠶᠠᠪᠤᠳᠠᠯ ᠢ ᠨᠢᠭᠡ ᠵᠥᠪᠯᠡᠬᠦ︾ ᠮᠠᠶ᠋ᠢᠭ ᠢᠶᠠᠷ ᠲᠥᠷᠥᠯ ᠵᠦᠢᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠵᠦ ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ ᠠᠬᠠᠯᠠᠭᠴᠢ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠤᠨ ᠥᠷᠲᠡᠭᠡ ︵ᠰᠢᠯᠵᠢᠮᠡᠯ ᠥᠷᠲᠡᠭᠡ︶᠂ ᠠᠬᠠᠯᠠᠭᠴᠢ ᠳ᠋ᠣᠺᠲ᠋ᠣᠷ ᠤᠨ ᠰᠢᠨ᠎ᠡ ᠶᠢ ᠡᠭᠦᠳᠬᠦ ᠦᠢᠯᠡᠳᠦᠯᠭᠡ ᠶᠢᠨ ᠰᠠᠭᠤᠷᠢᠨ ᠭᠠᠵᠠᠷ ᠬᠢᠭᠡᠳ ᠬᠢᠨᠠᠨ ᠰᠢᠯᠭᠠᠵᠤ ᠦᠨᠡᠯᠡᠨ ᠵᠢᠱᠢᠬᠦ ᠪᠠᠷ ᠳᠠᠮᠵᠢᠭᠠᠳ ᠰᠢᠯᠢᠳᠡᠭ ᠪᠣᠯᠣᠭᠰᠠᠳ ᠲᠤ ᠥᠪᠡᠷᠲᠡᠭᠡᠨ ᠵᠠᠰᠠᠬᠤ ᠣᠷᠣᠨ ᠤ ᠦᠵᠡᠬᠦᠯᠦᠭᠰᠡᠨ ᠳᠡᠮᠵᠢᠯᠭᠡ ᠶᠢᠨ ᠰᠠᠭᠤᠷᠢᠨ ᠳᠡᠭᠡᠷ᠎ᠡ ᠲᠤᠰ ᠲᠤᠰ ᠬᠠᠮᠤᠭ ᠤᠨ ᠥᠨᠳᠥᠷ ᠲᠡᠭᠡᠨ 20 ᠲᠦᠮᠡᠨ ᠲᠥᠭᠦᠷᠢᠭ᠂ 5 ᠲᠦᠮᠡᠨ ᠲᠥᠭᠦᠷᠢᠭ ᠤᠨ ᠪᠡᠯᠡ ᠮᠥᠩᠭᠦ ᠶᠢᠨ ᠳᠡᠮᠵᠢᠯᠭᠡ ᠦᠵᠡᠬᠦᠯᠵᠦ ᠪᠣᠯᠤᠨ᠎ᠠ᠃ ᠰᠢᠨ᠎ᠡ ᠪᠠᠷ ᠣᠷᠣᠵᠤ ᠢᠷᠡᠭᠰᠡᠨ ᠠᠬᠠᠯᠠᠭᠴᠢ ᠳ᠋ᠣᠺᠲ᠋ᠣᠷ ᠤᠨ ᠰᠤᠳᠤᠯᠬᠤ ᠬᠥᠮᠦᠰ ᠲᠤ ᠥᠪᠡᠷᠲᠡᠭᠡᠨ ᠵᠠᠰᠠᠬᠤ ᠣᠷᠣᠨ ᠤ ᠲᠤᠰᠠᠯᠠᠮᠵᠢ ᠶᠢᠨ ᠰᠠᠭᠤᠷᠢᠨ ᠳᠡᠭᠡᠷ᠎ᠡ ᠬᠥᠮᠦᠨ ᠪᠦᠷᠢ ᠰᠠᠷ᠎ᠠ ᠳᠤ 3000 ᠲᠥᠭᠦᠷᠢᠭ ᠤᠨ ᠠᠮᠢᠳᠤᠷᠠᠯ ᠤᠨ ᠨᠥᠬᠦᠪᠥᠷᠢ ︵ᠨᠥᠬᠦᠪᠥᠷᠢᠯᠡᠬᠦ ᠬᠤᠭᠤᠴᠠᠭ᠎ᠠ ᠨᠢ 2 ᠵᠢᠯ︶ ᠣᠯᠭᠤᠵᠤ ᠪᠣᠯᠤᠨ᠎ᠠ᠃ ᠠᠶᠢᠮᠠᠭ ᠤᠨ ᠭᠠᠳᠠᠨ᠎ᠠ ︽ᠴᠢᠳᠠᠪᠤᠷᠢᠲᠠᠨ ᠤ ᠣᠷᠣᠨ ᠠᠯᠤᠰᠯᠠᠭᠰᠠᠨ ᠭᠠᠵᠠᠷ︾ ᠭᠠᠷᠭᠠᠭᠰᠠᠨ ᠪᠠᠶᠢᠪᠠᠯ᠂ ︽ᠨᠢᠭᠡ ᠬᠡᠷᠡᠭ ᠢ ᠨᠢᠭᠡ ᠵᠥᠪᠯᠡᠬᠦ︾ ᠮᠠᠶ᠋ᠢᠭ ᠢᠶᠠᠷ ᠪᠡᠯᠡ ᠮᠥᠩᠭᠦᠨ ᠤ ᠳᠡᠮᠵᠢᠯᠭᠡ ᠦᠵᠡᠭᠦᠯᠵᠦ ᠪᠣᠯᠤᠨ᠎ᠠ᠃    ᠵᠢᠷᠭᠤᠭ᠎ᠠ᠂ ᠦᠢᠯᠡᠴᠢᠯᠡᠭᠡ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ    ︵ᠠᠷᠪᠠᠨ ᠲᠠᠪᠤ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ    29᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠬᠢᠨᠠᠮᠠᠭᠠᠶ ᠰᠤᠳᠤᠯᠤᠨ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠤᠨ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠦᠨᠡᠨᠬᠦ ᠠᠬᠢᠭᠤᠯᠬᠤ ᠬᠡᠷᠡᠭᠲᠡᠶ᠃ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠬᠤᠳᠠᠯᠳᠤᠭᠠᠨ ᠤ ᠨᠡᠶᠢᠭᠡᠮᠯᠢᠭ ᠤᠳ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠳᠤ ᠲᠠᠪᠴᠠᠩ ᠪᠠᠶᠢᠭᠤᠯᠵᠤ᠂ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃    ︵ᠠᠷᠪᠠᠨ ᠵᠢᠷᠭᠤᠭ᠎ᠠ︶ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ    30᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ᠂ ᠠᠵᠢᠯ ᠲᠥᠷᠥᠯ ᠤᠨ ᠲᠥᠯᠥᠪᠵᠢᠭᠦᠯᠭᠡ ᠶᠢ ᠲᠣᠭᠲᠠᠭᠠᠬᠤ ᠳᠠᠭᠠᠨ ᠠᠵᠤ ᠠᠬᠤᠶᠢᠯᠠᠯ ᠤᠨ ᠰᠠᠨᠠᠯ ᠰᠠᠨᠠᠭᠤᠯᠭ᠎ᠠ ᠶᠢ ᠭᠦᠢᠴᠡᠳ ᠰᠣᠨᠣᠰᠴᠤ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠬᠤ ᠬᠡᠷᠡᠭᠲᠡᠶ᠃    ︵ᠠᠷᠪᠠᠨ ᠳᠣᠯᠤᠭ᠎ᠠ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ    31᠂ ᠡᠯ᠎ᠡ ᠬᠤᠰᠢᠭᠤ ︵ᠣᠷᠣᠨ︶᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠰᠣᠨᠢᠨ ᠮᠡᠳᠡᠭᠡᠨ ᠤ ᠵᠠᠭᠤᠴᠢᠯᠠᠭᠤᠷ ᠢ ᠰᠠᠶᠢᠲᠤᠷ ᠬᠡᠷᠡᠭᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠨᠣᠪᠴᠢᠲᠠᠶ ᠤᠬᠠᠭᠤᠯᠬᠤ ᠪᠠ ᠬᠦᠷᠭᠡᠵᠦ᠂ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠥᠭᠬᠦ ᠬᠡᠷᠡᠭᠲᠡᠶ᠃ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠬᠡᠷᠪᠡ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠢᠬᠦ ᠶᠠᠪᠤᠳᠠᠯ ᠲᠣᠬᠢᠶᠠᠯᠳᠤᠪᠠᠯ᠂ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠡᠭᠦᠨ ᠠᠴᠠ ᠡᠮᠦᠨ᠎ᠡ ᠨᠡᠶᠢᠲᠡᠯᠡᠭᠰᠡᠨ ᠬᠤᠯᠪᠣᠭᠳᠠᠯ ᠪᠦᠬᠦᠢ ᠳᠦᠷᠢᠮ ᠲᠣᠭᠲᠠᠭᠠᠯ ᠨᠢ ᠲᠤᠰ ᠠᠷᠭ᠎ᠠ ᠬᠡᠮᠵᠢᠶ᠎ᠡ ᠲᠠᠢ ᠨᠢᠭᠡᠳᠦᠯ ᠦᠭᠡᠢ ᠪᠠᠶᠢᠪᠠᠯ᠂ ᠲᠤᠰ ᠠᠷᠭ᠎ᠠ ᠬᠡᠮᠵᠢᠶ᠎ᠡ ᠪᠠᠷ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号