ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 1 ᠰᠠᠷ᠎ᠠ ᠶᠢᠨ | 16 ᠤ ᠡᠳᠦᠷ᠂ ᠡᠳ᠋ ᠤᠨ ᠵᠠᠰᠠᠭ ᠤᠨ ᠶᠠᠮᠤᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ ᠢ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ | ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠳᠥᠭᠦᠮᠴᠢᠯᠡᠨ᠎ᠡ︶ ᠢ ᠵᠢᠩᠬᠢᠨᠢ ᠪᠠᠷ ᠳᠠᠷᠤᠮᠠᠯᠯᠠᠨ | ᠲᠠᠷᠬᠠᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠᠷ ᠪᠠᠶᠢᠨ᠎ᠠ᠃ | ᠲᠣᠰ ︽ᠬᠡᠷᠡᠭᠵᠢᠭᠦᠯᠬᠦ ᠰᠠᠨᠠᠯ︾ ᠪᠣᠯ ᠡᠳ᠋ ᠤᠨ ᠵᠠᠰᠠᠭ ᠤᠨ ᠶᠠᠮᠤᠨ ᠠᠴᠠ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠲᠠᠷᠬᠠᠭᠠᠭᠰᠠᠨ 2023 ᠣᠨ ᠤ 16 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ | ᠲᠣᠭᠲᠠᠭᠠᠵᠤ ᠥᠭᠭᠦᠭᠰᠡᠨ ᠢᠵᠢ ᠪᠦᠷᠢᠳᠦᠭᠰᠡᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠤᠯᠬᠤ ᠶᠤᠮ᠃ | ᠣᠶᠢᠯᠠᠭᠠᠭᠰᠠᠨ ᠢᠶᠠᠷ᠂ ᠡᠳ᠋ ᠤᠨ ᠵᠠᠰᠠᠭ ᠤᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠬᠡᠷᠡᠭᠵᠢᠭᠦᠯᠬᠦ ᠰᠠᠨᠠᠯ︾ ᠨᠢ | ᠭᠤᠷᠪᠠᠨ ᠣᠨᠴᠠᠯᠢᠭ ᠢ ᠪᠦᠷᠢᠯᠳᠦᠭᠦᠯᠵᠡᠢ᠃ ᠨᠢᠭᠡ ᠳᠤ᠂ ᠠᠭᠤᠯᠤᠭᠳᠠᠴᠠ ᠥᠨᠳᠥᠷ᠃ ︽ᠬᠡᠷᠡᠭᠵᠢᠭᠦᠯᠬᠦ ᠰᠠᠨᠠᠯ︾ ᠳᠤ | ᠡᠯ᠎ᠡ ᠵᠦᠢᠯ ᠤᠨ ᠪᠣᠳᠠᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠨᠢ ᠴᠥᠮ ᠪᠡᠯᠡ ᠮᠥᠩᠭᠦ ᠶᠢᠨ ᠢᠷᠡᠯᠲᠡ ᠶᠢᠨ | ᠴᠢᠭᠯᠡᠯ ᠲᠠᠢ ᠪᠠᠶᠢᠵᠤ᠂ ᠡᠯ᠎ᠡ ᠲᠥᠷᠥᠯ ᠤᠨ ᠪᠡᠯᠡ ᠮᠥᠩᠭᠦ ᠶᠢᠨ ᠬᠤᠪᠢᠶᠠᠷᠢᠯᠠᠯᠲᠠ ᠶᠢ ᠥᠪᠥᠷ ᠮᠣᠩᠭᠤᠯ ᠳᠤ | ᠬᠡᠯᠪᠡᠶᠢᠯᠭᠡᠬᠦ ᠳᠤ ᠴᠢᠬᠤᠯᠠ ᠦᠨᠳᠦᠰᠦᠯᠡᠯ ᠬᠠᠩᠭᠠᠭᠰᠠᠨ ᠪᠥᠭᠡᠳ ᠥᠪᠥᠷ ᠮᠣᠩᠭᠤᠯ ᠤᠨ ᠰᠢᠯᠵᠢᠭᠦᠯᠦᠨ ᠥᠭᠬᠦ ᠪᠡᠯᠡ | ᠮᠥᠩᠭᠦ ᠶᠢᠨ ᠳᠡᠮᠵᠢᠯᠭᠡ ᠶᠢ ᠣᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠬᠤᠶᠠᠷ ᠲᠤ᠂ | ᠬᠠᠮᠤᠷᠬᠤ ᠬᠡᠪᠴᠢᠶ᠎ᠡ ᠥᠷᠭᠡᠨ᠃ ︽ᠬᠡᠷᠡᠭᠵᠢᠭᠦᠯᠬᠦ ᠰᠠᠨᠠᠯ︾ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢᠨ ᠠᠭᠤᠯᠭ᠎ᠠ ᠨᠢ ᠠᠮᠢ ᠠᠬᠤᠢ ᠶᠢᠨ ᠠᠮᠤᠷ ᠲᠦᠪᠰᠢᠨ᠂ ᠡᠨᠧᠷᠭᠢ ᠶᠢᠨ ᠡᠬᠢ ᠪᠠᠶᠠᠯᠢᠭ᠂ ᠠᠵᠤ | ᠦᠢᠯᠡᠰ ᠤᠨ ᠰᠢᠨ᠎ᠡ ᠶᠢ ᠡᠭᠦᠳᠬᠦ᠂ ᠲᠠᠷᠢᠶᠠᠯᠠᠩ ᠤᠨ ᠬᠥᠭᠵᠢᠯᠲᠡ᠂ ᠦᠨᠳᠦᠰᠦᠲᠡᠨ ᠤ ᠪᠦᠯᠬᠦᠮᠳᠡᠯ ᠵᠡᠷᠭᠡ ᠬᠦᠷᠢᠶ᠎ᠡ ᠶᠢ | ᠬᠠᠮᠤᠷᠪᠠ᠃ ᠭᠤᠷᠪᠠ ᠳᠤ᠂ ᠭᠤᠣᠯᠳᠠᠯᠭ᠎ᠠ ᠲᠣᠪᠣᠶᠢᠮ᠎ᠠ᠃ ︽ᠬᠡᠷᠡᠭᠵᠢᠭᠦᠯᠬᠦ ᠰᠠᠨᠠᠯ︾ ᠳᠤ 6 ᠲᠠᠯ᠎ᠠ ᠠᠴᠠ 14 ᠵᠦᠢᠯ | ᠤᠨ ᠪᠣᠳᠠᠲᠠᠢ ᠠᠷᠭ᠎ᠠ ᠬᠡᠮᠵᠢᠶ᠎ᠡ ᠲᠣᠭᠲᠠᠭᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠬᠦᠴᠦᠨ ᠤ | ᠪᠠᠲᠤᠯᠠᠭ᠎ᠠ ᠶᠢᠨ ᠴᠢᠳᠠᠪᠤᠷᠢ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ︽ | ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ᠂ ᠰᠢᠨ᠎ᠡ ᠶᠢ ᠡᠭᠦᠳᠬᠦ ᠲᠠᠪᠴᠠᠩ ᠪᠠ ᠰᠢᠨ᠎ᠡ ᠶᠢ ᠡᠭᠦᠳᠬᠦ | ᠲᠥᠪ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ᠂ ᠪᠠᠷᠠᠭᠠᠨ ᠤ ᠭᠦᠢᠯᠭᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ | ᠦᠢᠯᠡᠰ ᠤᠨ ᠬᠥᠭᠵᠢᠯᠲᠡ ᠶᠢ ᠳᠡᠮᠵᠢᠬᠦ᠂ ᠡᠬᠢ ᠪᠠᠶᠠᠯᠢᠭ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢᠨ | ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ᠲᠠᠷᠢᠶᠠᠯᠠᠩ ᠤᠨ ᠲᠥᠬᠦᠭᠡᠷᠦᠮᠵᠢ ᠪᠠ ᠤᠰᠤᠨ ᠤ ᠡᠬᠢ ᠪᠠᠶᠠᠯᠢᠭ ᠤᠨ | ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠶᠢ ᠳᠡᠮᠵᠢᠬᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠬᠢᠯᠢ | ᠬᠢᠵᠠᠭᠠᠷ ᠢ ᠪᠠᠬᠢᠵᠢᠭᠦᠯᠬᠦ ᠶᠢ ᠳᠡᠮᠵᠢᠬᠦ ᠵᠡᠷᠭᠡ ᠪᠠᠭᠲᠠᠵᠠᠢ᠃ | ᠲᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠬᠢᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠠᠷᠬᠠᠭᠠᠭᠰᠠᠨ 2023 ᠣᠨ ᠤ 16 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ | ᠶᠠᠮᠤᠨ ᠤ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠬᠠᠷᠠᠯᠲᠠ | ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢᠶᠠᠨ | ᠲᠣᠳᠣᠷᠬᠠᠶᠢᠯᠠᠨ᠂ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠳ᠋ ᠤᠨ ᠬᠦᠴᠦᠨ ᠤ ᠪᠠᠲᠤᠯᠠᠭ᠎ᠠ ᠬᠠᠩᠭᠠᠬᠤ | ᠪᠣᠯᠣᠨ᠎ᠠ᠃ |