ᠡᠨᠡ ᠵᠢᠯ ᠮᠠᠨ ᠤ ᠣᠷᠣᠨ 10 ᠲᠠᠯ᠎ᠠ ᠶᠢᠨ ᠠᠵᠢᠯ ᠢ ᠴᠢᠩᠭ᠎ᠠ ᠠᠳᠬᠤᠵᠤ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠯᠣᠨ᠎ᠠ
ᠨᠡᠶᠢᠲᠡᠯᠡᠭᠰᠡᠨ ᠴᠠᠭ᠄
2024/2/28
    ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ  ᠢᠶᠠᠷ᠂ ᠡᠨᠡ ᠵᠢᠯ ᠮᠠᠨ ᠤ ᠣᠷᠣᠨ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠤᠯᠠᠨ ᠲᠦᠮᠡᠨ ᠤ ᠡᠪᠡᠳᠴᠢᠨ ᠢᠶᠠᠨ ᠦᠵᠡᠭᠦᠯᠵᠦ ᠡᠮᠨᠡᠭᠦᠯᠭᠦ ᠣᠷᠴᠢᠨ ᠨᠥᠬᠦᠴᠡᠯ ᠢ ᠰᠠᠶᠢᠵᠢᠷᠠᠭᠤᠯᠬᠤ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠣᠯᠭᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠨ᠂ ᠨᠡᠩ ᠥᠨᠳᠥᠷ ᠲᠦᠪᠰᠢᠨ ᠪᠦᠬᠦᠢ ᠡᠷᠡᠭᠦᠯ ᠡᠩᠬᠡ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠡᠷᠡᠭᠦᠯ ᠡᠩᠬᠡ ᠶᠢᠨ ᠪᠠᠲᠤ ᠰᠠᠭᠤᠷᠢ ᠶᠢ ᠲᠠᠯᠪᠢᠬᠤ ᠪᠣᠯᠣᠨ᠎ᠠ᠃     ᠡᠨᠡ ᠵᠢᠯ ᠪᠦᠭᠦ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠬᠢᠨ 10 ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠠᠳᠬᠤᠬᠤ ᠪᠣᠯᠣᠨ᠎ᠠ᠃ ᠲᠤᠬᠠᠶᠢᠯᠠᠪᠠᠯ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃  ᠴᠢᠨᠠᠷ ᠰᠠᠶᠢᠲᠠᠢ ᠬᠥᠭᠵᠢᠭᠦᠯᠬᠦ ᠶᠢ ᠪᠠᠷᠢᠮᠲᠠᠯᠠᠨ᠂ ᠡᠮ ᠡᠮᠨᠡᠯᠭᠡ  ᠶᠢᠨ ᠦᠢᠯᠡᠴᠢᠯᠡᠭᠡᠨ ᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ ᠰᠢᠨ᠎ᠡ ᠠᠬᠢᠯᠲᠠ ᠲᠠᠢ ᠪᠤᠯᠭᠠᠨ᠎ᠠ᠃ ᠲᠦᠭᠡᠮᠡᠯ ᠬᠠᠷᠠᠭᠠᠯᠵᠠᠬᠤ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠂ ᠬᠥᠮᠥᠨ ᠠᠮᠠ ᠶᠢᠨ ᠬᠥᠭᠵᠢᠯᠲᠡ ᠶᠢᠨ ᠪᠠᠶᠢᠳᠠᠯ ᠢ ᠢᠳᠡᠪᠬᠢᠲᠡᠢ ᠠᠷᠭᠠᠴᠠᠭᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠨ᠂ ᠬᠢᠲᠠᠳ ᠮᠣᠩᠭᠤᠯ ᠡᠮ ᠡᠮᠨᠡᠯᠭᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠠᠯ᠎ᠠ ᠪᠠᠷ ᠰᠢᠨ᠎ᠡ ᠠᠷᠭ᠎ᠠ ᠵᠠᠮ ᠬᠠᠶᠢᠨ᠎ᠠ᠃ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠶᠢ ᠪᠠᠷᠢᠮᠲᠠᠯᠠᠨ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠰᠢᠨ᠎ᠡ ᠪᠠᠶᠢᠳᠠᠯ ᠢ ᠨᠡᠭᠡᠭᠡᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠯᠭᠡᠬᠦ ᠡᠨᠧᠷᠭᠢ ᠨᠡᠮᠡᠷᠢᠯᠡᠬᠦ ᠶᠢ ᠪᠠᠷᠢᠮᠲᠠᠯᠠᠨ᠂  ᠮᠡᠳᠡᠭᠡ ᠵᠠᠩᠭᠢ ᠶᠢᠨ ᠮᠡᠷᠭᠡᠵᠢᠯ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠬᠤ ᠲᠠᠯ᠎ᠠ ᠪᠠᠷ ᠰᠢᠨ᠎ᠡ ᠠᠬᠢᠯᠲᠠ ᠭᠠᠷᠭᠠᠨ᠎ᠠ᠃ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠥᠨᠳᠥᠷ ᠬᠡᠪ ᠪᠣᠯᠪᠠᠰᠤᠷᠠᠯ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠲᠠᠯ᠎ᠠ ᠪᠠᠷ ᠰᠢᠨ᠎ᠡ ᠠᠷᠭ᠎ᠠ ᠬᠡᠮᠵᠢᠶ᠎ᠡ ᠭᠠᠷᠭᠠᠨ᠎ᠠ᠃ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢᠨ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ ᠪᠤᠯᠬᠤ ᠶᠢ ᠪᠡᠶᠡᠯᠡᠭᠦᠯᠦᠨ᠎ᠠ᠃  ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠤ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠬᠦ ᠲᠠᠯ᠎ᠠ ᠪᠠᠷ ᠰᠢᠨ᠎ᠡ ᠠᠮᠵᠢᠯᠲᠠ ᠪᠦᠲᠦᠮᠵᠢ ᠤᠯᠤᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号