ᠮᠠᠨ ᠤ ᠣᠷᠣᠨ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2024/2/27
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠭᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠬᠠᠮᠲᠤᠷᠠᠨ ︽ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠴᠢᠨᠠᠭᠰᠢᠳᠠ ᠪᠠᠶᠢᠭᠤᠯᠤᠨ ᠪᠦᠷᠢᠨᠰᠢᠭᠦᠯᠬᠦ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶   ᠢ ᠳᠠᠷᠤᠮᠠᠯᠯᠠᠨ ᠲᠠᠷᠬᠠᠭᠠᠪᠠ᠃    ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠠᠷᠠᠳ ᠣᠯᠠᠨ ᠤ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠪᠠᠷ ᠭᠠᠷᠤᠭ᠎ᠠ ᠪᠤᠯᠭᠠᠵᠤ᠂ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠣᠯᠠᠨ ᠲᠠᠯ᠎ᠠ ᠪᠠᠷ ᠢᠶᠠᠨ ᠠᠰᠢᠭ ᠭᠦᠷᠳᠡᠭᠦ ᠬᠠᠮᠲᠤ ᠪᠠᠷ ᠢᠶᠠᠨ ᠠᠰᠢᠭ ᠭᠦᠷᠳᠡᠭᠦ ᠣᠶᠢᠯᠠᠭᠠᠭᠳᠠᠬᠤᠨ ᠢ ᠪᠠᠷᠢᠮᠲᠠᠯᠠᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠤᠨ ᠰᠢᠭᠦᠬᠦ ᠬᠤᠷᠢᠶ᠎ᠠ ᠬᠢᠭᠡᠳ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠰᠠᠶᠢᠲᠤᠷ ᠬᠤᠷᠰᠢᠯᠴᠠᠬᠤ᠂ ᠬᠠᠮᠲᠤᠷᠠᠨ ᠬᠥᠳᠡᠯᠦᠯᠴᠡᠵᠦ ᠬᠠᠮᠲᠤ ᠪᠠᠷ ᠢᠶᠠᠨ ᠵᠠᠰᠠᠬᠤ ᠶᠢ ᠪᠡᠶᠡᠯᠡᠭᠦᠯᠦᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃    ︽ᠵᠢᠯᠤᠭᠤᠳᠬᠤ ᠰᠠᠨᠠᠯ︾ ᠳᠤ  ᠬᠠᠤᠯᠢ ᠴᠠᠭᠠᠵᠠ ᠪᠣᠯᠣᠨ ᠵᠠᠰᠠᠭ ᠵᠠᠬᠢᠷᠭᠠᠨ ᠤ ᠠᠵᠢᠯ ᠤᠨ ᠵᠣᠬᠢᠴᠠᠭᠤᠯᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠲᠥᠪ ᠭᠤᠣᠯᠴᠢ ᠪᠠᠷ ᠬᠠᠤᠯᠢ ᠪᠠᠷᠢᠬᠤ ᠲᠦᠪᠰᠢᠨ ᠢ ᠳᠡᠭᠡᠭᠰᠢᠯᠡᠭᠦᠯᠦᠨ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠰᠢᠢᠳᠪᠦᠷᠢᠯᠡᠬᠦ ᠲᠤᠬᠠᠢ ᠠᠯᠢ ᠣᠯᠠᠨ ᠦᠨᠡᠨ ᠬᠦ ᠬᠡᠷᠡᠭᠵᠢᠭᠦᠯᠦᠭᠦᠰᠢᠲᠡᠢ ᠠᠷᠭ᠎ᠠ ᠬᠡᠮᠵᠢᠶ᠎ᠡ ᠶᠢ ᠳᠤᠷᠠᠳᠴᠤ᠂ ᠵᠠᠰᠠᠭ ᠵᠠᠬᠢᠷᠭᠠᠨ ᠤ ᠰᠢᠭᠦᠨ ᠲᠠᠰᠤᠯᠤᠯᠲᠠ ᠪᠠ ᠵᠠᠰᠠᠭ ᠵᠠᠬᠢᠷᠭᠠᠨ ᠤ ᠳᠠᠭᠢᠨ ᠵᠥᠪᠯᠡᠬᠦ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠵᠠᠭᠠᠯᠳᠤᠬᠤ ᠠᠴᠠ ᠡᠮᠦᠨ᠎ᠡ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠶᠢ ᠠᠬᠢᠭᠤᠯᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ᠂ ᠬᠠᠤᠯᠢ ᠪᠠᠷᠢᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠬᠤ᠂ ᠬᠠᠷᠢᠭᠤ ᠲᠤᠰᠬᠠᠬᠤ ᠪᠠ ᠵᠠᠭᠤᠷᠠᠯᠳᠤᠭᠠᠨ ᠢ ᠤᠷᠢᠳᠴᠢᠯᠠᠨ ᠰᠡᠷᠡᠮᠵᠢᠯᠡᠭᠦᠯᠭᠦ ᠶᠢ ᠠᠬᠢᠭᠤᠯᠬᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠲᠠᠰᠤᠯᠤᠯᠲᠠ ᠶᠢ ᠤᠬᠠᠮᠰᠠᠷ ᠠᠴᠠ  ᠪᠠᠨ ᠭᠦᠢᠴᠡᠳᠬᠡᠬᠦ᠂ ᠬᠠᠮᠲᠤ ᠪᠠᠷ ᠰᠤᠷᠤᠯᠴᠠᠵᠤ ᠪᠤᠯᠪᠠᠰᠤᠷᠠᠭᠤᠯᠬᠤ ᠪᠠ ᠪᠠᠶᠢᠴᠠᠭᠠᠨ ᠰᠤᠳᠤᠯᠬᠤ ᠠᠵᠢᠯ ᠢ ᠠᠬᠢᠭᠤᠯᠬᠤ ᠵᠡᠷᠭᠡ 6 ᠲᠠᠯ᠎ᠠ ᠶᠢᠨ 17 ᠵᠦᠢᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃    ︽ᠵᠢᠯᠤᠭᠤᠳᠬᠤ ᠰᠠᠨᠠᠯ︾ ᠳᠤ ᠪᠠᠰᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠳᠦᠷ ᠲᠤᠲᠤᠮ ᠤᠨ ᠬᠠᠮᠵᠢᠯᠴᠠᠭ᠎ᠠ ᠵᠡᠷᠭᠡ ᠲᠠᠯ᠎ᠠ ᠪᠠᠷ ᠡᠳᠦᠷ ᠲᠤᠲᠤᠮ ᠤᠨ ᠠᠵᠢᠯ ᠢ ᠨᠠᠷᠢᠯᠢᠭᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠮᠥᠷᠳᠡᠨ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠂ ︽ᠵᠢᠯᠤᠭᠤᠳᠬᠤ ᠰᠠᠨᠠᠯ︾ ᠢ ᠪᠣᠳᠠᠲᠠᠢ ᠦᠷ᠎ᠡ ᠪᠦᠲᠦᠮᠵᠢ ᠲᠠᠢ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠲᠠᠷᠠᠭᠠᠴᠢ ᠶᠢᠨ ᠠᠯᠬᠤᠮ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ︽ᠵᠢᠯᠤᠭᠤᠳᠬᠤ ᠰᠠᠨᠠᠯ︾ ᠤᠨ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠤᠰᠬᠠᠬᠤ᠂ ᠣᠯᠠᠨ ᠲᠦᠮᠡᠨ ᠤ ᠡᠷᠬᠡ ᠠᠰᠢᠭ ᠢ ᠬᠠᠮᠠᠭᠠᠯᠠᠬᠤ᠂ ᠣᠯᠠᠨ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠶᠢ ᠠᠵᠢᠯ ᠤᠨ ᠪᠦᠭᠦ ᠶᠠᠪᠤᠴᠠ ᠳᠤ ᠲᠤᠭᠤᠰᠢᠯᠠᠭᠤᠯᠤᠨ᠂ ᠲᠥᠪ ᠭᠤᠥᠯᠴᠢ ᠪᠠᠷ ᠬᠠᠤᠯᠢ ᠪᠠᠷᠢᠬᠤ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠢ ᠪᠠᠷ ᠰᠢᠢᠳᠪᠦᠷᠢᠯᠡᠬᠦ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号