ᠡᠨᠡ ᠵᠢᠯ ᠮᠠᠨ ᠤ ᠣᠷᠣᠨ 10 ᠲᠠᠯ᠎ᠠ ᠶᠢᠨ ᠠᠵᠢᠯ ᠢ ᠴᠢᠩᠭ᠎ᠠ ᠠᠳᠬᠤᠵᠤ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ
ᠨᠡᠶᠢᠲᠡᠯᠡᠭᠰᠡᠨ ᠴᠠᠭ᠄
2024/2/28
    ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠎ ᠢᠶᠠᠷ᠂ ᠡᠨᠡ ᠵᠢᠯ ᠮᠠᠨ ᠤ ᠣᠷᠣᠨ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠤᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠭᠦ ᠣᠷᠴᠢᠨ ᠨᠥᠬᠦᠴᠡᠯ ᠢ ᠰᠠᠶᠢᠵᠢᠷᠠᠭᠤᠯᠬᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠨ᠂ ᠨᠡᠩ ᠥᠨᠳᠥᠷ ᠲᠦᠪᠰᠢᠨ ᠪᠦᠬᠦᠢ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠎ ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠡᠷᠡᠭᠦᠯ ᠡᠩᠬᠡ ᠶᠢᠨ ᠪᠠᠲᠤ ᠰᠠᠭᠤᠷᠢ ᠶᠢ ᠲᠠᠯᠪᠢᠬᠤ ᠪᠣᠯᠣᠨ᠎ᠠ᠃     ᠡᠨᠡ ᠵᠢᠯ ᠪᠦᠭᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ 10 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠪᠣᠯᠣᠨ᠎ᠠ᠃ ᠲᠤᠬᠠᠶᠢᠯᠠᠪᠠᠯ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃  ᠴᠢᠨᠠᠷ ᠰᠠᠶᠢᠲᠠᠢ ᠬᠥᠭᠵᠢᠭᠦᠯᠬᠦ ᠶᠢ ᠪᠠᠷᠢᠮᠲᠠᠯᠠᠨ᠂ ᠡᠮ ᠡᠮᠨᠡᠯᠭᠡ ᠎ ᠶᠢᠨ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ ᠰᠢᠨ᠎ᠡ ᠠᠬᠢᠯᠲᠠ ᠲᠠᠢ ᠪᠤᠯᠭᠠᠨ᠎ᠠ᠃ ᠲᠦᠭᠡᠮᠡᠯ ᠬᠠᠷᠠᠭᠠᠯᠵᠠᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠬᠥᠮᠥᠨ ᠠᠮᠠ ᠶᠢᠨ ᠬᠥᠭᠵᠢᠯᠲᠡ ᠶᠢᠨ ᠪᠠᠶᠢᠳᠠᠯ ᠢ ᠢᠳᠡᠪᠬᠢᠲᠡᠢ ᠠᠷᠭᠠᠴᠠᠭᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠢᠲᠠᠳ ᠮᠣᠩᠭᠤᠯ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠰᠢᠨ᠎ᠡ ᠠᠷᠭ᠎ᠠ ᠵᠠᠮ ᠬᠠᠶᠢᠨ᠎ᠠ᠃ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠪᠠᠷᠢᠮᠲᠠᠯᠠᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠰᠢᠨ᠎ᠡ ᠪᠠᠶᠢᠳᠠᠯ ᠢ ᠨᠡᠭᠡᠭᠡᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠯᠭᠡᠬᠦ ᠡᠨᠧᠷᠭᠢ ᠨᠡᠮᠡᠷᠢᠯᠡᠬᠦ ᠶᠢ ᠪᠠᠷᠢᠮᠲᠠᠯᠠᠨ᠂  ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠬᠤ ᠲᠠᠯ᠎ᠠ ᠪᠠᠷ ᠰᠢᠨ᠎ᠡ ᠠᠬᠢᠯᠲᠠ ᠭᠠᠷᠭᠠᠨ᠎ᠠ᠃ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠥᠨᠳᠥᠷ ᠬᠡᠪ ᠪᠣᠯᠪᠠᠰᠤᠷᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠭᠠᠷᠭᠠᠨ᠎ᠠ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠤᠯᠬᠤ ᠶᠢ ᠪᠡᠶᠡᠯᠡᠭᠦᠯᠦᠨ᠎ᠠ᠃  ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号