ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠬᠤᠲᠠ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/27
    ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠨᠢ ᠬᠤᠲᠠ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠨ᠎ᠠ᠃ 2 ᠳ᠋ᠤᠭᠠᠷ ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠵᠦ᠂ ᠬᠤᠲᠠ ᠶᠢᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠤᠳᠤᠷᠢᠳᠤᠯᠭ᠎ᠠ ᠮᠥᠩᠬᠡ᠂ ᠯᠢᠦ ᡁᠢ ᠴᠢᠶᠠᠩ᠂ ᠸᠧᠢ ᡁᠢ ᠭᠦᠸᠧ ᠣᠷᠣᠯᠴᠠᠵᠠᠢ᠃     ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠴᠠᠩ ᠴᠧᠩ ᠰᠠᠭᠤᠭᠠᠯᠢ ᠲᠣᠭᠤᠷᠢᠭ ᠤᠨ ᠬᠤᠶᠢᠲᠤ ᠲᠠᠯ᠎ᠠ ᠶᠢᠨ 3000 ᠲᠡᠭᠰᠢ ᠳᠥᠷᠪᠡᠯᠵᠢᠨ  ᠮᠧᠲᠷ ᠬᠤᠭᠤᠰᠣᠨ ᠭᠠᠵᠠᠷ ᠪᠣᠯ ︽ᠪᠢᠴᠢᠯ ᠴᠡᠴᠡᠷᠯᠢᠭ︾ ᠪᠠᠶᠢᠭᠤᠯᠬᠤ ᠲᠥᠯᠥᠪᠵᠢᠭᠦᠯᠭᠡ ᠶᠢᠨ ᠭᠠᠵᠠᠷ ᠪᠣᠯᠤᠨ᠎ᠠ᠃ ᠬᠤᠸᠠᠩ ᠶᠠ ᠯᠢ ᠡᠩ ᠲᠡᠷᠢᠭᠦᠨ ᠳᠤ ᠠᠳᠡ ᠢᠷᠡᠵᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠪᠢᠴᠢᠯ ᠴᠡᠴᠡᠷᠯᠢᠭ︾ ᠤᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠳᠠ ᠶᠢᠨ ᠴᠡᠴᠡᠷᠯᠢᠭ ᠤᠨ ᠪᠦᠳᠦᠭᠡᠨ ᠪᠠᠶᠢᠭᠤᠯᠤᠯᠲᠠ ᠶᠢ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠢ ᠤᠶᠠᠯᠳᠤᠭᠤᠯᠵᠤ᠂ ᠬᠤᠳᠠ ᠶᠢᠨ ᠠᠯᠤᠰ ᠬᠡᠳᠤ ᠶᠢᠨ ᠬᠥᠭᠵᠢᠯᠲᠡ ᠪᠣᠯᠤᠨ ᠤᠯᠠᠨ ᠲᠦᠮᠡᠨ ᠤ ᠪᠣᠳᠠᠲᠠᠢ ᠬᠡᠷᠡᠭᠴᠡᠭᠡ ᠳᠤ ᠰᠠᠭᠤᠷᠢᠯᠠᠵᠤ᠂ ᠨᠠᠷᠢᠨ ᠬᠢᠨᠠᠮᠠᠭᠠᠢ ᠰᠤᠳᠤᠯᠤᠨ ᠨᠤᠲᠠᠯᠠᠵᠤ᠂ ᠪᠦᠬᠦᠯᠢ ᠴᠣᠭᠴᠠ ᠶᠢᠨ ᠲᠥᠯᠥᠪᠵᠢᠭᠦᠯᠭᠡ ᠶᠢ ᠰᠠᠶᠢᠲᠤᠷ ᠬᠢᠵᠦ᠂ ᠨᠤᠲᠤᠭ ᠤᠨ ᠰᠣᠶᠣᠯ ᠤᠨ ᠡᠯᠧᠮᠧᠨ᠋ᠲ ᠢ ᠣᠷᠣᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠨᠡᠩ ᠤᠯᠠᠨ ᠦᠩᠬᠡ ᠳᠦᠷᠬᠦ ᠲᠠᠢ᠂ ᠨᠡᠩ ᠠᠭᠤᠯᠤᠭᠳᠠᠬᠤᠨ ᠲᠠᠢ ᠬᠤᠳᠠ ᠶᠢᠨ ᠴᠡᠴᠡᠷᠯᠢᠭ ᠢ ᠬᠦᠴᠦᠯᠡᠨ ᠪᠠᠶᠢᠭᠤᠯᠵᠤ᠂ ᠤᠯᠠᠨ ᠲᠦᠮᠡᠨ ᠳᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠭᠠᠯᠠᠮᠵᠢᠲᠠᠢ᠂ ᠰᠠᠶᠢᠨ ᠰᠠᠶᠢᠬᠠᠨ ᠬᠤᠳᠠ ᠶᠢᠨ ᠣᠷᠴᠢᠨ ᠲᠣᠭᠤᠷᠢᠨ ᠢ ᠡᠳ᠋ᠯᠡᠭᠦᠯᠬᠦ ᠬᠡᠷᠡᠭᠲᠡᠢ ᠭᠡᠪᠡ᠃
   ᠠᠯᠠᠱᠠ ᠵᠡᠭᠦᠨ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠮᠦᠨ᠎ᠡ ᠲᠠᠯ᠎ᠠ ᠳᠤ ᠪᠠᠶᠢᠭ᠎ᠠ ᠵᠢᠶᠠᠨ ᠺᠠᠩ ᠨᠠᠭᠤᠷ ᠵᠤᠭᠠᠴᠠᠯ ᠤᠨ ᠬᠦᠷᠢᠶᠡᠯᠡᠩ ᠳᠤ᠂ ᠬᠤᠸᠠᠩ ᠶᠠ ᠯᠢ ᠴᠡᠴᠡᠷᠯᠢᠭ ᠨᠢ ᠥᠨᠢ ᠤᠳᠠᠭᠠᠨ ᠲᠡᠦᠬᠡ ᠲᠠᠢ᠂ ᠣᠷᠴᠢᠨ ᠲᠣᠭᠤᠷᠢᠨ ᠨᠢ ᠭᠤᠶᠤ ᠰᠠᠶᠢᠬᠠᠨ᠂ ᠭᠡᠪᠡᠴᠦ ᠵᠠᠷᠢᠮ ᠰᠠᠭᠤᠷᠢ ᠲᠥᠬᠦᠭᠡᠷᠦᠮᠵᠢ ᠶᠢ ᠤᠳᠠᠭᠠᠨ ᠵᠢᠯ ᠵᠠᠰᠠᠨ ᠰᠡᠯᠪᠢᠭᠰᠡᠨ ᠦᠭᠡᠢ ᠪᠠᠶᠢᠬᠤ ᠶᠢ ᠣᠶᠢᠯᠠᠭᠠᠭᠰᠠᠨ ᠳᠠᠷᠣᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠠᠭᠤᠷᠢ ᠲᠥᠬᠦᠭᠡᠷᠦᠮᠵᠢ ᠶᠢ ᠳᠠᠷᠤᠢ ᠲᠦᠷᠭᠡᠨ ᠰᠢᠨᠡᠳᠬᠡᠵᠦ᠂ ᠰᠠᠭᠤᠷᠢ ᠲᠥᠬᠦᠭᠡᠷᠦᠮᠵᠢ ᠶᠢ ᠨᠡᠮᠡᠨ ᠨᠥᠬᠦᠪᠦᠷᠢᠯᠡᠵᠦ᠂ ᠦᠢᠯᠡᠴᠢᠯᠡᠭᠡᠨ ᠤ ᠴᠢᠳᠠᠪᠬᠢ ᠶᠢ ᠰᠢᠯᠢᠳᠡᠭᠵᠢᠭᠦᠯᠵᠦ᠂ ᠬᠤᠳᠠ ᠶᠢᠨ ᠳᠤᠷᠠᠰᠤᠮᠵᠢ ᠶᠢ ᠬᠠᠳᠠᠭᠠᠯᠠᠬᠤ ᠶᠢ ᠴᠢᠬᠤᠯᠠᠴᠢᠯᠠᠵᠤ᠂ ᠭᠠᠵᠠᠷ ᠣᠷᠣᠨ ᠤ ᠰᠣᠶᠣᠯ ᠢᠷᠭᠡᠨᠰᠢᠯ ᠢ ᠰᠠᠶᠢᠲᠤᠷ ᠤᠯᠠᠮᠵᠢᠯᠠᠵᠤ᠂ ᠰᠠᠶᠢᠲᠤᠷ ᠬᠥᠭᠵᠢᠭᠦᠯᠵᠦ᠂ ᠴᠡᠴᠡᠷᠯᠢᠭ ᠤᠨ ᠦᠵᠡᠮᠵᠢ ᠶᠢ ᠨᠡᠩ ᠭᠤᠶᠤ ᠰᠠᠶᠢᠬᠠᠨ ᠪᠣᠯᠭᠠᠬᠤ ᠬᠡᠷᠡᠭᠲᠡᠢ ᠭᠡᠵᠦ ᠵᠠᠬᠢᠪᠠ᠃
    ᠬᠤᠸᠠᠷᠠᠨ ᠤ ᠰᠢᠯᠢ ᠶᠢᠨ ᠬᠤᠶᠢᠲᠤ ᠬᠡᠰᠡᠭ ᠪᠣᠯᠤᠨ ᠣᠪᠣᠭᠠᠨ ᠭᠤᠤ ᠠᠮᠢ ᠠᠬᠤᠢ ᠶᠢᠨ ᠴᠡᠴᠡᠷᠯᠢᠭ ᠲᠤ᠂ ᠬᠤᠸᠠᠩ ᠶᠠ ᠯᠢ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠢ ᠥᠭᠡᠷᠡᠴᠢᠯᠡᠨ ᠪᠠᠶᠢᠭᠤᠯᠬᠤ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ ᠲᠡᠷᠡ᠂ ᠴᠢᠬᠢ ᠪᠤᠶᠢᠵᠢᠭᠤᠯᠬᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ᠂ ᠨᠤᠲᠤᠭ ᠤᠨ ᠦᠷ᠎ᠡ ᠴᠢᠬᠢ ᠶᠢ ᠰᠤᠳᠤᠯᠬᠤ᠂ ᠦᠷᠡᠵᠢᠭᠦᠯᠦᠨ ᠪᠤᠶᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠬᠢ ᠮᠣᠳᠣᠨ ᠤ ᠬᠦᠷᠢᠶᠡᠯᠡᠩ ᠤᠨ ᠠᠵᠤ ᠠᠬᠤᠢ ᠶᠢᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠪᠣᠯᠤᠨ ᠨᠡᠶᠢᠭᠡᠮ ᠤᠨ ᠦᠷ᠎ᠡ ᠠᠰᠢᠭ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠬᠤᠳᠠ ᠶᠢᠨ ᠭᠤᠶᠤᠵᠢᠭᠤᠯᠤᠯᠲᠠ ᠨᠣᠭᠤᠭᠠᠷᠠᠭᠤᠯᠤᠯᠲᠠ ᠪᠣᠯᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠬᠡᠷᠡᠭᠴᠡᠭᠡ ᠶᠢ ᠪᠦᠲᠦᠮᠵᠢᠲᠡᠢ ᠪᠠᠲᠤᠯᠠᠬᠤ ᠬᠡᠷᠡᠭᠲᠡᠢ ᠭᠡᠪᠡ᠃     ᠢᠷᠭᠠᠢ ᠪᠠᠶᠠᠨᠬᠤᠲᠠ ᠰᠠᠯᠪᠤᠷᠢ ᠱᠤᠭᠤᠮ ᠤᠨ ᠲᠡᠮᠦᠷ ᠵᠠᠮ ᠤᠨ ᠪᠠᠶᠠᠨᠬᠤᠲᠠ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ ᠲᠤ᠂ ᠬᠤᠸᠠᠩ ᠶᠠ ᠯᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠣᠶᠢᠯᠠᠭᠠᠪᠠ᠃ ᠲᠡᠷᠡ᠂ ︽ᠥᠨᠳᠥᠷ ᠭᠠᠷᠤᠭ᠎ᠠ ᠠᠴᠠ ᠡᠬᠢᠯᠡᠭᠦᠯᠬᠦ᠂ ᠥᠨᠳᠥᠷ ᠪᠠᠷᠢᠮᠵᠢᠶ᠎ᠠ ᠪᠠᠷ ᠠᠬᠢᠭᠤᠯᠬᠤ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ︾ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠬᠤᠭᠤᠴᠠᠭ᠎ᠠ ᠪᠠᠴᠢᠮ᠂ ᠡᠭᠦᠷᠭᠡ ᠬᠦᠨᠳᠦ᠂ ᠪᠠᠷᠢᠯᠭ᠎ᠠ ᠶᠢᠨ ᠣᠷᠴᠢᠨ ᠲᠣᠭᠤᠷᠢᠨ ᠪᠤᠳᠤᠯᠢᠶᠠᠨᠲᠠᠶ ᠵᠡᠷᠭᠡ ᠬᠦᠴᠢᠷᠳᠡᠯ ᠢ ᠴᠢᠷᠮᠠᠶᠢᠨ ᠢᠯᠠᠨ ᠳᠠᠪᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠤᠷᠤᠭᠰᠢᠲᠠᠶ ᠠᠭᠢᠵᠤ᠂ ᠡᠷᠲᠡᠬᠡᠨ ᠠᠵᠢᠯ ᠳᠠᠭᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号