ᠠᠯᠠᠱᠠ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯ ᠠᠶᠢᠮᠠᠭ ᠤᠨ ᠵᠠᠬᠢᠷᠭ᠎ᠠ ᠶᠢᠨ | ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠵᠢᠩᠬᠢᠨᠢ ᠭᠠᠵᠠᠷ ᠤᠨ ᠲᠠᠰ ᠤᠨ ᠪᠠᠶᠢᠭᠤᠯᠭ᠎ᠠ ᠪᠠᠶᠢᠵᠦ᠂ ᠠᠯᠠᠱᠠ | ᠠᠶᠢᠮᠠᠭ ᠤᠨ ᠠᠮᠤ ᠪᠤᠳᠠᠭ᠎ᠠ ᠪᠠ ᠡᠳ᠋ ᠪᠣᠳᠠᠰ ᠤᠨ ᠪᠠᠲᠤᠯᠠᠭ᠎ᠠ ᠶᠢᠨ ᠲᠣᠪᠴᠢᠶ᠎ᠠ᠂ ᠠᠯᠠᠱᠠ ᠠᠶᠢᠮᠠᠭ ᠤᠨ ᠣᠷᠣᠨ | ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠬᠡᠨ ᠪᠠᠶᠢᠭᠤᠯᠬᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠶᠢ ᠳᠣᠷᠠᠳᠣᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ | ᠨᠢᠭᠡᠳᠦᠯᠲᠡᠶ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ | ᠬᠠᠨᠳᠤᠰᠢ ᠶᠢ ᠬᠢᠨᠠᠨ ᠬᠡᠮᠵᠢᠵᠦ ᠲᠥᠰᠦᠭᠡᠯᠡᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ | ᠰᠠᠨᠠᠭᠤᠯᠭ᠎ᠠ ᠳᠤᠷᠠᠳᠤᠨ᠎ᠠ᠃ | ︵ᠲᠦᠷᠪᠡ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ | ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠲᠠᠪᠤ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ᠂ ᠪᠦᠲᠦᠴᠡ ᠶᠢ | ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ | ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ | ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠣᠯᠤᠨ ᠴᠢᠬᠤᠯᠠ ᠶᠡᠭᠡ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠣᠷᠣᠨ ᠪᠦᠰᠡ ᠶᠢᠨ ᠲᠥᠯᠥᠪᠵᠢᠭᠦᠯᠭᠡ | ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ | ︵ᠳᠤᠯᠤᠭ᠎ᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ | ᠲᠣᠭᠲᠠᠭᠠᠨ᠎ᠠ᠃ | ︵ᠨᠠᠢᠮᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ | ︵ᠶᠢᠰᠦ︶ ᠨᠡᠶᠢᠭᠡᠮ ᠤᠨ ᠬᠥᠭᠵᠢᠯᠲᠡ ᠪᠠ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ | ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ | ︵ᠠᠷᠪᠠ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠤᠨ᠂ ᠠᠮᠢ ᠠᠬᠤᠶ ᠣᠷᠴᠢᠨ | ᠲᠣᠭᠤᠷᠢᠨ ᠢ ᠬᠠᠮᠠᠭᠠᠯᠠᠬᠤ ᠪᠠ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ | ᠵᠡᠷᠭᠡ ᠠᠵᠢᠯ ᠢ ᠵᠣᠬᠢᠴᠠᠭᠤᠯᠤᠨ᠎ᠠ᠃ | ︵ᠠᠷᠪᠠᠨ ᠨᠢᠭᠡ︶ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠣᠷᠣᠨ ᠨᠤᠲᠤᠭ ᠤᠨ ᠴᠢᠨᠠᠷᠲᠠᠢ ᠬᠠᠤᠯᠢ᠂ ᠳᠦᠷᠢᠮ ᠲᠣᠭᠲᠠᠭᠠᠯ ᠢ ᠲᠤᠤᠱᠯᠠᠭᠤᠯᠤᠨ ᠨᠠᠶᠢᠳᠠᠪᠣᠷᠢᠵᠢᠭᠤᠯᠣᠨ᠎ᠠ᠃ | ︵ᠠᠷᠪᠠᠨ ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠵᠣᠬᠢᠴᠠᠩᠭᠤᠶ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠲᠠᠢ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ | ᠳᠣᠲᠣᠭᠠᠳᠤ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠢᠴᠢᠭ | ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠮᠡᠳᠡᠭᠡ | ᠵᠠᠩᠭᠢ᠂ ᠠᠮᠤᠷ ᠲᠦᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠣᠨᠣᠯ ᠤᠨ ᠰᠤᠷᠤᠯᠴᠠᠯᠭ᠎ᠠ᠂ ᠭᠠᠳᠠᠭᠠᠳᠤ ᠤᠬᠠᠭᠤᠯᠭ᠎ᠠ᠂ ᠳᠣᠲᠣᠭᠠᠳᠤ ᠶᠢᠨ ᠳᠦᠷᠢᠮ ᠤᠨ | ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠨᠠᠮ ᠪᠠ ᠣᠯᠠᠨ ᠲᠦᠮᠡᠨ ᠤ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠤᠨ᠎ᠠ᠃ | ︵ᠬᠤᠶᠠᠷ︶ ᠠᠵᠢᠯᠲᠠᠨ ᠤ ᠶᠠᠪᠤᠳᠠᠯ ᠤᠨ ᠰᠠᠯᠠᠭ᠎ᠠ ︵ᠨᠠᠮ ᠤᠨ ᠪᠠᠶᠢᠭᠤᠯᠤᠯᠲᠠ ᠶᠢᠨ ᠠᠯᠪᠠᠨ ᠭᠡᠷ︶᠃ | ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠡᠭᠦᠷᠭᠡᠯᠡᠨ᠎ᠡ᠃ ᠪᠠᠶᠢᠭᠤᠯᠭ᠎ᠠ ᠵᠢᠴᠢ ᠬᠠᠷᠢᠶ᠎ᠠ ᠨᠢᠬᠡᠴᠡ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠮᠦᠵᠢᠯ ᠪᠣᠯᠪᠠᠰᠤᠷᠠᠭᠤᠯᠤᠯ᠂ ᠴᠢᠳᠠᠪᠤᠷᠢᠲᠠᠨ ᠤ | ᠬᠥᠭᠵᠢᠯᠲᠡ᠂ ᠬᠥᠳᠡᠯᠮᠦᠷᠢ ᠴᠠᠯᠢᠩ ᠪᠣᠯᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ᠂ ᠠᠵᠢᠯ ᠠᠴᠠ ᠪᠠᠨ | ᠠᠮᠠᠷᠠᠭᠰᠠᠨ ᠺᠠᠳ᠋ᠷᠴᠤᠳ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠠᠶᠢᠮᠠᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ ᠠᠯᠪᠠᠨ | ᠭᠡᠷ ᠤᠨ ᠨᠠᠷᠢᠨ ᠪᠢᠴᠢᠭ ᠤᠨ ᠰᠠᠯᠠᠭ᠎ᠠ᠃ ᠠᠶᠢᠮᠠᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠤᠨ ᠬᠤᠷᠢᠶ᠎ᠠ ᠵᠢᠴᠢ | ᠲᠡᠭᠦᠨ ᠤ ᠠᠯᠪᠠᠨ ᠬᠡᠷ ᠤᠨ ᠪᠣᠳᠠᠲᠠᠶ ᠠᠵᠢᠯ ᠢ ᠡᠭᠦᠷᠭᠡᠯᠡᠵᠦ᠂ ᠠᠵᠤ ᠠᠬᠤᠶ ᠶᠢᠨ ᠬᠦᠷᠢᠶᠡᠨ ᠳᠠᠬᠢ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ | ᠲᠠᠯ᠎ᠠ ᠶᠢᠨ ᠬᠢᠨ ᠤ ᠠᠶᠢᠮᠠᠭ ᠤᠨ ᠨᠠᠮ ᠤᠨ ᠬᠤᠷᠢᠶᠠᠨ ᠤ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ | ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠱᠠᠯᠠᠪᠳᠠᠭᠤᠯᠤᠨ | ᠭᠦᠢᠴᠡᠳᠬᠡᠨ᠎ᠡ᠃ | ︵ᠲᠦᠷᠪᠡ︶ ᠲᠥᠷᠥ ᠶᠢᠨ ᠪᠤᠳᠣᠯᠭ᠎ᠠ ᠬᠠᠤᠯᠢ ᠳᠣᠭᠳᠠᠭᠠᠯ ᠤᠨ ᠪᠠᠶᠢᠭᠤᠯᠣᠯ ᠤᠨ ᠥᠭᠡᠷᠡᠴᠢᠯᠡᠯᠲᠡ ᠪᠠ | ᠡᠳ᠋ ᠤᠨ ᠵᠠᠰᠠᠭ ᠮᠥᠩᠭᠦᠨ ᠬᠦᠢᠯᠬᠡᠬᠡᠨ ᠤ ᠰᠠᠯᠠᠭ᠎ᠠ᠃ ᠴᠢᠬᠤᠯᠠ ᠳᠦᠷᠢᠮ ᠪᠠ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃ | ︵ᠲᠠᠪᠤ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠰᠠᠯᠠᠭ᠎ᠠ᠃ | ᠪᠦᠬᠦ ᠠᠶᠢᠮᠠᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ | ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃ | ︵ᠵᠢᠷᠭᠤᠭ᠎ᠠ︶ ᠲᠤᠭᠲᠠᠮᠠᠯ ᠬᠥᠷᠥᠩᠭᠡ ᠶᠢᠨ ᠪᠡᠯᠡ ᠣᠷᠤᠬᠤᠯᠤᠯᠲᠠ ᠶᠢᠨ ᠰᠠᠯᠠᠭ᠎ᠠ᠃ ᠪᠡᠯᠡ ᠣᠷᠣᠭᠤᠯᠵᠤ | ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ | ︵ᠳᠤᠯᠤᠭ᠎ᠠ︶ ᠭᠠᠳᠠᠬᠠᠳᠤ ᠪᠡᠯᠡ ᠶᠢ ᠠᠰᠢᠭᠯᠠᠬᠤ ᠪᠠ ᠤᠷᠤᠨ ᠪᠦᠰᠡ ᠶᠢᠨ ᠨᠡᠭᠡᠭᠡᠯᠲᠡ ᠶᠢ ᠵᠣᠬᠢᠴᠠᠭᠤᠯᠬᠤ | ᠰᠠᠯᠠᠭ᠎ᠠ᠃ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠯᠥᠪᠵᠢᠭᠦᠯᠭᠡ ᠵᠢᠴᠢ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠨᠠᠢᠮᠠ︶ ᠭᠠᠵᠠᠷ ᠣᠷᠤᠨ ᠤ ᠠᠵᠤ ᠠᠬᠤᠢ ᠶᠢᠨ ᠰᠠᠯᠠᠭ᠎ᠠ᠃ ᠪᠥᠬᠦ ᠠᠶᠢᠮᠠᠭ ᠤᠨ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠤᠳᠤᠯᠵᠤ᠂ ᠤᠯᠤᠰ᠂ | ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠲᠥᠯᠥᠪᠵᠢᠭᠦᠯᠭᠡ ᠪᠠ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ︵ᠶᠢᠰᠦ︶ ᠮᠠᠯᠵᠢᠬᠤ ᠲᠠᠷᠢᠶᠠᠯᠠᠬᠤ ᠣᠷᠤᠨ ᠤ ᠠᠵᠤ ᠠᠬᠤᠶ ᠶᠢᠨ ᠰᠠᠯᠠᠭ᠎ᠠ᠃ ᠮᠠᠯᠵᠢᠬᠤ ᠲᠠᠷᠢᠶᠠᠯᠠᠬᠤ | ᠣᠷᠣᠨ ᠤ ᠠᠵᠤ ᠠᠬᠤᠶ ᠪᠠ ᠠᠮᠢ ᠠᠬᠤᠶ ᠶᠢᠨ ᠬᠠᠮᠠᠭᠠᠯᠠᠯᠲᠠ ᠶᠢ ᠪᠦᠲᠦᠭᠡᠨ ᠪᠠᠶᠢᠭᠤᠯᠵᠤ ᠬᠥᠭᠵᠢᠭᠦᠯᠬᠦ | ᠪᠠᠶᠢᠯᠳᠤᠬᠤ ᠪᠣᠳᠣᠯᠭ᠎ᠠ᠂ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ | ︵ᠠᠷᠪᠠ︶ ᠰᠠᠭᠤᠷᠢ ᠠᠵᠤ ᠦᠢᠯᠡᠰ ᠤᠨ ᠰᠠᠯᠠᠭ᠎ᠠ᠃ ᠡᠨᠧᠷᠭᠢ᠂ ᠵᠠᠰᠠᠮᠠᠯ ᠵᠠᠮ᠂ ᠰᠢᠤᠳᠠᠨ ᠤ ᠶᠠᠪᠤᠳᠠᠯ ᠵᠡᠷᠭᠡ | ᠬᠥᠭᠵᠢᠯᠲᠡ ᠶᠢᠨ ᠲᠥᠯᠥᠪᠵᠢᠭᠦᠯᠭᠡ ᠶᠢ ᠪᠦᠬᠦ ᠠᠶᠢᠮᠠᠭ ᠤᠨ ᠬᠥᠭᠵᠢᠯᠲᠡ ᠶᠢᠨ ᠲᠥᠯᠥᠪᠵᠢᠭᠦᠯᠭᠡ ᠯᠦᠭᠡ | ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ | ︵ᠠᠷᠪᠠᠨ ᠨᠢᠭᠡ︶ ᠠᠵᠤ ᠦᠢᠯᠡᠰ ᠤᠨ ᠬᠥᠭᠵᠢᠯᠲᠡ ᠪᠠ ᠳᠡᠭᠡᠳᠦ ᠰᠢᠨ᠎ᠡ ᠮᠡᠷᠭᠡᠵᠢᠯ ᠤᠨ ᠰᠠᠯᠠᠭ᠎ᠠ᠃ | ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ | ︵ᠠᠷᠪᠠᠨ ᠬᠤᠶᠠᠷ︶ ᠨᠡᠶᠢᠭᠡᠮ ᠤᠨ ᠬᠥᠭᠵᠢᠯᠲᠡ ᠶᠢᠨ ᠰᠠᠯᠠᠭ᠎ᠠ᠃ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ | ︵ᠠᠷᠪᠠᠨ ᠭᠤᠷᠪᠠ︶ ᠦᠨ᠎ᠡ ᠬᠠᠩᠰᠢ ᠰᠦᠢᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠃ ᠦᠨ᠎ᠡ | ᠬᠠᠩᠰᠢ ᠶᠢᠨ ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ᠂ ᠦᠨ᠎ᠡ | ᠬᠠᠩᠰᠢ ᠶᠢᠨ ᠲᠣᠬᠢᠷᠠᠭᠤᠯᠤᠯ ᠡᠵᠡᠮᠳᠡᠯ ᠤᠨ ᠬᠠᠷᠠᠯᠲᠠ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ︵ᠠᠷᠪᠠᠨ ᠳᠦᠷᠪᠡ︶ ᠦᠨ᠎ᠡ ᠬᠠᠩᠰᠢ ᠶᠢᠨ ᠥᠪᠡᠷ ᠤᠨ ᠥᠷᠲᠡᠭ ᠢ ᠬᠢᠨᠠᠨ ᠪᠠᠶᠢᠴᠠᠭᠠᠬᠤ ᠰᠠᠯᠠᠭ᠎ᠠ᠃ ᠦᠨ᠎ᠡ | ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠤᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ | ᠪᠣᠯᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠᠨ ᠲᠠᠪᠤ︶ ᠠᠮᠤ ᠪᠣᠳᠠᠭᠠᠨ ᠤ ᠲᠤᠬᠠᠶᠢᠯᠠᠭᠰᠠᠨ ᠠᠵᠢᠯ ᠤᠨ ᠰᠠᠯᠠᠭ᠎ᠠ᠃ ᠪᠦᠬᠦ ᠠᠶᠢᠮᠠᠭ ᠤᠨ ᠠᠮᠤ | ᠪᠤᠳᠠᠭᠠᠨ ᠤ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ ᠪᠦᠬᠦ ᠠᠶᠢᠮᠠᠭ ᠤᠨ ᠨᠥᠭᠡᠴᠡᠯᠡᠬᠦ ᠠᠮᠤ | ᠪᠤᠳᠠᠭ᠎ᠠ ᠲᠣᠰᠣᠨ ᠤ ᠲᠤᠭ᠎ᠠ ᠬᠡᠮᠵᠢᠶ᠎ᠡ᠂ ᠶᠠᠰᠤ ᠴᠢᠨᠠᠷ ᠪᠣᠯᠤᠨ ᠬᠠᠳᠠᠭᠠᠯᠠᠯᠲᠠ ᠶᠢᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠠᠶᠢᠮᠠᠭ ᠤᠨ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠪᠣᠯᠤᠨ | ᠳᠠᠭᠠᠭᠠᠨ ᠬᠠᠳᠠᠭᠠᠯᠠᠬᠤ ᠠᠵᠤ ᠠᠬᠤᠶᠢᠯᠠᠯ ᠤᠨ ᠠᠶᠤᠯ ᠦᠭᠡᠶ ᠨᠥᠭᠡᠴᠡᠯᠡᠬᠦ ᠪᠠ ᠠᠶᠤᠯ ᠦᠭᠡᠶ ᠦᠢᠯᠡᠳᠪᠦᠷᠢᠯᠡᠯ ᠤᠨ | ᠬᠢᠨᠠᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠡᠳ᠋ ᠪᠤᠳᠠᠰ ᠨᠥᠭᠡᠴᠡᠯᠡᠨ ᠡᠵᠡᠮᠳᠡᠬᠦ ᠰᠠᠯᠠᠭ᠎ᠠ᠃ ᠪᠦᠬᠦ ᠠᠶᠢᠮᠠᠭ ᠤᠨ ᠡᠳ᠋ ᠪᠣᠳᠠᠰ | ᠨᠥᠭᠡᠴᠡᠯᠡᠬᠦ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠨ᠎ᠠ᠃ | ︵ᠠᠷᠪᠠᠨ ᠳᠣᠯᠤᠭ᠎ᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ᠃ ᠲᠣᠭᠲᠠᠭᠠᠭᠰᠠᠨ ᠡᠷᠬᠡ ᠮᠡᠳᠡᠯ | ᠪᠠ ᠠᠵᠢᠯ ᠤᠨ ᠬᠤᠪᠢᠶᠠᠷᠢᠯᠠᠯ ᠶᠣᠰᠣᠭᠠᠷ ᠪᠥᠬᠦ ᠠᠶᠢᠮᠠᠭ ᠤᠨ ᠲᠣᠭᠲᠠᠮᠠᠯ ᠬᠥᠷᠥᠩᠭᠡ ᠶᠢᠨ ᠪᠠᠯᠠ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠠᠷᠭᠤᠭᠤᠯᠬᠤ᠂ ᠪᠦᠷᠢᠳᠬᠡᠨ ᠳᠠᠩᠰᠠᠯᠠᠬᠤ ᠠᠵᠢᠯ ᠢ | ᠬᠠᠷᠢᠭᠤᠴᠠᠵᠤ᠂ ᠲᠣᠭᠲᠠᠭᠠᠯ ᠶᠣᠰᠣᠭᠠᠷ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠡᠨᠧᠷᠭᠢ ᠠᠷᠪᠢᠯᠠᠬᠤ ᠶᠢ ᠦᠨᠡᠯᠡᠨ ᠵᠢᠱᠢᠬᠦ ᠶᠢ ᠬᠢᠨᠠᠨ ᠬᠠᠷᠭᠤᠭᠤᠯᠵᠤ᠂ ᠲᠣᠭᠲᠠᠭᠠᠯ ᠶᠣᠰᠣᠭᠠᠷ | ᠳᠠᠭᠠᠭᠠᠴᠢᠯᠠᠯᠲᠠ ᠵᠠᠷᠯᠠᠬᠤ ᠵᠡᠷᠭᠡ ᠵᠦᠢᠯᠡᠰ ᠵᠢᠴᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠢ ᠬᠢᠨᠠᠨ | ᠬᠠᠷᠭᠤᠭᠤᠯᠤᠨ᠎ᠠ᠃ | | | | | ᠪᠠᠶᠢᠭᠤᠯᠭ᠎ᠠ ᠶᠢᠨ ᠰᠦᠯᠵᠢᠶ᠎ᠡ | | |