︽ᠰᠢᠨ᠎ᠡ ᠡᠨᠧᠷᠭᠢ ᠪᠠ ᠴᠡᠪᠡᠷ ᠡᠨᠧᠷᠭᠢ ᠶᠢᠨ ᠡᠵᠡᠩᠨᠡᠯᠲᠡ ᠶᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠤᠬᠠᠭᠤᠯᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/2/27
   ᠨᠢᠭᠡ᠂ ᠲᠤᠭᠤᠷᠪᠢᠭᠰᠠᠨ ᠠᠬᠤᠶ ᠪᠠᠶᠢᠳᠠᠯ    ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠪᠣᠯ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠴᠢᠬᠤᠯᠠ ᠬᠦᠷᠢᠶᠡᠨ ᠤ ᠨᠢᠭᠡ ᠮᠥᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠭᠤᠤᠯ ᠬᠦᠴᠦᠨ ᠴᠡᠷᠢᠭ ᠮᠥᠨ᠃ ᠰᠢᠨ᠎ᠡ ᠡᠨᠧᠷᠭᠢ᠂ ᠴᠡᠪᠡᠷ ᠡᠨᠧᠷᠭᠢ ᠶᠢᠨ ᠮᠠᠰᠢᠨ ᠢ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠳᠤ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠬᠤ ᠨᠢ ᠡᠨᠧᠷᠭᠢ ᠶᠢᠨ ᠬᠡᠷᠡᠭᠯᠡᠭᠡᠨ ᠤ ᠪᠦᠲᠦᠴᠡ ᠶᠢ ᠰᠠᠶᠢᠵᠢᠷᠠᠭᠤᠯᠬᠤ᠂ ᠠᠭᠠᠷ ᠤᠨ ᠪᠣᠬᠢᠷᠲᠤᠯ ᠢ ᠪᠠᠭᠠᠰᠬᠠᠬᠤ ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃    ᠬᠤᠶᠠᠷ᠂ ᠬᠠᠷᠠᠯᠲᠠ ᠡᠭᠦᠷᠭᠡ    ᠰᠢᠨ᠎ᠡ ᠡᠨᠧᠷᠭᠢ᠂ ᠴᠡᠪᠡᠷ ᠡᠨᠧᠷᠭᠢ ᠶᠢᠨ ᠡᠵᠡᠩᠨᠡᠯᠲᠡ ᠶᠢᠨ ᠲᠡᠷᠭᠡ ᠶᠢ ᠳᠡᠯᠭᠡᠷᠡᠬᠦᠯᠦᠨ ᠬᠡᠷᠡᠭᠯᠡᠬᠦ ᠶᠢ ᠣᠬᠠᠭᠤᠯᠬᠤ ᠡᠷᠴᠢᠮ ᠢ ᠴᠢᠩᠭᠠᠷᠠᠭᠤᠯᠤᠨ᠎ᠠ᠃ ᠨᠡᠶᠢᠲᠡ ᠶᠢᠨ ᠮᠠᠰᠢᠨ ᠲᠡᠷᠭᠡᠨ ᠤ ᠲᠠᠯ᠎ᠠ ᠪᠠᠷ᠂ ᠵᠢᠯ ᠤᠨ ᠰᠢᠨ᠎ᠡ ᠪᠠᠷ ᠨᠡᠮᠡᠭᠳᠡᠭᠰᠡᠨ ᠪᠠ ᠰᠢᠨᠡᠳᠬᠡᠭᠰᠡᠨ ᠨᠡᠶᠢᠲᠡ ᠶᠢᠨ ᠮᠠᠰᠢᠨ ᠲᠡᠷᠭᠡᠨ ᠤ ᠳᠣᠲᠣᠷ᠎ᠠ᠂ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 100 % ᠳᠤ ᠬᠦᠷᠦᠭᠦᠯᠬᠦ ᠶᠢᠨ ᠬᠠᠮᠲᠤ ᠴᠠᠬᠢᠯᠭᠠᠨ ᠴᠡᠨᠡᠭᠯᠡᠬᠦ ᠲᠠᠯᠠᠪᠤᠷ ᠥᠷᠲᠡᠭᠡ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠲᠦᠷᠢᠶᠡᠰᠦᠨ ᠮᠠᠰᠢᠨ ᠲᠡᠷᠭᠡᠨ ᠤ ᠲᠠᠯ᠎ᠠ ᠪᠠᠷ᠂ ᠡᠨᠡ ᠵᠢᠯ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠰᠢᠨᠡᠳᠬᠡᠭᠰᠡᠨ ᠲᠤᠭ᠎ᠠ ᠬᠡᠮᠵᠢᠶ᠎ᠡ ᠶᠢ ᠵᠢᠯ ᠤᠨ ᠡᠬᠢᠨ ᠳᠤ ᠳᠡᠭᠡᠭᠰᠢ ᠮᠡᠳᠡᠭᠦᠯᠬᠦ ᠲᠥᠯᠥᠪᠯᠡᠭᠡ ᠠᠴᠠ ᠳᠣᠣᠷ᠎ᠠ ᠪᠠᠶᠢᠯᠭᠠᠵᠤ ᠪᠣᠯᠬᠤ ᠥᠬᠡᠶ ᠪᠥᠭᠡᠳ ᠳᠠᠷᠠᠭ᠎ᠠ ᠵᠢᠯ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠰᠢᠨᠡᠳᠬᠡᠭᠰᠡᠨ ᠪᠣᠯ ᠵᠢᠯ ᠳᠠᠷᠠᠭᠠᠯᠠᠨ ᠨᠡᠮᠡᠭᠳᠡᠭᠦᠯᠦᠨ᠎ᠡ᠃ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠲᠡᠭᠡᠭᠡᠪᠦᠷᠢ ᠶᠢᠨ ᠲᠠᠯ᠎ᠠ ᠪᠠᠷ᠂ ᠡᠵᠡᠩᠨᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠲᠡᠭᠡᠭᠡᠪᠦᠷᠢ ᠶᠢᠨ ᠲᠡᠷᠭᠡ ᠶᠢ ᠨᠡᠮᠡᠭᠳᠡᠭᠦᠯᠬᠦ ᠪᠠ ᠰᠢᠨᠡᠳᠬᠡᠬᠦ ᠳᠡᠭᠡᠨ ᠰᠢᠨ᠎ᠡ ᠡᠨᠧᠷᠭᠢ᠂ ᠴᠡᠪᠡᠷ ᠡᠨᠧᠷᠭᠢ ᠶᠢᠨ ᠲᠡᠷᠭᠡ ᠶᠢ ᠤᠷᠢᠳᠠᠪᠠᠷ ᠰᠣᠩᠭᠤᠭᠤᠯᠣᠨ᠎ᠠ᠃ ᠡᠭᠦᠨ ᠤ ᠬᠠᠮᠲᠤ ᠤᠰᠤᠲᠥ᠋ᠷᠥᠭᠴᠢ ᠡᠨᠧᠷᠭᠢ᠂ ᠴᠡᠨᠡᠭ ᠰᠣᠯᠢᠬᠤ ᠲᠥᠬᠦᠭᠡᠷᠦᠮᠵᠢ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠠᠵᠢᠯ ᠢ ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃    ᠭᠤᠷᠪᠠ᠂ ᠭᠤᠣᠯ ᠠᠭᠤᠯᠭ᠎ᠠ    ︽ᠬᠡᠷᠡᠭᠵᠢᠭᠦᠯᠬᠦ ᠲᠥᠰᠥᠯ︾ ᠨᠢ ᠵᠢᠯᠣᠭᠤᠳᠬᠤ ᠦᠵᠡᠯ ᠰᠠᠨᠠᠭ᠎ᠠ᠂ ᠠᠵᠢᠯ ᠤᠨ ᠬᠠᠷᠠᠯᠲᠠ᠂ ᠭᠤᠣᠯ ᠡᠭᠦᠷᠭᠡ᠂ ᠪᠠᠲᠤᠯᠠᠭ᠎ᠠ ᠶᠢ ᠴᠢᠩᠭᠠᠳᠬᠠᠬᠤ ᠵᠡᠷᠭᠡ 4 ᠬᠡᠰᠡᠭ ᠢᠶᠠᠷ ᠪᠦᠷᠢᠯᠳᠦᠪᠡ᠃ ᠪᠠᠶᠢᠳᠠᠯ ᠢ ᠤᠶᠢᠯᠠᠭᠠᠨ ᠪᠠᠶᠢᠴᠠᠭᠠᠬᠤ᠂ ᠤᠬᠠᠭᠤᠯᠤᠨ ᠳᠡᠯᠭᠡᠷᠡᠭᠦᠯᠬᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠵᠡᠷᠭᠡ 3 ᠵᠦᠢᠯ ᠤᠨ ᠠᠵᠢᠯ ᠢ ᠭᠤᠤᠯᠳᠠᠯᠭ᠎ᠠ ᠲᠠᠢ ᠥᠷᠨᠢᠭᠦᠯᠬᠦ ᠶᠢᠨ ᠬᠠᠮᠲᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ᠂ ᠲᠤᠭ᠎ᠠ ᠪᠠᠷᠢᠮᠲᠠ ᠶᠢᠨ ᠪᠦᠷᠢᠳᠬᠡᠯ ᠢ ᠴᠢᠩᠭᠠᠳᠬᠠᠬᠤ᠂ ᠦᠷ᠎ᠡ ᠪᠦᠲᠦᠮᠵᠢ ᠶᠢ ᠴᠠᠭ ᠲᠤᠬᠠᠶ ᠳᠤᠨᠢ ᠳ᠋ᠦᠩᠨᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠠᠨ ᠤ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢᠨ ᠬᠢᠷᠢ ᠲᠦᠪᠰᠢᠨ ᠢ ᠲᠦᠷᠬᠡᠨ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠨᠢ ᠣᠷᠴᠢᠨ ᠲᠣᠭᠤᠷᠢᠨ ᠢ ᠬᠠᠮᠠᠭᠠᠯᠠᠬᠤ᠂ ᠶᠠᠪᠤᠵᠤ ᠰᠠᠭᠤᠬᠤ ᠨᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠢ ᠲᠦᠷᠬᠡᠨ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃        ᠬᠠᠮᠢᠶ᠎ᠠ ᠪᠦᠬᠦᠢ ᠪᠢᠴᠢᠭ ᠮᠠᠲ᠋ᠧᠷᠢᠶᠠᠯ
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号