ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 1 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ 1 ᠰᠠᠷ᠎ᠠ ᠶᠢᠨ 31 ᠤ ᠦᠳᠡ ᠶᠢᠨ ᠬᠤᠶᠢᠨ᠎ᠠ ᠴᠢᠨᠠᠷ ᠰᠠᠶᠢᠲᠠᠢ ᠬᠥᠭᠵᠢᠯᠲᠡ ᠶᠢ | ᠯᠠᠪᠳᠠᠭᠤᠨ ᠪᠠᠲᠤᠲᠠᠢ ᠠᠬᠢᠭᠤᠯᠬᠤ ᠲᠤᠬᠠᠢ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ᠂ ᠡᠷᠬᠡᠪᠰᠢ ᠴᠢᠨᠠᠷ | ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠭᠡᠳᠡᠭ ᠢ ᠪᠠᠲᠤ ᠴᠡᠭᠡᠵᠢᠯᠡᠵᠦ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠲᠦᠷᠭᠡᠳᠬᠡᠨ ᠪᠠᠶᠢᠭᠤᠯᠬᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ᠂ | ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠬᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ | ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ | ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ᠂ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ | ᠬᠢᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠬᠠᠮᠲᠤ ᠶᠢᠨ ᠰᠤᠷᠤᠯᠴᠠᠯᠭ᠎ᠠ | ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠥᠪᠡᠷ ᠲᠡᠭᠡᠨ | ᠰᠤᠷᠤᠯᠴᠠᠬᠤ ᠶᠢᠨ ᠬᠠᠮᠲᠤ ᠠᠵᠢᠯ ᠤᠨ ᠣᠶᠢᠯᠠᠭᠠᠯᠲᠠ ᠲᠥᠷᠥᠭᠳᠡᠯ ᠢᠶᠠᠨ ᠰᠣᠯᠢᠯᠴᠠᠵᠤ᠂ ᠮᠠ ᠰᠢᠩ ᠷᠦᠢ᠂ ᠾᠧ ᠯᠢ ᠹᠧᠩ | ᠂ ᠵᠠᠩ ᠭᠦᠸᠧ ᠴᠢᠩ᠂ ᠶᠤᠸᠠᠨ ᠵᠢᠶᠠ ᠵᠢᠶᠦ᠋ᠨ ᠨᠥᠬᠦᠷ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠪᠣᠯᠣᠨ | ᠣᠷᠣᠨ ᠨᠤᠲᠤᠭ ᠤᠨ ᠠᠵᠢᠯ ᠲᠠᠢ ᠤᠶᠠᠯᠳᠤᠭᠤᠯᠤᠨ ᠦᠭᠡ ᠬᠡᠯᠡᠵᠦ᠂ ᠯᠢᠦ ᠭᠦᠸᠧ ᠵᠦᠩ᠂ ᠴᠧᠨ ᠮᠢᠨ ᠡᠯ ᠨᠥᠬᠦᠷ | ᠪᠢᠴᠢᠭ ᠤᠨ ᠭᠡᠯᠪᠡᠷᠢ ᠪᠠᠷ ᠦᠭᠡ ᠬᠡᠯᠡᠵᠦ᠂ ᠤᠯᠠᠨ ᠢᠶᠠᠷ ᠢᠶᠠᠨ ᠶᠠᠷᠢᠯᠴᠠᠪᠠ᠃ | ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠠᠴᠠ | ᠨᠠᠭᠠᠰᠢ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ | ᠠᠵᠢᠯᠯᠠᠭ᠎ᠠ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠭᠦᠭ ᠠᠶᠠᠰ ᠪᠣᠯᠪᠠ᠃ ᠣᠶᠢᠷ᠎ᠠ ᠶᠢᠨ | ᠵᠢᠯ ᠠᠴᠠ᠂ ᠮᠠᠨ ᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ ᠦᠯᠡᠮᠵᠢ | ᠦᠷ᠎ᠡ ᠪᠦᠲᠦᠭᠡᠯ ᠣᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠦᠷ᠎ᠡ ᠪᠦᠲᠦᠮᠵᠢ ᠡᠳᠦᠷ | ᠢᠷᠡᠬᠦᠶ᠎ᠡ ᠲᠣᠪᠤᠶᠢᠮ᠎ᠠ ᠪᠤᠯᠪᠠ︔ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠵᠣᠬᠢᠴᠠᠩᠭᠤᠢ ᠴᠢᠨᠠᠷ᠂ | ᠲᠡᠩᠴᠡᠭᠦᠷᠢᠲᠦ ᠴᠢᠨᠠᠷ ᠢᠯᠡᠳᠲᠡ ᠴᠢᠩᠭᠠᠷᠠᠪᠠ︔ ᠥᠭᠡᠷᠡᠴᠢᠯᠡᠯᠲᠡ ᠨᠡᠭᠡᠭᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠥᠭᠵᠢᠨ ᠪᠠᠳᠠᠷᠠᠪᠠ︔ ᠪᠣᠬᠢᠷᠳᠤᠯ ᠦᠭᠡᠢ ᠪᠠᠭ᠎ᠠ | ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ | ᠬᠥᠭᠵᠢᠯᠲᠡ ᠶᠢᠨ ᠭᠡᠯᠪᠡᠷᠢ ᠶᠢ ᠬᠤᠪᠢᠷᠠᠭᠤᠯᠬᠤ ᠠᠯᠬᠤᠴᠠ ᠲᠦᠷᠭᠡᠳᠴᠦ᠂ ᠴᠢᠨᠠᠷ ᠰᠠᠶᠢᠲᠠᠢ ᠬᠥᠭᠵᠢᠯᠲᠡ ᠢᠯᠡᠳᠲᠡ ᠦᠷ᠎ᠡ | ᠪᠦᠲᠦᠮᠵᠢ ᠣᠯᠪᠠ᠃ ᠡᠭᠦᠨ ᠤ ᠵᠡᠷᠭᠡ ᠪᠠᠷ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ | ᠬᠡᠮᠵᠢᠶ᠎ᠡ ᠪᠠᠷ ᠣᠷᠣᠰᠢᠵᠤ ᠪᠠᠶᠢᠨ᠎ᠠ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠶᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ | ᠵᠢᠯᠤᠭᠤᠳᠬᠤ ᠴᠢᠬᠤᠯᠠᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠨᠢᠭᠡᠨᠲᠡ ᠦᠢᠯᠡᠳᠦᠯᠭᠡ ᠶᠢᠨ | ᠳᠤᠮᠳᠠ ᠪᠦᠷᠢᠯᠳᠦᠭᠰᠡᠨ ᠪᠥᠭᠡᠳ ᠴᠢᠨᠠᠷ ᠰᠠᠶᠢᠲᠠᠢ ᠬᠥᠭᠵᠢᠯᠲᠡ ᠳᠤ ᠴᠢᠩᠭ᠎ᠠ ᠬᠦᠴᠦᠲᠡᠢ ᠠᠬᠢᠭᠤᠯᠬᠤ ᠬᠦᠴᠦᠨ᠂ | ᠲᠤᠯᠭᠠᠭᠤᠷᠢᠯᠠᠬᠤ ᠬᠦᠴᠦᠨ ᠢ ᠢᠯᠡᠷᠡᠭᠦᠯᠦᠭᠰᠡᠨ ᠪᠠᠶᠢᠨ᠎ᠠ᠂ ᠪᠢᠳᠡ ᠤᠨᠤᠯ ᠤᠨ ᠲᠠᠯ᠎ᠠ ᠪᠠᠷ ᠳ᠋ᠦᠩᠨᠡᠨ ᠬᠤᠷᠢᠶᠠᠩᠭᠤᠶᠢᠯᠠᠵᠤ | ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠬᠡᠷᠡᠭᠲᠡᠢ᠃ ᠬᠤᠷᠢᠶᠠᠩᠭᠤᠶᠢᠯᠠᠭᠠᠳ ᠬᠡᠯᠡᠪᠡᠯ᠂ ᠰᠢᠨ᠎ᠡ ᠴᠢᠨᠠᠷ | ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠢ ᠦᠵᠡᠭᠦᠯᠵᠦ᠂ | ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠭᠡᠯᠪᠡᠷᠢ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ | ᠵᠠᠮ ᠠᠴᠠ ᠮᠤᠯᠲᠤᠷᠠᠵᠤ᠂ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠂ ᠴᠢᠨᠠᠷ | ᠰᠠᠶᠢᠲᠠᠢ ᠪᠠᠶᠢᠬᠤ ᠣᠨᠴᠠᠯᠢᠭ ᠲᠠᠢ ᠪᠠᠶᠢᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠤ ᠭᠡᠯᠪᠡᠷᠢ ᠪᠠᠶᠢᠳᠠᠯ ᠪᠣᠯᠣᠨ᠎ᠠ᠃ ᠲᠡᠷᠡ ᠨᠢ ᠮᠡᠷᠭᠡᠵᠢᠯ ᠤᠨ ᠲᠠᠯ᠎ᠠ ᠪᠠᠷ ᠬᠤᠪᠢᠰᠬᠠᠯ ᠤᠨ | ᠴᠢᠨᠠᠷᠲᠠᠢ ᠰᠢᠪᠲᠤᠯᠤᠯᠲᠠ ᠭᠠᠷᠭᠠᠬᠤ᠂ ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠬᠤ᠂ | ᠠᠵᠤ ᠦᠢᠯᠡᠰ ᠢ ᠭᠦᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤᠮᠳᠠ ᠪᠤᠢ ᠪᠣᠯᠵᠤ᠂ | ᠬᠥᠳᠡᠯᠮᠦᠷᠢᠯᠡᠭᠴᠢ᠂ ᠭᠦᠳᠡᠯᠮᠦᠷᠢ ᠶᠢᠨ ᠮᠠᠲ᠋ᠧᠷᠢᠶᠠᠯ᠂ ᠭᠦᠳᠡᠯᠮᠦᠷᠢ ᠶᠢᠨ ᠡᠲᠡᠭᠡᠳ ᠵᠢᠴᠢ ᠡᠳᠡᠭᠡᠷ ᠢ ᠰᠢᠯᠢᠳᠡᠭᠵᠢᠭᠦᠯᠦᠨ | ᠨᠡᠶᠢᠯᠡᠭᠦᠯᠵᠦ ᠦᠰᠦᠷᠦᠯᠲᠡ ᠭᠠᠷᠭᠠᠬᠤ ᠪᠠᠷ ᠦᠨᠳᠦᠰᠦᠨ ᠠᠭᠤᠯᠤᠭᠳᠠᠬᠤᠨ ᠢᠶᠠᠨ ᠪᠤᠯᠭᠠᠵᠤ᠂ ᠪᠦᠭᠦ ᠡᠯᠧᠮᠧᠨ᠋ᠲ ᠤᠨ | ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ᠂ ᠰᠢᠨ᠎ᠡ ᠶᠢ | ᠡᠭᠦᠳᠬᠦ ᠪᠠᠷ ᠣᠨᠴᠠᠯᠢᠭ ᠪᠤᠯᠭᠠᠵᠤ᠂ ᠴᠢᠨᠠᠷᠯᠢᠭ ᠪᠠᠶᠢᠬᠤ ᠪᠠᠷ ᠵᠠᠩᠭᠢᠯᠠᠭ᠎ᠠ ᠪᠤᠯᠭᠠᠵᠤ᠂ ᠮᠥᠨ ᠴᠢᠨᠠᠷ ᠨᠢ ᠲᠡᠷᠢᠭᠦᠨ ᠤ | ᠦᠢᠯᠡᠳᠪᠦᠷᠢᠯᠡᠯ ᠤᠨ ᠬᠦᠴᠦᠨ ᠪᠣᠯᠣᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠰᠢᠨ᠎ᠡ ᠠᠵᠤ ᠦᠢᠯᠡᠰ᠂ | ᠰᠢᠨ᠎ᠡ ᠵᠠᠭᠪᠤᠷ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠭᠤᠣᠯ ᠡᠯᠧᠮᠧᠨ᠋ᠲ ᠪᠣᠯᠣᠨ᠎ᠠ᠃ ᠡᠷᠬᠡᠪᠰᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠲᠦᠷᠭᠡᠳᠬᠡᠨ ᠪᠡᠶᠡᠯᠡᠭᠦᠯᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠩᠬᠠᠨ ᠤ | ᠡᠭᠦᠳᠦᠯᠲᠡ ᠶᠢᠨ ᠴᠢᠨᠠᠷᠲᠠᠢ᠂ ᠳᠣᠩᠰᠣᠯᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ | ᠡᠭᠦᠳᠦᠭᠰᠡᠨ ᠦᠷ᠎ᠡ ᠪᠦᠲᠦᠭᠡᠯ ᠢ ᠥᠷᠢᠰᠦᠯᠳᠦᠭᠦᠯᠦᠨ ᠴᠣᠯᠭᠤᠷᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ | ᠬᠦᠴᠦᠨ ᠢ ᠬᠥᠭᠵᠢᠭᠦᠯᠬᠦ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠠᠭ | ᠲᠤᠬᠠᠢ ᠳᠤᠨᠢ ᠪᠣᠳᠠᠲᠠᠢ ᠠᠵᠤ ᠦᠢᠯᠡᠰ ᠪᠣᠯᠣᠨ ᠠᠵᠤ ᠦᠢᠯᠡᠰ ᠤᠨ ᠬᠡᠯᠬᠢᠶ᠎ᠡ ᠳᠤ ᠬᠡᠷᠡᠭᠯᠡᠵᠦ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ | ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ | ᠲᠣᠭᠤᠷᠢᠨ ᠳᠤ ᠠᠵᠤ ᠦᠢᠯᠡᠰ ᠤᠨ ᠬᠡᠯᠬᠢᠶ᠎ᠡ ᠶᠢ ᠪᠠᠶᠢᠷᠢᠰᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠤᠶᠠᠨ ᠬᠠᠳᠠᠨ ᠴᠢᠨᠠᠷ ᠪᠣᠯᠣᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠤ | ᠦᠢᠯᠡᠰ ᠤᠨ ᠰᠢᠰᠲ᠋ᠧᠮ ᠤᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ᠂ ᠠᠮᠤᠷ ᠲᠦᠪᠰᠢᠨ ᠨᠠᠶᠢᠳᠠᠪᠤᠷᠢᠲᠠᠢ ᠰᠢᠨ᠎ᠡ | ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ ᠪᠠ ᠦᠢᠯᠡᠳᠬᠦ ᠦᠢᠯᠡᠰ ᠤᠨ ᠬᠦᠴᠦᠷᠬᠡᠭ ᠤᠯᠤᠰ᠂ ᠶᠠᠰᠤ | ᠴᠢᠨᠠᠷ ᠤᠨ ᠬᠦᠴᠦᠷᠬᠡᠭ ᠤᠯᠤᠰ᠂ ᠰᠦᠯᠵᠢᠶᠡᠨ ᠤ ᠬᠦᠴᠦᠷᠬᠡᠭ ᠤᠯᠤᠰ᠂ ᠲᠣᠭᠠᠴᠢᠯᠠᠭᠰᠠᠨ ᠳᠤᠮᠳᠠᠳᠤ ᠤᠯᠤᠰ ᠪᠠ | ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠵᠡᠷᠭᠡ ᠪᠠᠶᠢᠯᠳᠤᠬᠤ | ᠪᠣᠳᠣᠯᠭ᠎ᠠ ᠶᠢᠨ ᠡᠭᠦᠷᠭᠡ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ | ᠠᠵᠤ ᠦᠢᠯᠡᠰ ᠤᠨ ᠰᠢᠨ᠎ᠡ ᠶᠢ ᠡᠭᠦᠳᠬᠦ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠬᠤ ᠬᠡᠷᠡᠭᠲᠡᠢ᠃ ᠲᠣᠭᠠᠴᠢᠯᠠᠭᠰᠠᠨ | ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ | ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠳᠡᠯᠡᠬᠡᠢ ᠳᠤ ᠥᠷᠢᠰᠦᠯᠳᠦᠬᠦ ᠬᠦᠴᠦᠨ ᠲᠠᠢ ᠲᠣᠭᠠᠴᠢᠯᠠᠭᠰᠠᠨ ᠠᠵᠤ | ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠣᠰ ᠪᠡᠶ᠎ᠡ ᠨᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ | ᠮᠥᠨ᠃ ᠡᠷᠬᠡᠪᠰᠢ ᠬᠥᠭᠵᠢᠯᠲᠡ ᠶᠢᠨ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠶᠢ ᠤᠷᠢᠳ ᠢᠶᠠᠷ | ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠬᠤ ᠬᠡᠷᠡᠭᠲᠡᠢ᠃ ᠪᠣᠬᠢᠷᠳᠤᠯ ᠦᠭᠡᠢ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠳᠤᠯ ᠦᠭᠡᠢ ᠦᠢᠯᠡᠳᠬᠦ ᠦᠢᠯᠡᠰ ᠢ ᠬᠦᠴᠦᠷᠬᠡᠭᠵᠢᠭᠦᠯᠦᠨ᠂ ᠪᠣᠬᠢᠷᠳᠤᠯ | ᠦᠭᠡᠢ ᠦᠢᠯᠡᠴᠢᠯᠡᠭᠡᠨ ᠤ ᠦᠢᠯᠡᠰ ᠢ ᠬᠥᠭᠵᠢᠭᠦᠯᠵᠦ᠂ ᠪᠣᠬᠢᠷᠳᠤᠯ ᠦᠭᠡᠢ ᠡᠨᠧᠷᠭᠢ ᠶᠢᠨ ᠠᠵᠤ ᠦᠢᠯᠡᠰ ᠢ | ᠪᠤᠵᠠᠭᠠᠶᠢᠷᠠᠭᠤᠯᠤᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶ᠎ᠡ ᠶᠢ | ᠬᠥᠭᠵᠢᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠠᠵᠤ ᠠᠬᠤᠢ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠳᠡᠮᠵᠢᠬᠦ ᠠᠵᠤ ᠠᠬᠤᠢ ᠶᠢᠨ | ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠦᠷᠭᠦᠯᠵᠢᠯᠡᠨ ᠰᠢᠯᠢᠳᠡᠭᠵᠢᠭᠦᠯᠵᠦ᠂ ᠪᠣᠬᠢᠷᠳᠤᠯ ᠦᠭᠡᠢ ᠮᠥᠩᠭᠦᠨ | ᠭᠦᠢᠯᠭᠡᠭᠡᠨ ᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠥᠨᠳᠥᠷ ᠪᠦᠲᠦᠮᠵᠢᠲᠡᠶ ᠠᠮᠢ ᠠᠬᠤᠢ ᠶᠢᠨ | ᠪᠣᠬᠢᠷᠳᠤᠯ ᠦᠭᠡᠢ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠬᠤ ᠬᠡᠷᠡᠭᠲᠡᠢ᠃ ᠡᠭᠦᠨ ᠤ ᠵᠡᠷᠭᠡ ᠪᠠᠷ᠂ ᠨᠡᠶᠢᠭᠡᠮ | ᠳᠠᠶᠠᠭᠠᠷ ᠲᠤ ᠪᠣᠬᠢᠷᠳᠤᠯ ᠦᠭᠡᠢ ᠡᠷᠡᠭᠦᠯ ᠰᠠᠷᠠᠭᠤᠯ ᠠᠮᠢᠳᠤᠷᠠᠯ ᠤᠨ ᠭᠡᠯᠪᠡᠷᠢ ᠶᠢ ᠶᠡᠭᠡ ᠪᠠᠷ ᠰᠠᠨᠠᠭᠠᠴᠢᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠦᠢᠯᠡᠳᠪᠦᠷᠢᠯᠡᠯ ᠤᠨ ᠬᠠᠷᠢᠴᠠᠭ᠎ᠠ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ | ᠱᠠᠭᠠᠷᠳᠠᠯᠭ᠎ᠠ ᠳᠤ ᠵᠣᠬᠢᠴᠠᠬᠤ ᠬᠡᠷᠡᠭᠲᠡᠢ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ | ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠲᠡᠭᠦᠨ ᠲᠠᠢ ᠵᠣᠬᠢᠴᠠᠯᠳᠤᠭᠰᠠᠨ ᠰᠢᠨ᠎ᠡ | ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ᠃ ᠠᠵᠤ ᠠᠬᠤᠢ ᠶᠢᠨ ᠪᠠᠶᠢᠭᠤᠯᠤᠮᠵᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ | ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠲᠦᠭᠵᠢᠷᠡᠯ ᠴᠡᠭ ᠬᠤᠷᠢᠭ᠎ᠠ | ᠴᠡᠭ ᠢ ᠬᠦᠴᠦᠯᠡᠨ ᠨᠠᠪᠲᠠᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠵᠤ᠂ | ᠦᠢᠯᠡᠳᠪᠦᠷᠢᠯᠡᠯ ᠤᠨ ᠡᠯᠧᠮᠧᠨ᠋ᠲ ᠢ ᠲᠣᠬᠢᠷᠠᠭᠤᠯᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ | ᠲᠡᠷᠢᠭᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠡᠯᠧᠮᠧᠨ᠋ᠲ ᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ ᠲᠡᠶᠢᠰᠢ ᠤᠷᠤᠭᠰᠢᠲᠠᠢ ᠰᠢᠯᠵᠢᠭᠦᠯᠬᠦ ᠬᠡᠷᠡᠭᠲᠡᠢ᠃ ᠡᠭᠦᠨ ᠤ ᠬᠠᠮᠲᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠰᠠᠶᠢᠨ ᠰᠠᠶᠢᠬᠠᠨ | ᠤᠯᠠᠨ ᠤᠯᠤᠰ ᠤᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠰᠠᠶᠢᠨ ᠰᠠᠶᠢᠬᠠᠨ ᠡᠷᠭᠢᠯᠲᠡ ᠶᠢ | ᠰᠢᠯᠤᠭᠤᠳᠬᠠᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ᠂ ᠬᠡᠷᠡᠭᠯᠡᠬᠦ᠂ ᠵᠣᠬᠢᠰᠲᠠᠢ ᠰᠢᠯᠵᠢᠭᠦᠯᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ | ᠰᠢᠨ᠎ᠡ ᠬᠠᠨᠳᠤᠰᠢ ᠶᠢ ᠦᠨᠳᠦᠰᠦᠯᠡᠨ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠷᠢᠯᠠᠭᠤᠯᠤᠯᠲᠠ᠂ | ᠴᠢᠳᠠᠪᠤᠷᠢᠲᠠᠨ ᠢ ᠬᠥᠮᠥᠵᠢᠭᠦᠯᠬᠦ ᠵᠠᠭᠪᠤᠷ ᠢ ᠰᠢᠯᠢᠳᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠴᠢᠮ ᠬᠡᠷᠡᠭᠰᠡᠬᠦ ᠴᠢᠳᠠᠪᠤᠷᠢᠲᠠᠨ ᠢ ᠬᠥᠮᠥᠵᠢᠭᠦᠯᠬᠦ | ᠬᠡᠷᠡᠭᠲᠡᠢ᠃ ᠴᠢᠬᠤᠯᠠ ᠡᠯᠧᠮᠧᠨ᠋ᠲ ᠤᠨ ᠣᠷᠣᠯᠭ᠎ᠠ ᠶᠢᠨ ᠬᠤᠪᠢᠶᠠᠷᠢᠯᠠᠯᠲᠠ ᠳᠤ ᠣᠷᠤᠯᠴᠠᠬᠤ ᠲᠣᠭᠲᠠᠴᠠ ᠶᠢ ᠪᠦᠷᠢᠨᠰᠢᠭᠦᠯᠵᠦ᠂ | ᠭᠦᠳᠡᠯᠮᠦᠷᠢ᠂ ᠮᠡᠳᠡᠯᠭᠡ᠂ ᠮᠡᠷᠭᠡᠵᠢᠯ᠂ ᠬᠠᠮᠢᠶᠠᠷᠤᠯᠲᠠ᠂ ᠬᠥᠷᠥᠩᠭᠡ ᠪᠣᠯᠣᠨ ᠳ᠋ᠠᠶᠢᠲ᠋ᠠ ᠵᠡᠷᠭᠡ ᠦᠢᠯᠡᠳᠪᠦᠷᠢᠯᠡᠯ ᠤᠨ ᠴᠢᠬᠤᠯᠠ | ᠡᠯᠧᠮᠧᠨ᠋ᠲ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠮᠡᠳᠡᠯᠭᠡ᠂ ᠮᠡᠷᠭᠡᠵᠢᠯ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ | ᠦᠷᠳᠡᠭ ᠢ ᠨᠡᠩ ᠰᠠᠶᠢᠲᠤᠷ ᠢᠯᠡᠷᠡᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠬᠤ᠂ ᠢᠯᠠᠭᠳᠠᠬᠤ ᠶᠢ ᠪᠠᠭᠲᠠᠭᠠᠨ | ᠠᠭᠤᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ |