ᠠᠯᠠᠱᠠ ᠪᠠᠷᠠᠭᠤᠨ ᠬᠤᠰᠢᠭᠤ᠄ ᠶᠣᠰᠣ ᠤᠴᠢᠷ ᠢ ᠣᠶᠢᠯᠠᠭᠠᠭᠤᠯᠣᠨ ᠬᠠᠯᠠᠮᠵᠢᠯᠠᠬᠤ ᠬᠡᠯᠪᠡᠷᠢ ᠪᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠰᠠᠶᠢᠳᠣᠷ ᠬᠢᠵᠦ ᠠᠮᠤᠷ ᠠᠮᠤᠭᠤᠯᠠᠩ ᠠᠯᠠᠱᠠ ᠪᠠᠷᠠᠭᠤᠨ ᠬᠤᠰᠢᠭᠤ ᠶᠢ ᠪᠠᠶᠢᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/2/28
    ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ᠂ ᠠᠮᠤᠷ ᠠᠮᠤᠭᠤᠯᠠᠩ ᠠᠯᠠᠱᠠ ᠪᠠᠷᠠᠭᠤᠨ ᠬᠤᠰᠢᠭᠤ ᠶᠢ ᠪᠠᠶᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠵᠢᠯ ᠢ ᠬᠠᠣᠯᠢᠵᠢᠭᠤᠯᠵᠦ᠂ ᠰᠢᠨᠵᠢᠯᠡᠬᠦ ᠣᠬᠠᠭᠠᠨᠴᠢᠯᠠᠵᠦ᠂ ᠵᠢᠷᠣᠮᠵᠢᠭᠤᠯᠵᠦ᠂ ᠳᠦᠷᠢᠮᠵᠢᠬᠦᠯᠵᠦ᠂ ᠨᠡᠶᠢᠭᠡᠮ ᠤᠨ ᠲᠣᠭᠲᠠᠭᠤᠨ ᠢ ᠬᠦᠴᠦᠲᠡᠶ ᠬᠠᠮᠠᠭᠠᠯᠠᠪᠠ᠃
    ᠠᠯᠠᠱᠠ ᠪᠠᠷᠠᠭᠤᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠴᠢᠩᠭ᠎ᠠ ᠬᠢᠨᠠᠨ ᠬᠠᠮᠢᠶᠠᠷᠬᠤ᠂ ᠬᠠᠯᠠᠮᠵᠢᠯᠠᠬᠤ ᠠᠷᠭ᠎ᠠ ᠮᠠᠶ᠋ᠢᠭ ᠢ ᠪᠠᠷᠢᠮᠲᠠᠯᠠᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠲᠥᠪ ᠢ ᠪᠠᠷᠢᠮᠵᠢᠶᠠᠵᠢᠭᠤᠯᠤᠨ ᠪᠠᠶᠢᠭᠤᠯᠵᠤ᠂ ᠡᠷᠡᠭᠦᠦ ᠶᠢᠨ ᠬᠡᠷᠡᠭ ᠤᠨ ᠬᠡᠷᠡᠭᠵᠢᠭᠦᠯᠦᠯᠲᠡ᠂ ᠬᠢᠨᠠᠯᠲᠠ ᠬᠠᠮᠢᠶᠠᠷᠤᠯᠲᠠ᠂ ᠰᠤᠷᠭᠠᠨ ᠬᠥᠮᠦᠵᠢᠭᠦᠯᠵᠦ ᠬᠠᠪᠰᠤᠷᠤᠨ ᠲᠡᠳᠬᠦᠬᠦ ᠶᠢ ᠨᠢᠭᠡ ᠴᠣᠭᠴᠠᠵᠢᠭᠤᠯᠤᠭᠰᠠᠨ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ ᠶᠢᠨ ᠦᠢᠯᠡᠴᠢᠯᠡᠬᠡᠨ ᠤ ᠲᠠᠪᠴᠠᠩ ᠢ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠠᠵᠢᠯ ᠤᠨ ᠬᠠᠤᠯᠢ ᠬᠡᠷᠡᠭᠵᠢᠭᠦᠯᠦᠯᠲᠡ ᠶᠢᠨ ᠵᠢᠯᠣᠭᠤᠳᠬᠤ ᠲᠥᠪ ᠢ ᠪᠠᠶᠢᠭᠤᠯᠪᠠ᠃ ᠵᠣᠬᠢᠶᠠᠨ ᠪᠠᠶᠢᠭᠤᠯᠵᠤ ᠤᠳᠤᠷᠢᠳᠬᠤ᠂ ᠠᠵᠢᠯ ᠢ ᠵᠣᠬᠢᠴᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠲᠣᠭᠲᠠᠴᠠ ᠶᠢ ᠲᠡᠭᠦᠯᠳᠡᠷᠵᠢᠭᠦᠯᠵᠦ᠂ ᠬᠤᠰᠢᠭᠤ᠂ ᠰᠤᠮᠤ ᠪᠠᠯᠭᠠᠰᠤᠨ ᠳᠤ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢ ᠪᠠᠶᠢᠴᠠᠭᠠᠬᠤ ᠲᠠᠰᠤᠭ ᠪᠠᠶᠢᠭᠤᠯᠵᠤ᠂ ᠰᠢᠭᠦᠬᠦ ᠬᠤᠷᠢᠶ᠎ᠠ ᠲᠠᠢ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠤᠯᠤᠰ ᠲᠥᠷᠥ ᠬᠠᠤᠯᠢ ᠴᠠᠭᠠᠵᠠ ᠶᠢᠨ ᠲᠣᠮᠣ ᠳ᠋ᠠᠶᠢᠲ᠋ᠠ ᠶᠢᠨ ᠤᠶᠤᠨᠴᠢᠯᠠᠭᠰᠠᠨ ᠲᠠᠪᠴᠠᠩ ᠢᠶᠠᠷ ᠳᠠᠮᠵᠢᠭᠤᠯᠤᠨ ᠮᠡᠳᠡᠭᠡ ᠵᠠᠩᠭᠢ ᠶᠢ ᠬᠠᠮᠲᠤ ᠪᠠᠷ ᠬᠤᠪᠢᠶᠠᠯᠴᠠᠪᠠ︔ ᠠᠷᠠᠳ ᠤᠨ ᠶᠠᠪᠤᠳᠠᠯ᠂ ᠠᠵᠢᠯ ᠣᠯᠭᠤᠯᠲᠠ ᠵᠡᠷᠭᠡ ᠰᠠᠯᠠᠭ᠎ᠠ ᠮᠥᠴᠢᠷ ᠲᠠᠢ ᠨᠡᠪᠲᠡᠷᠡᠯᠴᠡᠵᠦ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠥᠮᠦᠵᠢᠯ ᠢᠶᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠪᠠ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ᠂ ᠰᠡᠷᠡᠮᠵᠢᠯᠡᠭᠦᠯᠬᠦ ᠬᠥᠮᠦᠵᠢᠯ ᠪᠠ ᠰᠢᠯᠵᠢᠯᠲᠡ ᠶᠢᠨ ᠴᠢᠨᠠᠷᠲᠠᠶ ᠲᠥᠪᠬᠢᠨᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠲᠣᠬᠢᠶᠠᠯ ᠬᠠᠩᠭᠠᠵᠤ᠂ ᠬᠦᠴᠢᠷᠳᠡᠯ ᠢ ᠨᠢ ᠬᠠᠪᠰᠤᠷᠤᠨ ᠰᠢᠢᠳᠪᠦᠷᠢᠯᠡᠵᠦ᠂ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠤᠷᠤᠭᠰᠢᠲᠠᠶ ᠪᠠᠷ ᠨᠡᠶᠢᠭᠡᠮ ᠳᠤ ᠵᠣᠬᠢᠴᠠᠭᠤᠯᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号