ᠠᠯᠠᠱᠠ ᠠᠶᠢᠮᠠᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠰᠠᠨᠠᠯ ︵2023 — 2025 ᠣᠨ︶
ᠨᠡᠶᠢᠲᠡᠯᠡᠭᠰᠡᠨ ᠴᠠᠭ᠄
2024/2/8
    ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇2023﹈ 16 ᠳ᠋ᠣᠭᠠᠷ ᠲᠣᠭᠠᠲᠤ︶᠂ ︽︿ᠣᠯᠣᠰ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠷᠢᠯᠠᠭᠤᠯᠬᠤ ᠳᠦᠯᠦᠪᠵᠢᠬᠦᠯᠬᠡ ︵2023—2030︶﹀ ᠶᠢ ᠳᠠᠷᠣᠮᠠᠯᠯᠠᠨ ᠳᠠᠷᠬᠠᠭᠠᠬᠤ ᠳᠣᠬᠠᠢ ᠳᠣᠮᠳᠠᠳᠣ ᠣᠯᠣᠰ ᠤᠨ ᠡᠪ ᠬᠠᠮᠳᠣ ᠨᠠᠮ ᠤᠨ ᠳᠦᠪ ᠬᠤᠷᠢᠶᠠᠨ  ᠤ ᠠᠯᠪᠠᠨ ᠳᠢᠩᠬᠢᠮ ᠳᠦᠷᠦ ᠶᠢᠨ ᠶᠠᠪᠣᠳᠠᠯ ᠤᠨ ᠬᠤᠷᠢᠶᠠᠨ ᠤ ᠠᠯᠪᠠᠨ ᠳᠢᠩᠬᠢᠮ ᠤᠨ ᠮᠡᠳᠡᠭᠳᠡᠯ︾ ︵ᠳᠦᠪ ᠠᠯᠪᠠᠨ ᠳᠠᠷᠬᠠᠭᠠᠭᠰᠠᠨ ﹇2023﹈ 40 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽︿ᠰᠢᠨ᠎ᠡ ᠡᠨᠧᠷᠭᠢ ᠶᠢ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 69 ᠳ᠋ᠦ᠋ᠭᠡᠷ ᠲᠣᠭᠠᠲᠤ︶᠂ ︽︿ᠦᠪᠡᠷᠳᠡᠭᠡᠨ ᠵᠠᠰᠠᠬᠤ ᠣᠷᠣᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠵᠢᠯᠯᠠᠭᠠᠨ ᠤ ᠬᠡᠷᠡᠭᠵᠢᠬᠦᠯᠬᠦ ᠳᠦᠰᠦᠯ﹀ ᠢ ᠳᠠᠷᠣᠮᠠᠯᠯᠠᠨ ᠳᠠᠷᠬᠠᠭᠠᠬᠤ ᠳᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ  ᠤ ᠠᠷᠠᠳ ᠤᠨ ᠵᠠᠰᠠᠭ ᠤᠨ ᠣᠷᠳᠣᠨ ᠤ ᠠᠯᠪᠠᠨ ᠳᠢᠩᠬᠢᠮ ᠤᠨ ᠮᠡᠳᠡᠭᠳᠡᠯ︾ ︵ᠦᠪᠦᠷ ᠵᠠᠰᠠᠭ ᠠᠯᠪᠠᠨ ᠳᠠᠷᠬᠠᠭᠠᠭᠰᠠᠨ ﹇2023﹈ 70 ᠳ᠋ᠣᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ︽ᠬᠤᠶᠠᠷ ᠢ ᠣᠷᠢᠳᠴᠢᠯᠠᠨ ᠪᠡᠶᠡᠯᠡᠬᠦᠯᠬᠦ︾᠂ ︽ᠬᠤᠶᠠᠷ ᠢ ᠳᠠᠪᠠᠭᠤᠯᠬᠤ︾ ᠬᠦᠭᠵᠢᠯᠳᠡ ᠶᠢᠨ ᠬᠠᠷᠠᠯᠳᠠ ᠳᠤ ᠴᠢᠭᠯᠡᠨ᠂ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠡᠬᠢ ᠪᠠᠶᠠᠯᠢᠭ ᠢ ᠵᠦᠶ ᠵᠣᠬᠢᠰᠲᠠᠶ ᠡᠮᠬᠢ ᠵᠢᠷᠤᠮ ᠲᠠᠢ ᠪᠠᠷ ᠨᠡᠭᠡᠭᠡᠨ ᠬᠥᠭᠵᠢᠭᠦᠯᠵᠦ ᠪᠠᠶᠢᠷᠢᠰᠢᠭᠤᠯᠤᠨ᠂ ᠰᠢᠨ᠎ᠡ ᠡᠨᠧᠷᠬᠢ ᠶᠢᠨ ᠠᠵᠦ ᠦᠢᠯᠡᠰ ᠤᠨ ᠬᠦᠭᠵᠢᠯᠳᠡ ᠶᠢ ᠠᠬᠢᠭᠤᠯᠣᠨ᠂ ᠪᠣᠬᠢᠷᠳᠣᠯ ᠦᠬᠡᠢ᠂ ᠨᠡᠭᠦᠷᠡᠰᠦᠲᠥ᠋ᠷᠥᠭᠴᠢ ᠪᠠᠭ᠎ᠠ᠂ ᠴᠡᠪᠡᠷ ᠣᠶᠤᠨᠴᠢ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠬᠡᠨ ᠪᠠᠶᠢᠭᠤᠯᠵᠤ᠂ ᠠᠮᠤᠷ ᠲᠦᠪᠰᠢᠨ ᠥᠨᠳᠥᠷ ᠪᠦᠲᠦᠮᠵᠢᠲᠡᠶ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠠᠯᠠᠱᠠ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠤᠷᠠᠬᠢ ᠮᠡᠲᠦ ᠵᠢᠯᠣᠭᠤᠳᠬᠤ ᠰᠠᠨᠠᠯ ᠢ ᠲᠣᠭᠲᠠᠭᠠᠪᠠ᠃    ᠨᠢᠭᠡ᠂ ᠶᠡᠷᠦᠩᠬᠡᠢ ᠱᠠᠭᠠᠷᠳᠠᠯᠭ᠎ᠠ    ︵ᠨᠢᠭᠡ︶ ᠵᠢᠯᠤᠭᠤᠳᠬᠤ ᠦᠵᠡᠯ ᠰᠠᠨᠠᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠵᠦ᠂ ︽ᠰᠢᠨ᠎ᠡ ᠡᠨᠧᠷᠭᠢ ᠪᠠᠷ ᠰᠢᠨ᠎ᠡ ᠠᠵᠤ ᠦᠢᠯᠡᠳᠪᠦᠷᠢ ᠶᠢ ᠳᠠᠶᠢᠴᠢᠯᠠᠬᠤ᠂ ᠰᠢᠨ᠎ᠡ ᠡᠨᠧᠷᠭᠢ ᠶᠢᠨ ᠬᠦᠷᠢᠶᠡᠨ ᠳᠤ ᠠᠵᠤ ᠦᠢᠯᠡᠳᠪᠦᠷᠢᠵᠢᠭᠰᠡᠨ ᠥᠪᠥᠷ ᠮᠣᠩᠭᠤᠯ ᠢ ᠴᠣᠭᠴᠠᠯᠠᠬᠤ︾ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠲᠦᠷᠦ ᠶᠢᠨ ᠪᠤᠳᠤᠯᠭ᠎ᠠ ᠳᠠᠪᠬᠤᠴᠠᠬᠤ᠂ ᠡᠬᠢ ᠪᠠᠶᠠᠯᠢᠭ ᠡᠯᠪᠡᠭ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ᠂ ᠴᠠᠬᠢᠯᠭᠠᠨ ᠬᠦᠴᠦᠨ ᠳᠠᠮᠵᠢᠭᠤᠯᠬᠤ ᠵᠠᠢ᠂ ᠣᠷᠣᠨ ᠪᠦᠰᠡ ᠶᠢᠨ ᠬᠠᠮᠲᠤᠷᠠᠯᠴᠠᠭ᠎ᠠ᠂ ᠠᠮᠢ ᠠᠬᠤᠢ ᠶᠢᠨ ᠦᠷ᠎ᠡ ᠠᠰᠢᠭ ︽ᠵᠢᠷᠭᠤᠭᠠᠨ ᠶᠡᠭᠡ ᠳᠠᠪᠠᠭᠤᠯᠢᠭ︾ ᠢ ᠪᠠᠷᠢᠮᠲᠠᠯᠠᠵᠤ᠂ ︽ᠲᠤᠮᠤ ᠰᠠᠭᠤᠷᠢᠨ ᠢ ᠪᠦᠳᠦᠭᠡᠨ ᠪᠠᠶᠢᠭᠤᠯᠬᠤ᠂ ᠲᠤᠮᠤ ᠠᠵᠤ ᠦᠢᠯᠡᠰ ᠢ ᠪᠤᠶᠢᠵᠢᠭᠤᠯᠬᠤ᠂ ᠶᠡᠭᠡ ᠬᠥᠭᠵᠢᠯᠲᠡ ᠶᠢ ᠠᠬᠢᠭᠤᠯᠬᠤ︾ ᠬᠠᠷᠠᠯᠲᠠ ᠶᠢ ᠪᠠᠷᠢᠮᠲᠠᠯᠠᠵᠤ᠂ ᠠᠮᠢ ᠠᠬᠤᠢ ᠶᠢ ᠣᠷᠢᠳᠡᠪᠡᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠪᠦᠬᠦ ᠤᠯᠤᠰ ᠤᠨ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠠᠶᠢᠭᠤᠯᠬᠤ ᠳᠤ ᠪᠦᠬᠦ ᠬᠦᠴᠦᠨ ᠢᠶᠠᠷ ᠢᠶᠠᠨ ᠦᠢᠯᠡᠴᠢᠯᠡᠵᠦ᠂ ᠪᠦᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠤᠮᠤ ᠰᠠᠭᠤᠷᠢᠨ ᠢ ᠴᠢᠷᠮᠠᠶᠢᠨ ᠪᠠᠶᠢᠭᠤᠯᠤᠨ᠎ᠠ᠃ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠪᠠᠷ ᠳᠠᠮᠵᠢᠭᠤᠯᠤᠨ᠂ ᠠᠵᠤ ᠦᠢᠯᠡᠰ ᠤᠨ ᠰᠢᠰᠲ᠋ᠧᠮ ᠤᠨ ᠪᠦᠲᠦᠴᠡ ᠶᠢ ᠰᠢᠯᠢᠳᠡᠭᠵᠢᠭᠦᠯᠬᠦ ᠪᠠ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠬᠤ ᠶᠢ ᠬᠥᠲᠥᠯᠥᠨ ᠳᠠᠭᠠᠭᠤᠯᠤᠨ᠎ᠠ᠃ ︽ᠭᠤᠷᠪᠠᠨ ᠤᠮᠠᠷᠠᠲᠤ︾ ᠶᠢᠨ ᠭᠤᠤᠯᠳᠠᠯᠭ᠎ᠠ ᠲᠠᠢ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠨ᠂ ᠰᠢᠨ᠎ᠡ ᠡᠨᠧᠷᠭᠢ ᠶᠢᠨ ᠠᠵᠤ ᠦᠢᠯᠡᠰ ᠬᠢᠭᠡᠳ ᠲᠠᠷᠢᠶᠠᠯᠠᠩ ᠮᠠᠯ ᠠᠵᠤ ᠠᠬᠤᠶ᠂ ᠬᠢᠮᠢ ᠶᠢᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ ᠤᠨ ᠲᠦᠷᠭᠡᠨ ᠠᠭᠤᠰᠤᠯᠴᠠᠬᠤ᠂ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠰᠢᠨ᠎ᠡ ᠡᠨᠧᠷᠭᠢ ᠶᠢ ᠬᠡᠪᠴᠢᠶᠡᠵᠢᠭᠦᠯᠦᠨ ᠨᠡᠭᠡᠭᠡᠨ ᠬᠥᠭᠵᠢᠭᠦᠯᠬᠦ ᠪᠠ ᠠᠮᠢ ᠠᠬᠤᠶ ᠶᠢᠨ ᠵᠠᠰᠠᠯᠲᠠ ᠶᠢᠨ ᠣᠯᠠᠨ ᠡᠰᠢᠵᠢᠨ ᠠᠭᠤᠰᠤᠯᠴᠠᠨ ᠬᠥᠭᠵᠢᠬᠦ ᠰᠢᠨ᠎ᠡ ᠪᠠᠶᠢᠳᠠᠯ ᠢ ᠲᠦᠷᠬᠡᠨ ᠪᠣᠶ ᠪᠣᠯᠭᠠᠵᠤ᠂ ᠬᠠᠲᠤᠨ ᠭᠤᠤᠯ ᠤᠨ ︽ᠳᠣᠬᠤᠢ ᠶᠢᠨ ᠬᠡᠰᠡᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠾᠧ ᠰᠢ ᠶᠢᠨ ᠬᠤᠩᠭᠢᠯ ᠤᠨ ᠡᠯᠡᠰᠦᠨ ᠴᠥᠯ ᠨᠡᠶᠢᠯᠡᠬᠦ ᠶᠢ ᠬᠤᠷᠢᠭᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠡᠪᠡᠷ ᠡᠨᠧᠷᠭᠢ ᠪᠠᠷ ᠠᠯᠠᠱᠠ ᠶᠢᠨ ᠣᠨᠴᠠᠯᠢᠭ ᠲᠠᠢ ᠴᠡᠪᠡᠷ ᠡᠨᠧᠷᠭᠢ ᠶᠢᠨ ᠬᠥᠭᠵᠢᠯᠲᠡ ᠶᠢᠨ ᠵᠠᠭᠪᠤᠷ ᠪᠠ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃    ︵ᠬᠤᠶᠠᠷ︶ ᠦᠨᠳᠦᠰᠦᠨ ᠵᠠᠷᠴᠢᠮ    1. ᠨᠢᠭᠡᠳᠦᠯᠲᠡᠶ ᠲᠥᠯᠥᠪᠯᠡᠵᠦ᠂ ᠬᠠᠮᠵᠢᠯᠴᠠᠨ ᠬᠥᠭᠵᠢᠭᠦᠯᠦᠨ᠎ᠡ᠃ ᠴᠠᠬᠢᠯᠭᠠᠨ ᠡᠭᠦᠰᠭᠡᠭᠴᠢ ᠶᠢ ᠭᠠᠳᠠᠭᠰᠢ ᠭᠠᠷᠭᠠᠬᠤ᠂ ᠴᠠᠬᠢᠯᠭᠠᠨ ᠲᠣᠣᠷ ᠤᠨ ᠪᠦᠷᠢᠯᠳᠦᠴᠡ ᠶᠢᠨ ᠪᠦᠲᠦᠴᠡ᠂ ᠣᠯᠠᠨ ᠵᠦᠢᠯ ᠤᠨ ᠲᠣᠬᠢᠷᠠᠭᠤᠯᠬᠤ ᠴᠢᠨᠠᠷᠲᠠᠢ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ ᠴᠡᠪᠡᠷ ᠡᠨᠧᠷᠭᠢ ᠶᠢᠨ ᠰᠠᠭᠤᠷᠢᠨ ᠭᠠᠵᠠᠷ ᠢ ᠨᠡᠭᠡᠭᠡᠨ ᠬᠥᠭᠵᠢᠭᠦᠯᠬᠦ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠰᠢᠭᠯᠠᠬᠤ ᠪᠠ ᠬᠦᠴᠦᠨ ᠵᠦᠢᠯ ᠢ ᠰᠢᠯᠢᠳᠡᠭᠵᠢᠭᠦᠯᠦᠨ ᠵᠣᠬᠢᠶᠠᠨ ᠪᠠᠶᠢᠭᠤᠯᠬᠤ ᠶᠢ ᠪᠠᠷᠢᠮᠲᠠᠯᠠᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠪᠠ ᠲᠣᠰ ᠭᠠᠵᠠᠷ ᠤᠨ ᠪᠠᠭᠲᠠᠭᠠᠨ ᠰᠢᠩᠭᠡᠭᠡᠬᠦ ᠶᠢ ᠨᠢᠭᠡᠳᠦᠯᠲᠡᠶ ᠲᠥᠯᠥᠪᠯᠡᠨ᠂ ᠴᠡᠪᠡᠷ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠥᠨᠳᠥᠷ ᠪᠦᠲᠦᠮᠵᠢᠲᠡᠶ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃    2. ᠳᠦᠪᠯᠡᠷᠡᠬᠦᠯᠦᠨ ᠥᠨᠳᠥᠷ ᠦᠷ᠎ᠡ ᠪᠦᠲᠦᠮᠵᠢᠲᠡᠶ ᠪᠠᠶᠢᠯᠭᠠᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠨ᠎ᠠ᠃ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠭᠤᠯᠤᠨ ᠠᠬᠢᠭᠤᠯᠬᠤ ᠶᠢ ᠪᠠᠷᠢᠮᠲᠠᠯᠠᠵᠤ᠂ ᠴᠡᠪᠡᠷ ᠴᠠᠬᠢᠯᠭᠠᠨ ᠬᠦᠴᠦᠨ ᠤ ᠬᠠᠩᠭᠠᠯᠭ᠎ᠠ ᠶᠢ ᠰᠢᠩᠭᠡᠭᠡᠬᠦ ᠴᠢᠳᠠᠪᠤᠷᠢ ᠶᠢ ᠴᠢᠩᠭᠠᠳᠬᠠᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠣᠰᠣ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠯᠠᠮᠵᠢᠯᠠᠯᠲᠤ ᠠᠵᠤ ᠦᠢᠯᠡᠰ ᠤᠨ ᠴᠡᠪᠡᠷ ᠲᠡᠰᠢ ᠬᠡᠯᠪᠡᠷᠢ ᠪᠠᠨ ᠬᠤᠪᠢᠷᠠᠭᠤᠯᠬᠤ ᠶᠢ ᠭᠦᠨᠵᠡᠭᠡᠢ ᠠᠬᠢᠭᠤᠯᠵᠤ᠂ ᠴᠡᠪᠡᠷ ᠡᠨᠧᠷᠭᠢ ᠶᠢᠨ ᠬᠡᠪᠴᠢᠶ᠎ᠡ ᠪᠣᠯᠤᠨ  ᠴᠡᠪᠡᠷ ᠴᠠᠬᠢᠯᠭᠠᠨ ᠤ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ ᠲᠡᠷᠢᠭᠦᠨ ᠤ ᠡᠨᠧᠷᠬᠢ ᠶᠡᠭᠡ ᠵᠠᠷᠣᠴᠠᠭᠤᠯᠬᠤ ᠠᠵᠤ ᠦᠢᠯᠡᠰ ᠤᠨ ︽ᠪᠠᠷᠠᠭᠤᠨᠰᠢ ᠳᠦᠪᠯᠡᠷᠡᠬᠦ︾ ᠶᠢ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠰᠲ᠋ᠧᠮ ᠤᠨ ᠲᠡᠰ ᠳᠡᠪᠰᠢᠬᠦ ᠶᠢ ᠠᠬᠢᠭᠤᠯᠤᠨ᠎ᠠ᠃    3. ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠣᠯᠠᠨ ᠡᠰᠢᠵᠢᠭᠦᠯᠦᠨ ᠠᠭᠤᠰᠤᠯᠴᠠᠭᠤᠯᠤᠨ᠎ᠠ᠃ ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠰᠢᠨ᠎ᠡ ᠪᠠᠷ ᠬᠥᠭᠵᠢᠭᠰᠡᠨ ᠮᠡᠷᠭᠡᠵᠢᠯ ᠪᠣᠯᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠰᠦᠪᠡᠭᠴᠢᠯᠡᠵᠦ᠂ ᠪᠣᠬᠢᠷᠲᠤᠯ ᠦᠭᠡᠢ ᠦᠢᠯᠡᠳᠬᠦ ᠰᠢᠰᠲ᠋ᠧᠮ ᠪᠣᠯᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠠᠬᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠤᠪᠢ ᠶᠢᠨ ᠵᠢᠩ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠬᠡᠵᠦ᠂ ᠠᠵᠤ ᠦᠢᠯᠡᠰ ᠤᠨ ᠥᠷᠢᠰᠥᠯᠳᠦᠭᠡᠨ ᠤ ᠳᠠᠪᠠᠭᠤᠯᠢᠭ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠣᠭᠠᠴᠢᠯᠠᠵᠦ ᠤᠶᠤᠨᠴᠢᠯᠠᠬᠤ ᠶᠢ ᠠᠬᠢᠭᠤᠯᠤᠨ᠎ᠠ᠃    4. ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠨᠡᠶᠢᠭᠡᠮ ᠤᠨ ᠬᠢᠨ ᠣᠷᠣᠯᠴᠠᠨ᠎ᠠ᠃ ᠲᠥᠷᠥ ᠶᠢᠨ ᠪᠣᠳᠣᠯᠭ᠎ᠠ ᠶᠢᠨ ᠬᠥᠲᠥᠯᠦᠨ ᠵᠢᠯᠣᠭᠤᠳᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠢᠨ᠎ᠡ ᠡᠨᠧᠷᠭᠢ ᠶᠢᠨ ᠵᠠᠬ᠎ᠠ ᠳᠡᠯᠭᠡᠭᠦᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠯᠠ ᠣᠷᠣᠭᠤᠯᠤᠯᠲᠠ ᠶᠢᠨ ᠭᠤᠤᠯ ᠴᠣᠭᠴᠠ ᠳᠤ ᠡᠷᠬᠡ ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠬᠢᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠪᠣᠯᠬᠤ ᠪᠠᠶᠢᠷᠢ ᠰᠠᠭᠤᠷᠢ ᠶᠢ ᠬᠦᠨᠳᠦᠳᠬᠡᠨ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠪᠠᠯᠠ ᠣᠷᠣᠭᠤᠯᠵᠤ ᠦᠢᠯᠡᠰ ᠴᠣᠭᠴᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠮᠦᠨᠡᠬᠢ ᠬᠤᠭᠤᠴᠠᠭᠠᠨ ᠳᠤ ᠨᠢᠭᠡᠳᠦᠯᠲᠡᠶ ᠲᠥᠯᠥᠪᠵᠢᠭᠦᠯᠬᠦ᠂ ᠳᠤᠮᠳᠠ ᠬᠤᠭᠤᠴᠠᠭᠠᠨ ᠳᠤ ᠬᠥᠲᠥᠯᠦᠨ ᠵᠢᠯᠣᠭᠤᠳᠴᠤ ᠠᠬᠢᠭᠤᠯᠬᠤ᠂ ᠰᠡᠭᠦᠯᠴᠢ ᠶᠢᠨ ᠬᠤᠭᠤᠴᠠᠭᠠᠨ ᠳᠤ ᠮᠥᠷᠳᠡᠨ ᠦᠢᠯᠡᠴᠢᠯᠡᠬᠦ ᠶᠢ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠂ ᠢᠯᠡ ᠲᠣᠳᠣ᠂ ᠥᠨᠳᠥᠷ ᠪᠦᠲᠦᠮᠵᠢᠲᠡᠶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠶ ᠪᠣᠯᠭᠠᠨ᠎ᠠ᠃    ᠬᠤᠶᠠᠷ᠂ ᠶᠡᠷᠦᠩᠬᠡᠶ ᠬᠠᠷᠠᠯᠲᠠ    ︵ᠨᠢᠭᠡ︶ ᠴᠡᠪᠡᠷ ᠡᠨᠧᠷᠭᠢ ᠶᠢ ᠠᠩᠬ᠎ᠠ ᠠᠯᠬᠤᠮ ᠬᠡᠪᠴᠢᠶᠡᠵᠢᠬᠦᠯᠦᠨ᠎ᠡ᠃ ᠨᠥᠬᠦᠴᠡᠯ ᠪᠦᠷᠢᠳᠦᠭᠦᠯᠦᠭᠰᠡᠨ ᠴᠡᠪᠡᠷ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠵᠦ᠂ ᠴᠡᠪᠡᠷ ᠡᠨᠧᠷᠭᠢ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠣᠷᠣᠨ ᠤ ᠬᠡᠪᠴᠢᠶᠡᠵᠢᠨ ᠬᠥᠭᠵᠢᠬᠦ ᠶᠢ ᠠᠬᠢᠭᠤᠯᠵᠤ᠂ ︽ᠭᠤᠪᠢ ᠴᠦᠯ︾ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠤᠨ᠎ᠠ᠃ 2024 ᠣᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠨᠢᠭᠡ ᠳᠠᠬᠢᠨ ᠨᠡᠮᠡᠭᠳᠡᠭᠦᠯᠵᠦ᠂ ᠬᠡᠪᠴᠢᠶ᠎ᠡ ᠶᠢ 1100 ᠲᠦᠮᠡᠨ ᠺᠢᠯᠣᠸᠠᠲ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ 2025 ᠣᠨ ᠳᠤ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 2500 ᠲᠦᠮᠡᠨ ᠺᠢᠯᠣᠸᠠᠲ ᠲᠤ ᠬᠦᠷᠦᠭᠦᠯᠦᠨ᠎ᠡ᠃ ᠴᠡᠪᠡᠷ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 80% ᠳᠤ ᠬᠦᠷᠦᠭᠦᠯᠵᠦ᠂ ᠴᠠᠬᠢᠯᠭᠠᠨ ᠭᠠᠷᠭᠠᠬᠤ ᠬᠡᠮᠵᠢᠶ᠎ᠡ ᠶᠢᠨ ᠡᠵᠡᠯᠡᠬᠦ ᠬᠠᠷᠢᠴᠠᠯ ᠢ 62% ᠲᠤ ᠬᠦᠷᠦᠭᠦᠯᠵᠦ᠂ ᠴᠡᠪᠡᠷ ᠡᠨᠧᠷᠭᠢ ᠶᠢᠨ ᠬᠡᠷᠡᠭᠯᠡᠭᠡ ᠶᠢᠨ ᠡᠵᠡᠯᠡᠬᠦ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ︵ᠬᠤᠶᠠᠷ︶ ᠴᠡᠪᠡᠷ ᠴᠠᠬᠢᠯᠭᠠᠨ ᠢᠶᠠᠷ ᠣᠷᠣᠯᠠᠭᠤᠯᠣᠨ ᠡᠷᠴᠢᠮᠵᠢᠭᠦᠯᠦᠨ ᠳᠦᠪᠯᠡᠷᠡᠬᠦᠯᠦᠨ᠎ᠡ᠃ ᠠᠵᠤ ᠦᠢᠯᠡᠰ ᠤᠨ ᠳᠦᠪᠯᠡᠷᠡᠯ ᠢ ᠪᠤᠵᠠᠭᠠᠶᠢᠷᠠᠭᠤᠯᠬᠤ ᠪᠠ ᠴᠡᠪᠡᠷ  ᠡᠨᠧᠷᠭᠢ ᠶᠢᠨ ᠳᠠᠯᠳᠠ ᠬᠦᠴᠦᠨ ᠢ ᠠᠭᠤᠳᠠᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠠᠵᠤ ᠦᠢᠯᠡᠰ ᠤᠨ ᠤᠶᠤᠨᠴᠢᠯᠠᠯᠲᠠ᠂ ᠪᠣᠬᠢᠷᠲᠤᠯ ᠥᠬᠡᠶ᠂ ᠠᠭᠤᠰᠤᠯᠴᠠᠬᠤ ᠶᠢ ᠠᠬᠢᠭᠤᠯᠵᠤ᠂ ᠡᠷᠬᠢᠨ ᠲᠣᠭᠤᠷᠢᠨ ᠤ ᠮᠤᠵᠢ ᠬᠤᠲᠠ ᠠᠯᠤᠰᠯᠠᠭᠰᠠᠨ ᠬᠠᠮᠲᠤᠷᠠᠯᠴᠠᠭᠠᠨ ᠤ ᠲᠥᠷᠥᠯ ᠵᠦᠢᠯ ᠢ ᠲᠦᠷᠭᠡᠨ ᠨᠠᠶᠢᠳᠠᠪᠣᠷᠢᠵᠢᠭᠤᠯᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠡᠪᠡᠷ ᠴᠠᠬᠢᠯᠭᠠᠨ ᠢᠶᠠᠷ ᠣᠷᠣᠯᠠᠭᠤᠯᠬᠤ ᠬᠡᠷᠡᠭᠴᠡᠭᠡ ᠱᠠᠭᠠᠷᠳᠠᠯᠭ᠎ᠠ ᠲᠠᠢ  ᠠᠵᠤ ᠠᠬᠤᠶᠢᠯᠠᠯ ᠢ ᠳᠠᠳᠠᠵᠦ ︽ᠪᠠᠷᠠᠭᠤᠨᠰᠢ ᠳᠦᠪᠯᠡᠷᠡᠬᠦᠯᠦᠨ᠎ᠡ︾᠃ 2025 ᠣᠨ ᠪᠣᠯᠬᠤ ᠳᠤ᠂ ︽ᠲᠡᠷᠢᠭᠦᠨ ᠤ ᠡᠨᠧᠷᠭᠢ ᠶᠡᠭᠡ ᠵᠠᠷᠣᠴᠠᠭᠤᠯᠵᠦ ᠪᠣᠬᠢᠷᠳᠣᠯ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠲᠥᠪᠯᠡᠷᠡᠭᠰᠡᠨ ᠣᠷᠣᠨ︾ ᠢ ᠯᠠᠪᠳᠠᠭᠤᠨ ᠢᠶᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠡᠨᠧᠷᠭᠢ ᠶᠢᠨ ᠬᠠᠷᠢᠯᠴᠠᠨ ᠲᠤᠰᠠᠯᠠᠯᠴᠠᠬᠤ ᠬᠠᠮᠲᠤᠷᠠᠯᠴᠠᠭᠠᠨ ᠤ ᠬᠡᠪ ᠳᠠᠭᠤᠷᠢᠶᠠᠯ ᠢ ᠪᠣᠶ ᠪᠣᠯᠭᠠᠵᠤ᠂ ᠪᠦᠬᠦ ᠤᠯᠤᠰ ᠤᠨ ᠴᠢᠬᠤᠯᠠ ︽ᠴᠡᠪᠡᠷ ᠴᠠᠬᠢᠯᠭᠠᠨ ᠤ ᠥᠪᠡᠷ ᠤᠨ ᠥᠷᠲᠡᠭ ᠤᠨ ᠬᠤᠲᠣᠭᠤᠷ ᠭᠠᠵᠠᠷ᠂  ᠴᠡᠪᠡᠷ ᠡᠨᠧᠷᠭᠢ ᠶᠢᠨ ᠠᠵᠤ ᠠᠬᠤᠢ ᠶᠢᠨ ᠥᠨᠳᠦᠷᠯᠢᠭ︾ ᠢ ᠪᠠᠶᠢᠭᠤᠯᠤᠨ᠎ᠠ᠃    ︵ᠭᠤᠷᠪᠠ︶ ᠬᠡᠷᠡᠭᠯᠡᠯᠲᠡ ᠶᠢ ᠳᠠᠶᠢᠴᠢᠯᠠᠨ ᠢᠯᠡᠷᠬᠡᠢ ᠦᠷ᠎ᠡ ᠪᠦᠲᠦᠮᠵᠢ ᠣᠯᠣᠨ᠎ᠠ᠃ 2025 ᠣᠨ ᠪᠣᠯᠬᠤ ᠳᠤ ᠂ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ᠂ ᠤᠰᠤᠲᠥ᠋ᠷᠥᠭᠴᠢ ᠡᠨᠧᠷᠭᠢ ᠶᠢ ᠨᠡᠭᠡᠭᠡᠨ ᠬᠥᠭᠵᠢᠭᠦᠯᠬᠦ᠂ ᠬᠡᠷᠡᠯ ᠢᠯᠴᠢ ᠶᠢ ᠨᠡᠭᠡᠭᠡᠨ ᠬᠥᠭᠵᠢᠭᠦᠯᠬᠦ ᠪᠠ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠲᠦᠷᠭᠡᠨ ᠬᠥᠭᠵᠢᠭᠦᠯᠵᠦ᠂ ᠰᠠᠯᠬᠢ ᠬᠡᠷᠡᠯ ᠤᠨ ᠡᠨᠧᠷᠬᠢ ᠪᠠᠷ ᠭᠤᠤᠯ ᠴᠠᠬᠢᠯᠭᠠᠨ ᠡᠭᠦᠰᠭᠡᠭᠴᠢ ᠪᠣᠯᠭᠠᠵᠤ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠪᠠᠷ ᠠᠮᠢᠳᠤᠯᠢᠭ ᠲᠣᠬᠢᠷᠠᠭᠤᠯᠬᠤ ᠴᠠᠬᠢᠯᠭᠠᠨ ᠡᠭᠦᠰᠭᠡᠭᠴᠢ ᠪᠣᠯᠭᠠᠵᠤ᠂ ᠣᠨᠴᠠ ᠥᠨᠳᠥᠷ ᠬᠦᠴᠦᠳᠡᠯᠲᠦ ᠴᠠᠬᠢᠯᠭᠠᠨ ᠢ ᠭᠠᠳᠠᠭᠰᠢ ᠬᠦᠷᠭᠡᠬᠦ ᠱᠤᠭᠤᠮ ᠢᠶᠠᠷ ᠭᠤᠤᠯ ᠠᠴᠢᠶᠠᠯᠠᠪᠤᠷᠢ ᠪᠣᠯᠭᠠᠭᠰᠠᠨ ᠣᠶᠤᠨᠴᠢ ᠴᠠᠬᠢᠯᠭᠠᠨ ᠬᠦᠴᠦᠨ ᠤ ᠰᠢᠰᠲ᠋ᠧᠮ ᠢ ᠠᠯᠬᠤᠮ ᠳᠠᠷᠠᠭᠠᠯᠠᠨ ᠪᠠᠶᠢᠭᠤᠯᠤᠨ᠎ᠠ᠃ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠤᠷᠰᠢᠯᠭ᠎ᠠ ᠶᠢ ᠤᠯᠠᠮ ᠨᠢᠭᠡ ᠠᠯᠬᠤᠮ ᠳᠡᠯᠭᠡᠷᠡᠭᠦᠯᠵᠦ᠂ 15 ᠲᠦᠮᠡᠨ ᠮᠦ ︽ᠭᠡᠷᠡᠯ ᠴᠡᠨᠡᠭ +ᠡᠯᠡᠰᠦᠨ ᠤ ᠠᠵᠤ ᠦᠢᠯᠡᠰ︾ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠣᠢ ᠪᠣᠯᠭᠠᠨ᠎ᠠ᠃    ᠭᠤᠷᠪᠠ᠂ ᠭᠤᠣᠯᠳᠠᠯᠭ᠎ᠠ ᠲᠠᠢ ᠡᠭᠦᠷᠭᠡ    ︵ᠨᠢᠭᠡ︶ ᠭᠤᠪᠢ ᠴᠦᠯ ᠤᠨ ᠰᠠᠭᠤᠷᠢᠨ ᠭᠠᠵᠠᠷ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭ᠎ᠠ ᠠᠳᠬᠤᠵᠤ᠂ ᠣᠷᠣᠨ ᠪᠦᠰᠡ ᠶᠢᠨ ᠴᠡᠪᠡᠷ ᠴᠠᠬᠢᠯᠭᠠᠨ ᠤ ᠬᠤᠳᠤᠭᠤᠷ ᠭᠠᠵᠠᠷ ᠢ ᠪᠤᠢ ᠪᠣᠯᠭᠠᠨ᠎ᠠ    1. ᠪᠠᠶᠢᠭᠤᠯᠵᠤ ᠪᠠᠶᠢᠭ᠎ᠠ ᠪᠠᠶᠢᠭᠤᠯᠬᠤ ᠪᠠᠷ ᠪᠠᠶᠢᠭ᠎ᠠ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠢᠭᠡᠳᠦᠭᠡᠷ ᠪᠦᠯᠦᠭ ᠡᠯᠡᠰᠦ ᠮᠠᠩᠬ᠎ᠠ᠂ ᠭᠤᠪᠢ᠂ ᠴᠦᠯᠯᠡᠷᠭᠡᠭ ᠭᠠᠵᠠᠷ ᠣᠷᠣᠨ ᠢᠶᠠᠷ ᠭᠤᠣᠯᠳᠠᠯᠭ᠎ᠠ ᠪᠣᠯᠭᠠᠭᠰᠠᠨ ᠣᠯᠠᠨᠪᠤᠯᠠᠭ ᠠᠴᠠ ᠱᠠᠨᠳᠦ᠋ᠩ ᠳᠤ ᠬᠦᠷᠭᠡᠬᠦ 160 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠲᠦᠷᠦᠯ ᠵᠦᠢᠯ ᠪᠣᠯᠤᠨ ᠢᠵᠢ ᠪᠦᠷᠢᠳᠦᠭᠰᠡᠨ ᠬᠤᠤ ᠶᠠ 500 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ 2023 ᠣᠨ ᠳᠤ ᠪᠦᠬᠦ ᠪᠠᠭᠲᠠᠭᠠᠮᠵᠢ ᠪᠠᠷ ᠢᠶᠠᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠬᠢᠭᠤᠯᠤᠨ᠎ᠠ᠃ ᠲᠩᠷᠢ ᠡᠯᠡᠰᠦᠨ ᠤ ᠵᠡᠭᠦᠨ ᠡᠮᠦᠨᠡᠲᠦ ᠬᠡᠰᠡᠭ ᠤᠨ 1200 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠤ ᠭᠠᠳᠠᠭᠰᠢ ᠬᠦᠷᠭᠡᠬᠦ ᠱᠣᠭᠤᠮ ᠪᠠ ᠢᠵᠢ ᠪᠦᠷᠢᠳᠦᠭᠦᠯᠬᠦ 4 × 100 ᠲᠦᠮᠡᠨ ᠺᠢᠯᠣᠸᠠᠲ ᠤᠨ ᠢᠯᠴᠢ ᠶᠢᠨ ᠴᠠᠬᠢᠯᠭᠠᠨ ᠢ ᠤᠯᠤᠰ ᠤᠨ ᠳᠦᠯᠦᠪᠵᠢᠬᠦᠯᠭᠡ ᠳᠤ ᠣᠷᠣᠭᠤᠯᠬᠤ ᠵᠡᠷᠭᠡ ᠠᠵᠢᠯ ᠢ ᠲᠦᠷᠭᠡᠳᠬᠡᠨ ᠠᠬᠢᠭᠤᠯᠵᠤ᠂ 2024 ᠣᠨ ᠳᠤ ᠠᠵᠢᠯ ᠡᠬᠢᠯᠡᠭᠦᠯᠬᠦ ᠪᠠᠷ ᠴᠢᠷᠮᠠᠶᠢᠨ᠎ᠠ᠃    2. ᠮᠤᠵᠢ ᠠᠯᠣᠰᠯᠠᠭᠰᠠᠨ ᠭᠠᠳᠠᠭᠰᠢ ᠬᠦᠷᠭᠡᠬᠦ ᠱᠤᠭᠤᠮ ᠢ ᠲᠥᠯᠥᠪᠯᠡᠨ ᠪᠠᠶᠢᠷᠢᠯᠠᠭᠤᠯᠤᠨ᠎ᠠ᠃ ᠤᠯᠠᠭᠠᠨᠪᠤᠬ᠎ᠠ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠲᠩᠷᠢ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ᠂ ᠡᠵᠡᠨ᠎ᠡ ᠬᠤᠰᠢᠭᠤᠨ ᠤ ᠣᠯᠠᠨ ᠡᠨᠧᠷᠭᠢ ᠶᠢᠨ ᠬᠠᠷᠢᠯᠴᠠᠨ ᠨᠥᠬᠦᠪᠥᠷᠢᠯᠡᠬᠦ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠥᠷᠥᠯ ᠵᠦᠢᠯ᠂ ᠪᠠᠳᠠᠢ ᠶᠢᠨ ᠵᠢᠷᠠᠨ ᠤ ᠰᠠᠭᠤᠷᠢᠨ ᠭᠠᠵᠠᠷ ᠤᠨ ᠲᠥᠷᠥᠯ ᠵᠦᠢᠯ ᠵᠡᠷᠭᠡ ᠮᠢᠩᠭᠠᠨ ᠲᠦᠮᠡᠨ ᠺᠢᠯᠣᠸᠠᠲ ᠤᠨ 9 ᠰᠠᠭᠤᠷᠢᠨ ᠭᠠᠵᠠᠷ ᠵᠢᠴᠢ ᠢᠵᠢ ᠪᠥᠷᠢᠳᠦᠭᠰᠡᠨ ᠭᠠᠳᠠᠭᠰᠢ ᠳᠠᠮᠵᠢᠭᠤᠯᠬᠤ 9 ᠱᠤᠭᠤᠮ ᠢ ᠡᠷᠲᠡᠬᠡᠨ ᠤᠯᠤᠰ ᠤᠨ ᠲᠥᠯᠥᠪᠵᠢᠭᠦᠯᠭᠡ ᠳᠤ ᠣᠷᠣᠭᠤᠯᠬᠤ ᠶᠢ ᠢᠳᠡᠪᠬᠢᠲᠡᠶ ᠪᠠᠷ ᠠᠬᠢᠭᠤᠯᠤᠨ᠎ᠠ᠃ ᠬᠠᠩᠭᠠᠯᠭ᠎ᠠ ᠬᠡᠷᠡᠭᠴᠡᠭᠡ ᠶᠢ ᠬᠠᠷᠢᠯᠴᠠᠨ ᠨᠦᠬᠦᠪᠦᠷᠢᠯᠡᠬᠦ᠂ ᠭᠦᠢᠯᠭᠡᠭᠡ ᠶᠢ ᠵᠦᠢ ᠵᠣᠬᠢᠰᠲᠠᠶ ᠪᠠᠶᠢᠯᠭᠠᠬᠤ᠂ ᠠᠷᠪᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠰᠡᠳᠬᠢᠴᠡ ᠶᠣᠰᠣᠭᠠᠷ᠂ ᠴᠠᠬᠢᠯᠭᠠᠨ ᠬᠦᠷᠭᠡᠬᠦ ᠱᠣᠭᠤᠮ ᠢ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ ᠪᠦᠲᠦᠭᠡᠨ ᠪᠠᠶᠢᠭᠤᠯᠵᠤ᠂ ᠴᠠᠬᠢᠯᠭᠠᠨ ᠡᠭᠦᠰᠭᠡᠭᠴᠢ ᠴᠠᠬᠢᠯᠭᠠᠨ ᠲᠣᠤᠷ ᠢ ᠵᠡᠷᠭᠡ ᠳᠤᠨᠢ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃ ᠡᠯᠡᠰᠦ ᠮᠠᠩᠬ᠎ᠠ᠂ ᠭᠤᠪᠢ᠂ ᠴᠦᠯᠯᠡᠷᠭᠡᠭᠵᠢᠭᠰᠡᠨ ᠭᠠᠵᠠᠷ ᠣᠷᠣᠨ ᠳᠤ ︽ᠭᠤᠷᠪᠠ ᠶᠢ ᠰᠣᠯᠪᠢᠴᠠᠭᠤᠯᠵᠦ ᠶᠢᠰᠦᠨ ᠰᠢᠭᠤᠳ︾ ᠮᠤᠵᠢ ᠣᠷᠣᠨ ᠠᠯᠣᠰᠯᠠᠭᠰᠠᠨ ᠴᠠᠬᠢᠯᠭᠠᠨ ᠬᠦᠷᠭᠡᠬᠦ  ᠱᠣᠭᠤᠮ ᠢ ᠪᠠᠶᠢᠷᠢᠯᠠᠭᠤᠯᠬᠤ ᠲᠥᠰᠦᠯ ᠢ ᠭᠦᠨᠵᠡᠭᠡᠶ ᠨᠤᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ 2 ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠰᠠᠭᠤᠷᠢᠨ ᠭᠠᠵᠠᠷ ᠵᠢᠴᠢ ᠢᠵᠢ ᠪᠦᠷᠢᠳᠦᠭᠦᠯᠦᠭᠰᠡᠨ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠱᠤᠭᠤᠮ ᠢ ᠨᠡᠮᠡᠭᠳᠡᠭᠦᠯᠬᠦ ᠪᠠᠷ ᠴᠢᠷᠮᠠᠶᠢᠨ᠎ᠠ᠃   ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶    3. ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠪᠠ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠲᠥᠷᠥᠯ ᠵᠦᠢᠯ ᠤᠨ ᠭᠦᠢᠴᠡᠳᠬᠡᠬᠦ ᠲᠤᠭ᠎ᠠ ᠶᠢ ᠢᠳᠡᠪᠬᠢᠲᠡᠶ ᠲᠡᠮᠡᠴᠡᠨ ᠣᠯᠵᠤ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠤᠨ ᠴᠡᠪᠡᠷ ᠴᠠᠬᠢᠯᠭᠠᠨ ᠤ ᠬᠡᠪᠴᠢᠶ᠎ᠡ ᠶᠢ ᠥᠷᠭᠡᠳᠬᠡᠬᠦ ᠬᠡᠷᠡᠭᠲᠡᠶ᠃ ᠲᠩᠷᠢ ᠡᠯᠡᠰᠦᠨ ᠤ ᠵᠡᠭᠦᠨ ᠡᠮᠦᠨᠡᠲᠦ ᠬᠡᠰᠡᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠨᠢᠭᠡᠳᠦᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ 100 ᠲᠦᠮᠡᠨ ᠺᠢᠯᠣᠸᠠᠲ ᠤᠨ ᠬᠡᠷᠡᠯ ᠴᠡᠨᠡᠭ ᠤᠨ ᠰᠠᠭᠤᠷᠢᠨ ᠭᠠᠵᠠᠷ᠂ ᠠᠯᠠᠱᠠ ᠪᠠᠷᠠᠭᠤᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠡᠨᠧᠷᠬᠢ ᠶᠢ ᠬᠠᠳᠠᠭᠠᠯᠠᠬᠤ ᠰᠠᠭᠤᠷᠢᠨ ᠭᠠᠵᠠᠷ ᠤᠨ ᠪᠠᠲᠤᠯᠠᠭ᠎ᠠ ᠶᠢᠨ ᠴᠢᠨᠠᠷᠲᠠᠶ ᠲᠣᠤᠷ ᠲᠤ ᠨᠡᠶᠢᠯᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠨ ᠠᠬᠢᠭᠤᠯᠵᠤ᠂ ᠲᠥᠷᠥᠯ ᠵᠦᠢᠯ ᠤᠨ ᠬᠡᠷᠡᠭᠯᠡᠬᠦ ᠭᠠᠵᠠᠷ ᠤᠨ ᠨᠥᠬᠦᠴᠡᠯ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ 2024 ᠣᠨ ᠤ ᠡᠴᠦᠰ ᠲᠤ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠦᠨᠡᠨᠬᠦ ᠪᠠᠲᠤᠯᠠᠨ᠎ᠠ᠃ ᠰᠢᠨ᠎ᠡ ᠡᠨᠧᠷᠭᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ᠂ ᠬᠦᠷᠢᠶᠡᠯᠡᠩ ᠲᠣᠭᠤᠷᠢᠭ ᠤᠨ ᠴᠡᠪᠡᠷ ᠴᠠᠬᠢᠯᠭᠠᠨ ᠬᠠᠩᠭᠠᠬᠤ᠂ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠤᠭᠴᠠᠵᠢᠭᠤᠯᠬᠤ ᠵᠡᠷᠭᠡ ᠵᠠᠬ᠎ᠠ ᠳᠡᠯᠭᠡᠭᠦᠷᠴᠢᠯᠡᠨ ᠲᠣᠤᠷ ᠲᠤ ᠨᠡᠶᠢᠯᠡᠭᠦᠯᠬᠦ ᠰᠢᠨ᠎ᠡ ᠡᠨᠧᠷᠭᠢ ᠶᠢᠨ ᠲᠥᠷᠥᠯ ᠵᠦᠢᠯ ᠢ ᠢᠳᠡᠪᠬᠢᠳᠡᠢ ᠴᠢᠷᠮᠠᠶᠢᠨ ᠣᠯᠣᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ 60 ᠲᠦᠮᠡᠨ ᠺᠢᠯᠣᠸᠠᠲ ᠤᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠰᠢᠪᠲᠦᠷ ᠦᠢᠯᠡᠳᠬᠦ᠂ ᠠᠯᠠᠱᠠ ᠵᠡᠭᠦᠨ ᠬᠤᠰᠢᠭᠤᠨ ᠤ 13.2 ᠲᠦᠮᠡᠨ ᠺᠢᠯᠣᠸᠠᠲ ᠤᠨ ᠭᠡᠷᠡᠯ ᠴᠡᠨᠡᠭ ᠢᠶᠠᠷ ᠢᠯᠴᠢ ᠶᠢᠨ ᠴᠠᠬᠢᠯᠭᠠᠨ ᠢ ᠣᠷᠣᠯᠠᠭᠤᠯᠬᠤ ᠠᠮᠢᠳᠤᠯᠢᠭ ᠥᠭᠡᠷᠡᠴᠢᠯᠡᠯᠲᠡ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠰᠢᠩᠭᠡᠨ ᠳᠠᠷᠤᠴᠠᠲᠤ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠯᠠᠱᠠ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶    4. ᠰᠢᠨ᠎ᠡ ᠡᠨᠧᠷᠭᠢ ᠬᠢᠭᠡᠳ ᠠᠵᠤ ᠦᠢᠯᠡᠰ ᠤᠨ ᠠᠭᠤᠰᠣᠯᠴᠠᠯ ᠢ ᠠᠬᠢᠭᠤᠯᠤᠨ᠎ᠠ᠃ ᠠᠯᠠᠱᠠ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠥᠪᠥᠷ ᠮᠣᠩᠭᠤᠯ ᠳᠠᠬᠢ ᠨᠢᠭᠡᠳᠦᠭᠡᠷ᠂ ᠬᠤᠶᠠᠳᠤᠭᠠᠷ ᠲᠤ ᠪᠠᠶᠢᠷᠢᠯᠠᠬᠤ ᠠᠵᠤ ᠦᠢᠯᠡᠰ ᠤᠨ ᠰᠠᠭᠤᠷᠢ ᠳᠠᠪᠠᠭᠤᠯᠢᠭ ᠢ ᠪᠠᠳᠠᠷᠠᠭᠤᠯᠵᠤ᠂ ᠠᠯᠠᠱᠠ ᠶᠢᠨ ︽ᠬᠤᠶᠠᠷ ᠲᠣᠭᠤᠷᠢᠭ ᠭᠤᠷᠪᠠᠨ ᠬᠦᠷᠢᠶᠡᠯᠡᠩ︾ ᠤᠨ ᠶᠡᠷᠦᠩᠬᠡᠶ ᠪᠠᠶᠢᠷᠢᠰᠢᠭᠤᠯᠤᠯᠲᠠ ᠳᠤ ᠰᠠᠭᠤᠷᠢᠯᠠᠨ᠂ ᠭᠤᠪᠢ ᠴᠦᠯ ᠤᠨ ᠣᠶᠢᠷ᠎ᠠ ᠬᠠᠪᠢ ᠳᠠᠬᠢ ᠨᠡᠭᠡᠭᠡᠨ ᠬᠥᠭᠵᠢᠭᠦᠯᠵᠦ ᠪᠣᠯᠬᠤ ᠣᠷᠣᠨ ᠪᠦᠰᠡ ᠵᠢᠴᠢ ᠰᠢᠨ᠎ᠡ ᠡᠨᠧᠷᠭᠢ ᠶᠢᠨ ᠬᠡᠪᠴᠢᠶ᠎ᠡ ᠪᠠᠭᠲᠠᠭᠠᠮᠵᠢ ᠲᠠᠢ ᠭᠦᠢᠴᠡᠳ ᠤᠶᠠᠯᠳᠤᠭᠤᠯᠤᠨ᠂ ᠤᠯᠤᠰ ᠠᠴᠠ ᠡᠨᠧᠷᠭᠢ ᠶᠡᠭᠡ ᠵᠠᠷᠣᠴᠠᠭᠤᠯᠬᠤ  ᠠᠵᠦ ᠦᠢᠯᠡᠰ ᠢ ᠪᠠᠷᠠᠭᠤᠨ ᠣᠷᠣᠨ ᠳᠤ ᠰᠢᠯᠵᠢᠬᠦᠯᠬᠦ ᠳᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠠᠭᠠᠵᠦ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠲᠩᠷᠢ ᠬᠦᠷᠢᠶᠡᠯᠡᠩ ᠲᠣᠭᠤᠷᠢᠭ᠂ ᠣᠯᠠᠨᠪᠤᠯᠠᠭ ᠬᠦᠷᠢᠶᠡᠯᠡᠩ ᠲᠣᠭᠤᠷᠢᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠯᠦᠭᠡ ᠬᠠᠷᠢᠯᠴᠠᠨ ᠠᠭᠤᠰᠤᠯᠴᠠᠭᠤᠯᠬᠤ ᠶᠢ ᠭᠤᠤᠯᠳᠠᠯᠭ᠎ᠠ ᠲᠠᠢ ᠠᠬᠢᠭᠤᠯᠵᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠣᠬᠢᠷᠲᠤᠯ ᠥᠬᠡᠶ ᠤᠰᠤᠲᠥ᠋ᠷᠥᠭᠴᠢ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠠᠮᠢᠳᠤ ᠪᠣᠳᠠᠰ ᠤᠨ ᠡᠮ ᠦᠢᠯᠡᠳᠬᠦ᠂ ᠵᠡᠭᠦᠨ ᠭᠡᠰᠡᠭ ᠤᠨ ᠲᠤᠭ᠎ᠠ ᠪᠠᠷᠠᠭᠤᠨ ᠬᠡᠰᠡᠭ ᠤᠨ ᠡᠬᠦᠯᠡᠨ ᠪᠣᠳᠣᠯᠳᠠ ᠵᠡᠷᠭᠡ ᠲᠡᠷᠢᠭᠦᠨ ᠤ ᠡᠨᠧᠷᠭᠢ ᠶᠡᠭᠡ ᠵᠠᠷᠤᠴᠠᠭᠤᠯᠬᠤ ᠠᠵᠤ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ︽ᠨᠢᠭᠡ ᠥᠨᠳᠥᠷ ᠬᠤᠶᠠᠷ ᠳᠣᠣᠷ᠎ᠠ︾ ︵ᠡᠨᠧᠷᠭᠢ ᠶᠡᠭᠡ  ᠵᠠᠷᠣᠴᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠪᠡᠷ ᠤᠨ ᠥᠷᠲᠡᠭ ᠢᠶᠠᠷ ᠪᠠᠭ᠎ᠠ︶ ᠠᠵᠤ ᠦᠢᠯᠡᠰ ᠤᠨ ᠵᠢᠱᠢᠶ᠎ᠡ ᠦᠵᠡᠭᠦᠯᠬᠦ ᠰᠢᠨ᠎ᠡ ᠥᠨᠳᠦᠷᠯᠢᠭ ᠢ ᠢᠳᠡᠪᠬᠢᠲᠡᠶ ᠪᠠᠶᠢᠭᠤᠯᠤᠨ᠎ᠠ᠃ ᠦᠯᠡᠳᠡᠭᠡᠯ ᠴᠠᠬᠢᠯᠭᠠᠨ ᠬᠡᠷᠡᠭᠯᠡᠬᠦ ᠳᠠᠭᠠᠭᠠᠴᠠ ᠶᠢ ᠴᠡᠪᠡᠷ ᠴᠠᠬᠢᠯᠭᠠᠨ ᠢᠶᠠᠷ ᠣᠷᠣᠯᠠᠭᠤᠯᠬᠤ ᠠᠵᠢᠯ ᠢ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠭᠤᠯᠤᠯ᠂ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠡᠨᠧᠷᠭᠢ ᠶᠡᠭᠡ ᠵᠠᠷᠣᠴᠠᠭᠤᠯᠬᠤ ᠦᠯᠡᠳᠡᠭᠡᠯ ᠳᠠᠭᠠᠭᠠᠴᠠ ᠳᠤ ᠵᠠᠬ᠎ᠠ ᠳᠡᠯᠭᠡᠭᠦᠷᠴᠢᠯᠡᠨ ᠰᠢᠩᠭᠡᠭᠡᠬᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠨ ᠦᠯᠡᠳᠡᠭᠡᠯ ᠴᠡᠪᠡᠷ ᠴᠠᠬᠢᠯᠭᠠᠨ ᠢ ᠰᠢᠭᠤᠳ ᠬᠠᠩᠭᠠᠬᠤ ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠳᠡ ᠶᠢᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶    5. ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠣᠨ᠎ᠠ᠃ ᠤᠯᠤᠰ ᠤᠨ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠪᠣᠯᠣᠨ ᠬᠠᠲᠤᠨ ᠭᠤᠣᠯ ᠤᠨ ︽ᠳᠣᠬᠤᠢ ᠶᠢᠨ ᠬᠡᠰᠡᠭ︾ ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ ᠲᠠᠢ ᠤᠶᠠᠯᠳᠤᠭᠤᠯᠤᠨ᠂ ᠨᠢᠭᠡ ᠪᠦᠯᠦᠭ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠲᠥᠷᠥᠯ ᠵᠦᠢᠯ ᠢ ᠲᠥᠰᠦᠪᠯᠡᠬᠦ ᠶᠢ ᠴᠢᠩᠭᠠᠳᠬᠠᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ  ᠡᠮᠦᠨ᠎ᠡ ᠹᠷᠣᠨᠲ ᠲᠤ ᠪᠠᠶᠢᠷᠢᠰᠢᠭᠤᠯᠵᠦ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠪᠠ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠭᠤᠣᠯᠳᠠᠭᠤ ᠠᠯᠠᠱᠠ ᠶᠢᠨ ᠭᠤᠷᠪᠠᠨ ᠣᠮᠠᠷᠠᠳᠣ  ᠶᠢᠨ ᠬᠠᠯᠬᠠᠪᠴᠢ ᠣᠢ᠂ ᠬᠠᠳᠣᠨ ᠭᠤᠣᠯ ᠤᠨ ᠪᠠᠷᠠᠭᠤᠨ ᠡᠷᠬᠢ ᠳᠤ ᠰᠠᠯᠬᠢ ᠭᠡᠷᠡᠯ ᠤᠨ ᠡᠨᠧᠷᠬᠢ ᠶᠢᠨ ᠡᠬᠢ ᠪᠠᠶᠠᠯᠢᠭ ᠬᠢᠭᠡᠳ ᠠᠮᠢ ᠠᠬᠤᠢ ᠶᠢᠨ ᠵᠠᠰᠠᠯᠲᠠ ᠶᠢ ᠤᠶᠠᠯᠳᠤᠭᠤᠯᠬᠤ ᠪᠠᠷ ᠳᠠᠮᠵᠢᠭᠤᠯᠤᠨ᠂ ︽ᠰᠢᠨ᠎ᠡ ᠡᠨᠧᠷᠭᠢ+ ᠠᠮᠢ ᠠᠬᠤᠢ ︾ ᠶᠢᠨ ᠵᠠᠭᠪᠤᠷ ᠢᠶᠠᠷ ᠴᠡᠪᠡᠷ ᠴᠠᠬᠢᠯᠭᠠᠨ ᠡᠭᠦᠰᠭᠡᠭᠴᠢ ᠶᠢ ᠪᠦᠲᠦᠭᠡᠨ ᠪᠠᠶᠢᠭᠤᠯᠵᠤ᠂ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠤ ᠬᠤᠭᠤᠷᠣᠨᠳᠣ ᠲᠡᠵᠢᠭᠡᠨ ᠦᠷᠡᠵᠢᠭᠦᠯᠬᠦ᠂ ᠬᠠᠪᠲᠠᠰᠤᠨ ᠳᠣᠣᠷ᠎ᠠ ᠳᠠᠷᠢᠬᠤ ᠵᠡᠷᠭᠡ ᠶᠡᠷᠦᠩᠬᠡᠶᠢᠯᠡᠭᠰᠡᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠵᠠᠭᠪᠤᠷ ᠢ ᠳᠡᠯᠭᠡᠷᠡᠭᠦᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠢᠨᠵᠧᠨᠧᠷᠢᠩ ᠢ ᠪᠦᠲᠦᠭᠡᠨ ᠪᠠᠶᠢᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠢᠨ᠎ᠡ ᠡᠨᠧᠷᠭᠢ᠂ ᠨᠤᠲᠤᠭ ᠤᠰᠤ ᠪᠠᠨ  ᠰᠠᠬᠢᠵᠦ ᠬᠢᠯᠢ ᠪᠠᠨ ᠬᠠᠮᠠᠭᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠡᠨᠧᠷᠭᠢ ᠠᠮᠢ ᠠᠬᠤᠢ ᠶᠢᠨ ᠬᠠᠷᠢᠯᠴᠠᠨ ᠨᠥᠬᠦᠪᠦᠷᠢᠯᠡᠵᠦ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠦᠨ᠎ᠡ᠃ 2025 ᠣᠨ ᠪᠣᠯᠬᠤ ᠳᠤ᠂ ᠣᠯᠠᠭᠠᠠᠪᠣᠬ᠎ᠠ᠂ ᠲᠩᠷᠢ ᠡᠯᠡᠰᠦ᠂ ᠬᠠᠲᠤᠨ ᠭᠤᠤᠯ ᠤᠨ ᠳᠣᠬᠤᠢ ᠶᠢᠨ ᠬᠡᠰᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 400 ᠲᠦᠮᠡᠨ ᠺᠢᠯᠣᠸᠠᠲ ᠲᠤ ᠬᠦᠷᠦᠭᠦᠯᠵᠦ᠂ ᠲᠩᠷᠢ ᠪᠠ ᠪᠠᠳᠠᠶ ᠶᠢᠨ ᠵᠢᠷᠠᠨ ᠤ ᠾᠧ ᠰᠢ ᠶᠢᠨ ᠬᠤᠩᠭᠢᠯ ᠤᠨ ᠡᠯᠡᠰᠦ ᠨᠡᠶᠢᠯᠡᠬᠦ ᠶᠢ ᠬᠤᠷᠢᠭᠯᠠᠬᠤ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 100 ᠲᠦᠮᠡᠨ ᠺᠢᠯᠣᠸᠠᠲ ᠲᠤ ᠬᠦᠷᠦᠭᠦᠯᠦᠨ᠎ᠡ᠃ ︵ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠡᠨᠧᠷᠭᠢ ᠶᠢᠨ ᠲᠣᠪᠴᠢᠶ᠎ᠠ︶     6. ᠬᠠᠳᠠᠭᠠᠯᠠᠭᠳᠠᠵᠤ ᠪᠠᠶᠢᠭ᠎ᠠ ᠰᠢᠨ᠎ᠡ ᠡᠨᠧᠷᠭᠢ ᠶᠢᠨ ᠳᠡᠰ ᠳᠡᠪᠰᠢᠬᠦ ᠥᠭᠡᠷᠡᠴᠢᠯᠡᠯᠲᠡ ᠶᠢ ᠠᠬᠢᠭᠤᠯᠤᠨ᠎ᠠ᠃ ᠰᠠᠯᠬᠢᠨ ᠬᠦᠴᠦᠨ ᠤ ᠴᠠᠬᠢᠯᠭᠠᠨ ᠤ ᠶᠡᠭᠡ ᠪᠠᠷ  ᠪᠠᠭ᠎ᠠ ᠶᠢ ᠣᠷᠣᠯᠠᠭᠤᠯᠬᠤ ᠢᠨᠵᠧᠨᠧᠷᠢᠩ ᠢ ᠥᠷᠨᠢᠭᠦᠯᠦᠨ᠂ ᠳᠠᠩ ᠮᠠᠰᠢᠨ ᠤ ᠪᠠᠭᠲᠠᠭᠠᠮᠵᠢ ᠨᠢ 1.5 ᠰᠠᠶ᠎ᠠ ᠸᠠᠲ ᠪᠤᠶᠤ 15 ᠵᠢᠯ ᠠᠴᠠ ᠳᠡᠭᠡᠭᠰᠢ ᠠᠵᠢᠯᠯᠠᠭᠰᠠᠨ ᠰᠠᠯᠬᠢᠨ  ᠬᠦᠴᠦᠨ ᠤ ᠴᠠᠬᠢᠯᠭᠠᠨ ᠦᠷᠳᠡᠭᠡ ᠶᠢᠨ ᠰᠢᠰᠲ᠋ᠧᠮ ᠢ ᠳᠡᠰ ᠳᠡᠪᠰᠢᠭᠦᠯᠦᠨ ᠰᠢᠯᠢᠳᠡᠭᠵᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ᠰᠢᠨ᠎ᠡ ᠨᠢᠭᠡ ᠦᠶ᠎ᠡ ᠶᠢᠨ ᠥᠨᠳᠥᠷ ᠦᠷ᠎ᠡ ᠪᠦᠲᠦᠮᠵᠢᠲᠡᠶ ᠳᠣᠤᠷ᠎ᠠ ᠥᠪᠡᠷ ᠤᠨ ᠥᠷᠲᠡᠭ ᠲᠠᠢ ᠬᠡᠷᠡᠯ ᠴᠡᠨᠡᠭ ᠦᠢᠯᠡᠳᠬᠦ ᠵᠢᠴᠢ ᠠᠵᠤ ᠦᠢᠯᠡᠰᠵᠢᠭᠰᠡᠨ ᠦᠢᠯᠡᠳᠪᠦᠷᠢᠯᠡᠯ ᠤᠨ ᠮᠡᠷᠭᠡᠵᠢᠯ ᠲᠠᠢ ᠤᠶᠠᠯᠳᠤᠭᠤᠯᠤᠨ᠂ ᠬᠠᠭᠤᠴᠢᠨ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠲᠣᠨᠤᠭ ᠲᠥᠬᠦᠭᠡᠷᠦᠮᠵᠢ᠂ ᠰᠥᠷᠭᠡᠦ ᠬᠤᠪᠢᠰᠬᠠᠭᠤᠷ ᠵᠡᠷᠭᠡ ᠶᠢ ᠥᠭᠡᠷᠡᠴᠢᠯᠡᠨ ᠲᠠᠰ ᠳᠡᠪᠰᠢᠭᠦᠯᠬᠦ ᠶᠢ ᠵᠣᠷᠢᠭᠵᠢᠭᠤᠯᠵᠤ᠂ ᠨᠡᠷᠡᠨ ᠤ ᠡᠨᠧᠷᠭᠢ ᠶᠢ ᠬᠤᠪᠢᠷᠠᠭᠤᠯᠬᠤ ᠦᠷ᠎ᠡ ᠪᠦᠲᠦᠮᠵᠢ ᠪᠠ ᠭᠠᠵᠠᠷ ᠰᠢᠷᠣᠶ ᠶᠢᠨ ᠶᠡᠷᠦᠩᠬᠡᠶᠢᠯᠡᠭᠰᠡᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠠᠶᠢᠮᠠᠭ ᠤᠨ ᠡᠨᠧᠷᠭᠢ ᠶᠢᠨ ᠲᠣᠪᠴᠢᠶ᠎ᠠ︶    ︵ᠬᠤᠶᠠᠷ︶ ᠡᠷᠬᠢᠨ ᠳᠣᠭᠤᠷᠢᠨ ᠤ ᠮᠣᠵᠢ ᠣᠷᠣᠨ ᠠᠯᠣᠰᠯᠠᠭᠰᠠᠨ ᠬᠠᠮᠳᠣᠷᠠᠯᠴᠠᠭ᠎ᠠ ᠦᠷᠨᠢᠬᠦᠯᠵᠦ᠂ ᠴᠡᠪᠡᠷ ᠴᠠᠬᠢᠯᠭᠠᠨ ᠤ ᠬᠡᠷᠡᠭᠴᠡᠭᠡ ᠶᠢ ᠬᠦᠴᠦᠳᠡᠢ ᠬᠠᠩᠭᠠᠨ᠎ᠠ    7. ᠣᠷᠣᠨ ᠤ ᠳᠣᠲᠣᠷᠠᠬᠢ ᠠᠶᠢᠮᠠᠭ ᠬᠤᠲᠠ ᠠᠯᠤᠰᠯᠠᠭᠰᠠᠨ ᠬᠤᠷᠰᠢᠯᠴᠠᠭ᠎ᠠ ᠶᠢ ᠥᠷᠨᠢᠭᠦᠯᠦᠨ᠎ᠡ᠃ ᠠᠯᠠᠱᠠ ᠠᠶᠢᠮᠠᠭ ᠬᠢᠭᠡᠳ ᠬᠥᠷᠰᠢ ᠵᠡᠷᠭᠡᠯᠡᠳᠡᠭᠡ ᠭᠠᠵᠠᠷ ᠣᠷᠣᠨ᠂ ᠡᠷᠭᠢᠨ ᠲᠣᠭᠤᠷᠢᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠳ ᠲᠠᠢ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠬᠦ᠂ ᠳᠡᠭᠡᠳᠦ ᠳᠣᠤᠷᠠᠳᠤ ᠬᠡᠯᠬᠢᠶ᠎ᠡ ᠲᠠᠢ ᠬᠤᠯᠪᠣᠯᠳᠤᠭᠰᠠᠨ ᠠᠵᠤ ᠦᠢᠯᠡᠰ ᠵᠡᠷᠭᠡ ᠲᠠᠯ᠎ᠠ ᠪᠠᠷ ᠬᠠᠮᠲᠤᠷᠠᠯᠴᠠᠬᠤ ᠶᠢ ᠴᠢᠩᠭᠠᠳᠬᠠᠨ᠂ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠠᠯᠠᠱᠠ ᠠᠶᠢᠮᠠᠭ ᠬᠢᠭᠡᠳ ᠦᠬᠠᠶ ᠵᠢᠴᠢ ᠡᠷᠬᠢᠨ ᠲᠣᠭᠤᠷᠢᠨ ᠤ ᠠᠶᠢᠮᠠᠭ ᠬᠤᠲᠠ ᠯᠤᠭ᠎ᠠ ᠶᠢᠨ ᠣᠷᠣᠨ ᠪᠦᠰᠡ ᠶᠢᠨ ᠴᠡᠪᠡᠷ ᠡᠨᠧᠷᠭᠢ ᠶᠢᠨ ᠬᠠᠮᠲᠤᠷᠠᠯᠴᠠᠭ᠎ᠠ ᠶᠢ ᠢᠳᠡᠪᠬᠢᠲᠡᠶ ᠠᠬᠢᠭᠤᠯᠵᠤ᠂ ᠣᠯᠠᠨᠪᠤᠯᠠᠭ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠠᠯᠠᠱᠠ ᠠᠴᠠ ᠤᠯᠠᠭᠠᠨᠴᠠᠪ ᠬᠥᠷᠬᠦ 800 ᠺᠢᠯᠣᠸᠣᠯᠲ ᠤᠨ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠱᠣᠭᠤᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠳᠦᠯᠦᠪᠯᠡᠨ ᠠᠬᠢᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶     8. ᠬᠥᠷᠰᠢ ᠮᠣᠵᠢ ᠯᠤᠭ᠎ᠠ ᠶᠢᠨ ᠴᠡᠪᠡᠷ ᠴᠠᠬᠢᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠪᠠᠷᠢᠮᠲᠠᠯᠠᠵᠤ᠂ ᠠᠯᠠᠱᠠ ᠬᠢᠭᠡᠳ ᠬᠥᠷᠰᠢ ᠵᠡᠷᠭᠡᠯᠡᠳᠡᠭᠡ ᠮᠤᠵᠢ ᠶᠢᠨ ᠡᠬᠢ ᠪᠠᠶᠠᠯᠢᠭ ᠤᠨ ᠬᠦᠴᠦᠨ ᠵᠦᠢᠯ ᠤᠨ ᠭᠦᠨᠵᠡᠭᠡᠶ ᠬᠠᠮᠵᠢᠯᠴᠠᠨ ᠬᠠᠷᠢᠯᠴᠠᠨ ᠨᠥᠬᠦᠪᠥᠷᠢᠯᠡᠬᠦ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠶ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠲᠣᠮᠣ ᠬᠡᠯᠪᠡᠷᠢ ᠶᠢᠨ ᠰᠠᠯᠬᠢ ᠬᠡᠷᠡᠯ  ᠤᠨ ᠡᠨᠧᠷᠭᠢ ᠪᠠᠷ ᠣᠰᠣᠳᠦ᠋ᠷᠦᠭᠴᠢ ᠦᠢᠯᠡᠳᠬᠦ ᠶᠢ ᠨᠢᠭᠡ ᠴᠤᠭᠴᠠᠵᠢᠭᠤᠯᠬᠤ ᠵᠢᠴᠢ ᠤᠰᠤᠲᠥ᠋ᠷᠥᠭᠴᠢ ᠳᠠᠮᠵᠢᠭᠤᠯᠬᠤ ᠂ ᠤᠰᠤᠲᠥ᠋ᠷᠥᠭᠴᠢ ᠬᠡᠷᠡᠭᠯᠡᠬᠦ ᠠᠬᠤᠶ ᠲᠠᠯᠠᠪᠠᠶ ᠶᠢᠨ ᠰᠤᠳᠤᠯᠭᠠᠨ ᠢ ᠥᠷᠨᠢᠭᠦᠯᠵᠦ᠂ ᠠᠯᠠᠱᠠ ᠠᠴᠠ ᠨᠢᠩᠰᠢᠶᠠ ᠶᠢᠨ ᠱᠢ ᠽᠦᠶ ᠱᠠᠨ ᠬᠤᠲᠠ᠂ ᠡᠤ ᠵᠥᠩ ᠬᠤᠲᠠ᠂ ᠳᠡᠷᠡᠰᠦᠨ ᠬᠤᠲᠠ ᠬᠦᠷᠬᠦ ᠴᠡᠪᠡᠷ ᠴᠠᠬᠢᠯᠭᠠᠨ ᠬᠦᠷᠭᠡᠬᠦ ᠲᠤᠰᠬᠠᠶ ᠱᠤᠭᠤᠮ ᠪᠠ ᠴᠡᠪᠡᠷ ᠤᠰᠤᠲᠥ᠋ᠷᠥᠭᠴᠢ ᠶᠢ ᠬᠦᠷᠭᠡᠬᠦ ᠬᠤᠭᠤᠯᠠᠶ ᠶᠢ ᠲᠥᠯᠥᠪᠯᠡᠨ ᠪᠠᠶᠢᠷᠢᠯᠠᠭᠤᠯᠤᠨ᠎ᠠ᠃ ᠭᠠᠨᠰᠦ ᠶᠢᠨ ᠾᠧ ᠰᠢ ᠶᠢᠨ ᠬᠤᠩᠭᠢᠯ ᠤᠨ ᠭᠠᠳᠠᠭᠰᠢ ᠳᠠᠮᠵᠢᠭᠤᠯᠬᠤ ᠱᠣᠭᠤᠮ ᠵᠢᠴᠢ ᠢᠯᠴᠢ ᠶᠢᠨ ᠴᠠᠬᠢᠯᠭᠠᠨ ᠤ ᠦᠢᠯᠡᠳᠪᠦᠷᠢ᠂ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠵᠡᠷᠭᠡ ᠲᠣᠬᠢᠷᠠᠭᠤᠯᠬᠤ ᠴᠢᠨᠠᠷᠲᠠᠶ ᠴᠠᠬᠢᠯᠭᠠᠨ ᠡᠭᠦᠰᠭᠡᠭᠴᠢ ᠳᠤ ᠲᠦᠰᠢᠭᠯᠡᠨ᠂ ᠰᠠᠯᠬᠢ ᠭᠡᠷᠡᠯ ᠢᠯᠴᠢ ᠶᠢ ᠬᠠᠳᠠᠭᠠᠯᠠᠨ ᠬᠠᠮᠳᠣ ᠳᠤᠨᠢ ᠭᠠᠳᠠᠭᠰᠢ ᠳᠠᠮᠵᠢᠭᠤᠯᠬᠤ ᠲᠥᠰᠦᠯ ᠤᠨ ᠰᠤᠳᠤᠯᠭᠠᠨ ᠢ ᠥᠷᠨᠢᠭᠦᠯᠵᠦ᠂ ᠴᠠᠬᠢᠯᠭᠠᠨ ᠲᠣᠤᠷ ᠤᠨ ᠳᠠᠮᠵᠢᠭᠤᠯᠬᠤ ᠠᠷᠭ᠎ᠠ ᠵᠠᠮ ᠢ ᠰᠢᠯᠢᠳᠡᠭᠵᠢᠭᠦᠯᠦᠨ᠂ ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶     ︵ᠭᠤᠷᠪᠠ︶ ᠳᠣᠣᠷ᠎ᠠ ᠨᠡᠭᠦᠷᠡᠰᠦᠳᠦ᠋ᠷᠦᠭᠴᠢᠳᠦ ᠬᠦᠷᠢᠶᠡᠯᠡᠩ ᠳᠣᠭᠤᠷᠢᠭ ᠤᠨ ᠪᠦᠳᠦᠭᠡᠨ ᠪᠠᠶᠢᠭᠤᠯᠣᠯᠳᠠ ᠶᠢ ᠳᠦᠷᠭᠡᠳᠬᠡᠵᠦ᠂ ᠴᠡᠪᠡᠷ ᠳᠡᠰᠢ ᠬᠦᠭᠵᠢᠬᠦ ᠶᠢ ᠠᠬᠢᠭᠤᠯᠣᠨ᠎ᠠ          9. ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠦ ᠦᠢᠯᠡᠳᠪᠦᠷᠢ ᠶᠢᠨ ᠠᠵᠤ ᠦᠢᠯᠡᠰ ᠤᠨ ᠣᠳᠣᠬᠢ ᠪᠠᠶᠢᠳᠠᠯ ᠵᠢᠴᠢ ᠡᠨᠧᠷᠭᠢ ᠬᠡᠷᠡᠭᠯᠡᠬᠦ ᠬᠡᠷᠡᠭᠴᠡᠭᠡ ᠲᠠᠢ ᠤᠶᠠᠯᠳᠤᠭᠤᠯᠤᠨ᠂ ᠡᠨᠧᠷᠭᠢ ᠶᠢᠨ ᠬᠠᠩᠭᠠᠯᠭ᠎ᠠ ᠶᠢᠨ ᠲᠠᠯ᠎ᠠ᠂ ᠡᠨᠧᠷᠭᠢ ᠶᠢᠨ ᠬᠡᠷᠡᠭᠯᠡᠭᠡᠨ ᠤ ᠲᠠᠯ᠎ᠠ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠢᠩᠭᠡᠭᠡᠨ ᠠᠪᠬᠤ ︽ᠭᠤᠷᠪᠠ ᠶᠢ ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ  ᠪᠠᠭᠠᠰᠬᠠᠵᠦ᠂ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠧᠷᠭᠢ ᠶᠢᠨ ᠬᠠᠩᠭᠠᠯᠭ᠎ᠠ ᠶᠢᠨ ᠲᠠᠯ᠎ᠠ ᠳᠤ ︽ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠡᠪᠡᠷ ᠴᠠᠬᠢᠯᠭᠠᠨ ᠬᠠᠩᠭᠠᠬᠤ︾᠂ ︽ᠢᠯᠴᠢ ᠶᠢᠨ ᠴᠠᠬᠢᠯᠭᠠᠨ ᠢ ᠠᠮᠢᠳᠣᠯᠢᠭ ᠦᠭᠡᠷᠡᠴᠢᠯᠡᠬᠦ︾᠂ ︽ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ︾᠂ ︽ᠴᠠᠬᠢᠯᠭᠠᠨ ᠡᠭᠦᠰᠭᠡᠭᠴᠢ᠂ ᠳᠣᠣᠷ᠂ ᠳᠠᠭᠠᠭᠠᠴᠠ᠂ ᠨᠦᠭᠡᠴᠡ ᠶᠢ ᠨᠢᠭᠡ ᠴᠣᠭᠴᠠᠵᠢᠭᠤᠯᠬᠤ︾ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠡᠷᠡᠯ ᠢᠯᠴᠢ ᠶᠢᠨ ᠴᠠᠬᠢᠯᠭᠠᠨ ᠦᠷᠳᠡᠭᠡ᠂ ᠰᠢᠨ᠎ᠡ ᠬᠡᠯᠪᠡᠷᠢ ᠶᠢᠨ ᠡᠨᠧᠷᠬᠢ ᠨᠦᠭᠡᠴᠡᠯᠡᠬᠦ ᠳᠣᠬᠠᠢ ᠵᠢᠱᠢᠶ᠎ᠡ ᠦᠵᠡᠬᠦᠯᠬᠦ ᠪᠠᠶᠢᠭᠤᠯᠣᠯᠳᠠ ᠶᠢ ᠠᠳᠠᠯᠢ ᠠᠯᠬᠤᠮ ᠢᠶᠠᠷ ᠠᠬᠢᠭᠤᠯᠣᠨ᠎ᠠ︔ ᠬᠡᠷᠡᠭᠯᠡᠭᠴᠢ ᠶᠢᠨ ᠲᠠᠯ᠎ᠠ ᠳᠤ ᠬᠡᠷᠡᠯ ᠢᠯᠴᠢ +ᠢᠯᠴᠢ ᠶᠢᠨ ᠡᠨᠧᠷᠭᠢ ᠬᠠᠳᠠᠭᠠᠯᠠᠬᠤ ᠶᠢ ᠴᠡᠪᠡᠷ ᠡᠨᠧᠷᠭᠢ ᠪᠠᠷ ᠣᠷᠣᠯᠠᠭᠤᠯᠬᠤ ᠰᠢᠰᠲ᠋ᠧᠮ ᠢ ᠪᠥᠲᠥᠭᠡᠨ ᠪᠠᠶᠢᠭᠤᠯᠵᠤ ᠂ ᠴᠡᠪᠡᠷ ᠴᠠᠬᠢᠯᠭᠠᠨ ᠢᠶᠠᠷ ᠤᠰᠤᠲᠥ᠋ᠷᠥᠭᠴᠢ ᠶᠢ ᠦᠢᠯᠡᠳᠬᠦ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ᠂ ᠴᠡᠪᠡᠷ ᠪᠠᠷᠠᠭᠠᠨ ᠤ ᠭᠦᠢᠯᠭᠡᠭᠡ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠤᠭᠯᠠᠭᠤᠯᠬᠤ ᠵᠡᠷᠭᠡ ᠲᠤᠤᠷ᠎ᠠ ᠨᠡᠭᠦᠷᠡᠰᠦᠲᠥ᠋ᠷᠥᠭᠴᠢᠳᠦ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂  ᠠᠮᠢ ᠠᠬᠤᠢ  ᠶᠢᠨ ᠵᠠᠰᠠᠯᠳᠠ᠂ ᠳᠠᠷᠢᠶᠠᠯᠠᠩ ᠤᠨ ᠬᠦᠯᠡᠮᠵᠢ ᠵᠡᠷᠭᠡ ᠶᠢ ᠣᠶᠠᠯᠳᠣᠭᠤᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠴᠣᠭᠯᠠᠭᠤᠯᠵᠦ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠠᠬᠢᠨ ᠡᠭᠦᠰᠴᠦ ᠪᠣᠯᠬᠤ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠨ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠪᠠ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ ᠪᠠᠭᠠᠰᠬᠠᠵᠤ᠂ 2025 ᠣᠨ ᠪᠣᠯᠬᠤ ᠳᠤ᠂ ᠬᠦᠷᠢᠶᠡᠯᠡᠩ ᠲᠣᠭᠤᠷᠢᠭ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 1053 ᠲᠦᠮᠡᠨ ᠲᠣᠨ ᠪᠠᠭᠠᠰᠬᠠᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠴᠠᠬᠢᠯᠭᠠᠨ ᠬᠦᠴᠦᠨ ᠤ ᠬᠡᠷᠡᠭᠯᠡᠭᠡᠨ ᠤ ᠡᠵᠡᠯᠡᠬᠦ ᠬᠠᠷᠢᠴᠠᠯ ᠢ 50% ᠠᠴᠠ ᠳᠣᠤᠷ᠎ᠠ ᠪᠠᠶᠢᠯᠭᠠᠬᠤ ᠥᠬᠡᠶ ᠪᠠᠷ ᠪᠥᠲᠥᠭᠡᠨ ᠪᠠᠶᠢᠭᠤᠯᠬᠤ ᠬᠠᠷᠠᠯᠲᠠ ᠶᠢ ᠪᠡᠶᠡᠯᠡᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︶    ︵ᠲᠦᠷᠪᠡ︶ ᠰᠠᠯᠬᠢ ᠭᠡᠷᠡᠯ ᠤᠨ ᠡᠨᠧᠷᠬᠢ ᠤᠰᠤᠲᠥ᠋ᠷᠥᠭᠴᠢ ᠶᠢ ᠨᠥᠭᠡᠴᠡᠯᠡᠬᠦ ᠬᠡᠯᠬᠢᠶ᠎ᠡ ᠶᠢ ᠣᠷᠳᠣᠳᠬᠠᠨ ᠨᠥᠬᠦᠪᠦᠷᠢᠯᠡᠵᠦ᠂ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠦᠨ᠎ᠡ    10. ᠴᠡᠪᠡᠷ ᠤᠰᠤᠲᠥ᠋ᠷᠥᠭᠴᠢ ᠰᠢᠪᠲᠦᠷ ᠠᠯᠺᠤᠤᠯ ᠢ ᠬᠡᠷᠡᠭᠯᠡᠬᠦ ᠠᠬᠤᠢ ᠳᠠᠯᠠᠪᠠᠢ ᠶᠢ ᠥᠷᠭᠡᠳᠬᠡᠨ᠎ᠡ᠃ ᠪᠦᠬᠦ ᠠᠶᠢᠮᠠᠭ ᠤᠨ ᠳᠠᠬᠢᠨ ᠡᠭᠦᠰᠴᠦ ᠪᠣᠯᠬᠤ ᠡᠨᠧᠷᠭᠢ ᠶᠢ ᠨᠡᠭᠡᠭᠡᠨ ᠠᠰᠢᠭᠯᠠᠬᠤ ᠳᠠᠪᠠᠭᠤᠯᠢᠭ ᠪᠠ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠳᠦᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ᠴᠡᠪᠡᠷ ᠤᠰᠤᠲᠥ᠋ᠷᠥᠭᠴᠢ ᠶᠢᠨ ᠬᠢᠮᠢ ᠶᠢᠨ ᠠᠵᠤ ᠦᠢᠯᠡᠳᠪᠦᠷᠢ ᠶᠢ ᠶᠡᠬᠡᠪᠡᠷ ᠬᠥᠭᠵᠢᠭᠦᠯᠦᠨ᠎ᠡ᠃ ᠣᠳᠣ ᠪᠠᠶᠢᠭ᠎ᠠ ᠠᠵᠤ ᠦᠢᠯᠡᠳᠪᠦᠷᠢ ᠶᠢᠨ ᠰᠠᠭᠤᠷᠢ ᠳᠤ ᠳᠦᠰᠢᠭᠯᠡᠨ ᠤᠰᠤᠲᠥ᠋ᠷᠥᠭᠴᠢ ᠡᠨᠧᠷᠭᠢ ᠪᠠᠷ ᠤᠯᠠᠮᠵᠢᠯᠠᠯᠲᠤ ᠴᠢᠯᠠᠭᠤᠨ ᠳᠣᠰᠣ ᠬᠢᠮᠢ ᠶᠢᠨ ᠡᠨᠧᠷᠭᠢ ᠶᠢ ᠣᠷᠣᠯᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷ᠎ᠠ ᠮᠡᠷᠭᠡᠵᠢᠯ ᠳᠡᠰᠢ ᠬᠥᠭᠵᠢᠬᠦ ᠶᠢ ᠠᠬᠢᠭᠤᠯᠤᠨ᠎ᠠ︔ ᠠᠵᠤ ᠦᠢᠯᠡᠳᠪᠦᠷᠢ ᠶᠢᠨ ᠳᠠᠭᠠᠯᠲᠠ ᠪᠦᠲᠦᠭᠡᠭᠳᠡᠬᠦᠨ ᠤᠰᠤᠲᠥ᠋ᠷᠥᠭᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠳᠡᠭᠡᠭᠰᠢᠯᠡᠭᠦᠯᠬᠦ ᠶᠢᠨ ᠬᠠᠮᠲᠤ᠂ ᠴᠡᠪᠡᠷ ᠤᠰᠤᠲᠥ᠋ᠷᠥᠭᠴᠢ ᠪᠠᠷ ᠲᠦᠭᠦᠬᠡᠶ ᠮᠠᠲ᠋ᠧᠷᠢᠶᠠᠯ ᠪᠣᠯᠭᠠᠬᠤ᠂ ᠲᠦᠯᠡᠰᠢ ᠦᠢᠯᠡᠳᠪᠦᠷᠢᠯᠡᠬᠦ ᠮᠡᠷᠭᠡᠵᠢᠯ ᠤᠨ ᠠᠵᠤ ᠦᠢᠯᠡᠰ ᠤᠨ ᠬᠡᠯᠬᠢᠶ᠎ᠡ ᠶᠢ ᠣᠷᠣᠭᠤᠯᠤᠨ ᠠᠪᠴᠢᠷᠠᠵᠤ᠂ ︽ᠡᠨᠧᠷᠭᠢ ᠶᠡᠭᠡ ᠵᠠᠷᠣᠴᠠᠭᠤᠯᠵᠦ ᠪᠣᠬᠢᠷᠳᠣᠯ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠲᠥᠪᠯᠡᠷᠡᠯ ᠤᠨ ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ︔ ᠨᠡᠭᠦᠷᠡᠰᠦᠲᠥ᠋ᠷᠥᠭᠴᠢ ᠶᠢ ᠴᠤᠭᠯᠠᠭᠤᠯᠬᠤ ᠪᠠ ᠬᠠᠳᠠᠭᠠᠯᠠᠬᠤ ᠮᠡᠷᠭᠡᠵᠢᠯ ︵CCUS︶ ᠢ ᠳᠡᠯᠭᠡᠷᠡᠭᠦᠯᠵᠦ᠂ ᠣᠳᠣ ᠪᠠᠶᠢᠭ᠎ᠠ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠴᠡᠪᠡᠷ ᠤᠰᠤᠲᠥ᠋ᠷᠥᠭᠴᠢ ᠪᠠᠷ ᠨᠡᠶᠢᠯᠡᠮᠡᠯ ᠰᠢᠪᠲᠦᠷ᠂ ᠳᠡᠭᠡᠳᠦ ᠲᠠᠰ ᠤᠨ ᠠᠽᠣᠲ ᠪᠣᠷᠳᠣᠭᠤᠷ᠂ ᠮᠧᠲ᠋ᠢᠯ ᠠᠯᠺᠣᠣᠯ᠂ ᠤᠰᠤᠲᠥ᠋ᠷᠥᠭᠴᠢᠲᠦ ᠴᠡᠨᠡᠭ ᠦᠢᠯᠡᠳᠬᠦ ᠵᠡᠷᠭᠡ ᠠᠵᠤ ᠦᠢᠯᠡᠰ ᠢ ᠠᠬᠢᠭᠤᠯᠤᠨ᠎ᠠ︔ ᠴᠡᠪᠡᠷ ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ ᠮᠡᠷᠭᠡᠵᠢᠯ ᠢ ᠰᠤᠳᠤᠯᠤᠨ ᠨᠡᠭᠡᠭᠡᠵᠦ ᠬᠡᠷᠡᠭᠯᠡᠬᠦ ᠶᠢ ᠵᠣᠷᠢᠭᠵᠢᠭᠤᠯᠵᠤ᠂ ᠲᠡᠮᠦᠷᠯᠢᠭ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠳᠤ ᠤᠰᠤᠲᠥ᠋ᠷᠥᠭᠴᠢ ᠡᠨᠧᠷᠬᠢ ᠪᠠᠷ ᠣᠷᠣᠯᠠᠭᠤᠯᠬᠤ ᠶᠢ ᠠᠬᠢᠭᠤᠯᠤᠨ᠎ᠠ︔ ᠰᠢᠩᠭᠡᠨ ᠤᠰᠤᠲᠥ᠋ᠷᠥᠭᠴᠢ ᠶᠢ ᠰᠠᠨᠰᠠᠷ ᠤᠨ ᠬᠦᠷᠢᠶᠡᠨ ᠳᠤ ᠬᠡᠷᠡᠭᠯᠡᠬᠦ ᠶᠢ ᠠᠬᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠳᠤ ᠤᠰᠤᠲᠥ᠋ᠷᠥᠭᠴᠢ ᠶᠢ ᠨᠡᠮᠡᠬᠦ ᠵᠢᠴᠢ ᠤᠰᠤᠲᠥ᠋ᠷᠥᠭᠴᠢ ᠪᠠᠷ ᠦᠨᠳᠦᠷ ᠶᠠᠰᠤ ᠴᠢᠨᠠᠷ ᠲᠠᠢ ᠢᠯᠴᠢ ᠡᠭᠦᠰᠭᠡᠭᠴᠢ ᠪᠣᠯᠭᠠᠨ ᠬᠡᠷᠡᠭᠯᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠳᠠᠬᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠥᠨᠳᠥᠷ ᠪᠦᠲᠦᠮᠵᠢᠲᠡᠶ ᠪᠠᠷ ᠴᠤᠭᠯᠠᠭᠤᠯᠬᠤ ᠶᠢᠨ ᠬᠠᠮᠲᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠡᠭᠦᠯ ᠤᠨ ᠬᠡᠢ ᠳᠠᠬᠢ ᠤᠰᠤᠲᠥ᠋ᠷᠥᠭᠴᠢ ᠶᠢ ᠪᠦᠲᠦᠮᠵᠢᠲᠡᠶ ᠪᠠᠷ ᠠᠰᠢᠭᠯᠠᠨ ᠪᠠᠭ᠎ᠠ ᠨᠡᠭᠦᠷᠡᠰᠦᠲᠥ᠋ᠷᠥᠭᠴᠢᠲᠦ ᠬᠥᠬᠡ ᠠᠯᠺᠣᠣᠯ ᠦᠢᠯᠡᠳᠦᠨ᠎ᠠ︔ ᠰᠠᠯᠬᠢᠨ ᠭᠡᠷᠡᠯ ᠤᠨ ᠡᠬᠢ ᠪᠠᠶᠠᠯᠢᠭ ᠤᠨ ᠴᠠᠬᠢᠯᠭᠠᠨ ᠢ ᠵᠠᠳᠠᠯᠣᠭᠰᠠᠨ ᠤᠰᠤ ᠪᠠᠷ ᠤᠰᠤᠲᠥ᠋ᠷᠥᠭᠴᠢ ᠶᠢ ᠦᠢᠯᠡᠳᠬᠦ ᠪᠠ ᠳᠠᠬᠢᠨ ᠡᠭᠦᠰᠴᠦ ᠪᠣᠯᠬᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠲᠦᠷᠭᠡᠳᠭᠡᠵᠦ ᠴᠡᠪᠡᠷ ᠮᠧᠲ᠋ᠢᠯ ᠠᠯᠺᠣᠤᠯ ᠬᠢᠬᠦ ᠬᠤᠶᠠᠷ ᠵᠦᠢᠯ ᠤᠨ ᠥᠩᠭᠡᠷᠡᠯᠲᠡ ᠲᠠᠢ ᠤᠶᠠᠯᠳᠤᠭᠤᠯᠤᠨ᠂ ︽ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠧᠲ᠋ᠢᠯ ᠠᠯᠺᠣᠣᠯ︾ ᠦᠢᠯᠡᠳᠬᠦ ᠦᠢᠯᠡᠳᠪᠦᠷᠢ ᠶᠢ ᠪᠦᠲᠦᠭᠡᠨ ᠪᠠᠶᠢᠭᠤᠯᠵᠤ᠂ ᠴᠡᠪᠡᠷ ᠴᠠᠬᠢᠯᠭᠠᠨ ᠤ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠲᠠᠢ ᠰᠢᠩᠭᠡᠭᠡᠬᠦ ᠪᠠ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠦᠲᠦᠮᠵᠢᠲᠡᠶ ᠠᠬᠢᠭᠤᠯᠤᠨ᠎ᠠ᠃ ᠮᠧᠲ᠋ᠢᠯ ᠠᠯᠺᠣᠤᠯ ᠨᠡᠮᠡᠵᠦ ᠣᠷᠣᠭᠤᠯᠬᠤ᠂ ᠳᠠᠮᠵᠢᠭᠤᠯᠤᠨ ᠲᠣᠬᠢᠷᠠᠭᠤᠯᠬᠤ᠂ ᠬᠠᠳᠠᠭᠠᠯᠠᠬᠤ᠂ ᠠᠷᠠᠯᠵᠢᠶᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠪᠠ ᠮᠧᠲ᠋ᠢᠯ ᠠᠯᠺᠣᠤᠯ ᠬᠡᠷᠡᠭᠰᠡᠬᠦ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠢᠳᠡᠪᠬᠢᠲᠡᠶ ᠠᠬᠢᠭᠤᠯᠵᠤ᠂ ᠮᠧᠲ᠋ᠢᠯ ᠠᠯᠺᠣᠤᠯ ᠬᠡᠷᠡᠭᠰᠡᠬᠦ ᠮᠠᠰᠢᠨ ᠲᠡᠷᠭᠡᠨ ᠤ ᠠᠵᠤ ᠦᠢᠯᠡᠰ ᠤᠨ ᠣᠷᠴᠢᠨ ᠢ ᠪᠣᠢ ᠪᠣᠯᠭᠠᠨ᠂ ᠰᠢᠩᠭᠡᠨ ᠪᠡᠶᠡᠲᠦ ᠨᠡᠷᠡᠨ ᠡᠨᠧᠷᠭᠢ ᠶᠢᠨ ᠮᠧᠲ᠋ᠢᠯ ᠠᠯᠺᠣᠤᠯ ᠤᠨ ᠠᠵᠤ ᠠᠬᠤᠶ ᠶᠢᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ︽ᠰᠢᠨ᠎ᠡ ᠦᠨᠳᠦᠷᠯᠢᠭ︾ ᠪᠠ ᠪᠦᠬᠦ ᠤᠯᠤᠰ ᠤᠨ ᠴᠡᠪᠡᠷ ᠮᠧᠲ᠋ᠢᠯ ᠠᠯᠺᠣᠤᠯ ᠭᠠᠳᠠᠭᠰᠢ ᠭᠠᠷᠭᠠᠬᠤ ᠴᠢᠬᠤᠯᠠ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ᠣᠬᠤᠷᠬᠠᠨ ᠵᠠᠢ ᠳᠤ ᠲᠡᠭᠡᠭᠡᠪᠦᠷᠢᠯᠡᠬᠦ᠂ ᠳᠣᠭᠳᠠᠭᠰᠠᠨ ᠵᠠᠮ ᠱᠤᠭᠤᠮ ᠤᠨ ᠲᠡᠭᠡᠭᠡᠪᠦᠷᠢ ᠶᠢᠨ ᠬᠡᠷᠡᠭᠴᠡᠭᠡ ᠳᠤ ᠴᠢᠭᠯᠡᠨ ᠮᠧᠲ᠋ᠢᠯ ᠠᠯᠺᠣᠤᠯ ᠬᠡᠷᠡᠭᠰᠡᠬᠦ ᠬᠦᠨᠳᠦ ᠠᠴᠢᠶᠠᠨ ᠤ ᠮᠠᠰᠢᠨ ᠢ ᠦᠢᠯᠡᠳᠪᠦᠷᠢᠯᠡᠵᠦ ᠦᠢᠯᠡᠳᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠣᠭᠤᠮᠲᠠ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠮᠧᠲ᠋ᠢᠯ ᠠᠯᠺᠣᠤᠯ ᠬᠡᠷᠡᠭᠰᠡᠬᠦ ᠬᠦᠨᠳᠦ ᠠᠴᠢᠶᠠᠨ ᠤ ᠮᠠᠰᠢᠨ ᠬᠡᠷᠡᠭᠯᠡᠬᠦ ᠶᠢ ᠵᠣᠷᠢᠭᠵᠢᠭᠤᠯᠤᠨ᠎ᠠ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ︶    11. ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠮᠡᠷᠭᠡᠵᠢᠯ ᠤᠨ ᠪᠣᠳᠠᠳᠣ ᠬᠦᠴᠦᠨ ᠲᠠᠢ ᠠᠵᠦ ᠠᠬᠤᠶᠢᠯᠠᠯ᠂ ᠰᠢᠨᠵᠢᠯᠡᠬᠦ ᠣᠬᠠᠭᠠᠨ ᠤ ᠰᠣᠳᠣᠯᠭᠠᠨ ᠤ ᠬᠦᠷᠢᠶᠡᠯᠡᠩ ᠤᠨ ᠴᠡᠪᠡᠷ ᠴᠠᠬᠢᠯᠭᠠᠨ ᠢᠶᠠᠷ ᠲᠣᠣᠷ ᠰᠠᠯᠵᠦ ᠣᠰᠣᠳᠦ᠋ᠷᠦᠭᠴᠢ ᠦᠢᠯᠡᠳᠬᠦ ᠶᠢ ᠰᠦᠪᠡᠭᠴᠢᠯᠡᠨ ᠬᠦᠭᠵᠢᠬᠦᠯᠬᠦ ᠶᠢ ᠵᠣᠷᠢᠠᠠᠵᠢᠭᠤᠯᠥᠨ᠎ᠠ᠃ ᠵᠢᠱᠢᠶ᠎ᠡ ᠦᠵᠡᠭᠦᠯᠬᠦ ᠳᠤ ᠣᠷᠣᠭᠤᠯᠤᠭᠰᠠᠨ ᠰᠠᠯᠬᠢ ᠭᠡᠷᠡᠯ ᠤᠨ ᠡᠨᠧᠷᠬᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠳᠤ᠂ ᠤᠰᠤᠲᠥ᠋ᠷᠥᠭᠴᠢ ᠦᠢᠯᠡᠳᠬᠦ ᠳᠤ ᠬᠡᠷᠡᠭᠰᠡᠬᠦ ᠴᠠᠬᠢᠯᠭᠠᠨ ᠤ ᠬᠡᠮᠵᠢᠶᠡᠨ ᠤ 1.2 ᠳᠠᠬᠢᠨ ᠢᠶᠠᠷ ᠰᠢᠨ᠎ᠡ ᠡᠨᠧᠷᠭᠢ ᠶᠢᠨ ᠬᠡᠪᠴᠢᠶ᠎ᠡ ᠶᠢ ᠲᠣᠬᠢᠷᠠᠭᠤᠯᠤᠨ᠎ᠠ᠃ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠤᠨ ᠵᠢᠯ ᠤᠨ ᠴᠡᠪᠡᠷ ᠲᠣᠣᠷᠵᠢᠯ ᠳᠤ ᠣᠷᠣᠭᠰᠠᠨ ᠴᠠᠬᠢᠯᠭᠠᠨ ᠤ ᠬᠡᠮᠵᠢᠶ᠎ᠡ ᠶᠢ ᠵᠢᠯ ᠤᠨ ᠰᠢᠨ᠎ᠡ ᠡᠨᠧᠷᠭᠢ ᠶᠢᠨ ᠶᠡᠷᠦᠩᠬᠡᠢ ᠴᠠᠬᠢᠯᠭᠠᠨ ᠭᠠᠷᠭᠠᠬᠤ ᠬᠡᠮᠵᠢᠶ᠎ᠡ ᠶᠢᠨ 20% ᠠᠴᠠ ᠬᠡᠲᠦᠷᠡᠭᠦᠯᠵᠦ ᠪᠣᠯᠬᠤ ᠦᠭᠡᠢ᠂ ᠲᠣᠣᠷᠵᠢᠯ ᠳᠤ ᠣᠷᠣᠭᠰᠠᠨ ᠴᠠᠬᠢᠯᠭᠠᠨ ᠤ ᠦᠨ᠎ᠡ ᠶᠢ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠣᠰᠣᠭᠠᠷ ᠬᠡᠷᠡᠭᠵᠢᠭᠦᠯᠵᠦ᠂ ᠰᠠᠷ᠎ᠠ ᠪᠠᠷ ᠳ᠋ᠦᠩᠨᠡᠨ ᠪᠣᠳᠣᠵᠤ᠂ ᠵᠢᠯ ᠢᠶᠠᠷ ᠬᠠᠷᠭᠤᠭᠤᠯᠣᠨ ᠳᠣᠭᠠᠴᠠᠭᠠᠯᠠᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶    12. ᠤᠰᠤᠲᠥ᠋ᠷᠥᠭᠴᠢ ᠡᠨᠧᠷᠭᠢ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠤᠷᠢᠳᠠᠪᠠᠷ ᠪᠠᠶᠢᠷᠢᠯᠠᠭᠤᠯᠤᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ  ᠣᠷᠣᠨ᠂ ᠬᠤᠶᠠᠷᠬᠤᠳᠳᠤᠭ ᠤᠨ ᠬᠦᠳᠡᠭᠡ ᠠᠮᠢ ᠠᠬᠤᠢ ᠶᠢᠨ ᠵᠢᠱᠢᠶ᠎ᠡ ᠦᠵᠡᠭᠦᠯᠬᠦ ᠣᠷᠣᠨ ᠳᠤ ︽ᠰᠠᠯᠬᠢ ᠭᠡᠷᠡᠯ ᠤᠨ ᠡᠨᠧᠷᠬᠢ ᠶᠢ  ᠨᠦᠭᠡᠴᠡᠯᠡᠬᠦ +ᠣᠰᠣᠳᠦ᠋ᠷᠦᠭᠴᠢ︾᠂ ︽  ᠡᠭᠦᠰᠭᠡᠭᠴᠢ ᠲᠣᠣᠷ ᠳᠠᠭᠠᠭᠠᠴᠠ ᠨᠦᠭᠡᠴᠡᠯᠡᠬᠦ+ ᠣᠰᠣᠳᠦ᠋ᠷᠦᠭᠴᠢ ︾ ᠵᠡᠷᠭᠡ ᠰᠢᠨ᠎ᠡ ᠡᠨᠧᠷᠭᠢ ᠪᠠᠷ ᠣᠰᠣᠳᠦ᠋ᠷᠦᠭᠴᠢ ᠣᠶᠢᠯᠠᠳᠬᠦ ᠵᠢᠱᠢᠶ᠎ᠡ ᠦᠵᠡᠭᠦᠯᠬᠦ ᠶᠢ ᠡᠩ ᠲᠡᠷᠢᠭᠦᠨ ᠳᠤ ᠦᠷᠨᠢᠭᠦᠯᠵᠦ᠂ ᠰᠢᠨ᠎ᠡ ᠡᠨᠧᠷᠭᠢ ᠪᠠᠷ ᠣᠰᠣᠳᠦ᠋ᠷᠦᠭᠴᠢ ᠦᠢᠯᠡᠳᠬᠦ ᠶᠢ ᠭᠡᠪᠴᠢᠶᠡᠵᠢᠭᠦᠯᠦᠨ ᠬᠦᠭᠵᠢᠬᠦᠯᠬᠦ ᠶᠢ ᠠᠬᠢᠭᠤᠯᠤᠨ᠎ᠠ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠦᠷᠡᠰᠦ ᠬᠢᠮᠢ ᠶᠢᠨ ᠠᠵᠦ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠦ ᠦᠢᠯᠡᠳᠪᠦᠷᠢ ᠵᠡᠷᠭᠡ ᠬᠤᠶᠠᠷ ᠶᠡᠭᠡ ᠠᠵᠦ ᠦᠢᠯᠡᠰ ᠳᠦᠪᠯᠡᠷᠡᠭᠰᠡᠨ ᠳᠠᠪᠠᠭᠤᠯᠢᠭ ᠲᠤ ᠲᠦᠰᠢᠭᠯᠡᠨ᠂ ᠠᠵᠦ ᠦᠢᠯᠡᠳᠪᠦᠷᠢ ᠶᠢᠨ ᠳᠠᠭᠠᠯᠲᠠ ᠪᠦᠳᠦᠭᠡᠭᠳᠡᠬᠦᠨ ᠤᠰᠤᠲᠥ᠋ᠷᠥᠭᠴᠢ ᠶᠢ ᠡᠩ ᠲᠡᠷᠢᠭᠦᠨ ᠳᠤ ᠠᠰᠢᠭᠯᠠᠵᠤ᠂ ᠣᠶᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠶᠢ ᠵᠣᠷᠢᠭᠵᠢᠭᠤᠯᠵᠤ᠂ ᠤᠰᠤᠲᠥ᠋ᠷᠥᠭᠴᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ ᠲᠣᠮᠣ ᠬᠡᠯᠪᠡᠷᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠲᠥᠪᠯᠡᠷᠡᠭᠰᠡᠨ ᠭᠠᠵᠠᠷ ᠣᠷᠣᠨ ᠵᠢᠴᠢ ᠤᠰᠤᠲᠥ᠋ᠷᠥᠭᠴᠢ ᠡᠨᠧᠷᠭᠢ ᠶᠢ ᠭᠡᠷᠡᠭᠯᠡᠬᠦ ᠵᠢᠱᠢᠶ᠎ᠡ ᠦᠵᠡᠭᠦᠯᠬᠦ ᠣᠷᠣᠨ ᠳᠤ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠥᠷᠨᠢᠭᠦᠯᠦᠨ᠎ᠡ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶    ︵ᠲᠠᠪᠤ︶ ᠲᠣᠬᠢᠷᠠᠭᠤᠯᠬᠤ ᠴᠢᠨᠠᠷᠲᠠᠢ ᠴᠠᠬᠢᠯᠭᠠᠨ ᠡᠭᠦᠰᠬᠡᠭᠴᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠰᠢᠰᠲ᠋ᠧᠮ ᠢ ᠪᠠᠶᠢᠭᠤᠯᠤᠨ᠎ᠠ    13. ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠲᠥᠯᠥᠪᠯᠡᠨ᠎ᠡ᠃ ᠰᠢᠨ᠎ᠡ ᠬᠡᠯᠪᠡᠷᠢ ᠶᠢᠨ ᠨᠥᠭᠡᠴᠡ ᠡᠨᠧᠷᠭᠢ ᠶᠢ ᠵᠠᠬ᠎ᠠ ᠳᠡᠯᠭᠡᠭᠦᠷᠴᠢᠯᠡᠬᠦ᠂ ᠬᠡᠪᠴᠢᠶᠡᠵᠢᠭᠦᠯᠦᠨ ᠬᠥᠭᠵᠢᠭᠦᠯᠬᠦ ᠶᠢ ᠢᠳᠡᠪᠬᠢᠲᠡᠶ ᠠᠬᠢᠭᠤᠯᠵᠤ᠂ ᠪᠦᠬᠦᠯᠢ ᠴᠣᠭᠴᠠ ᠪᠠᠷ ᠨᠢ ᠲᠣᠬᠢᠷᠠᠭᠤᠯᠬᠤ ᠪᠠ ᠳᠠᠪᠲᠠᠮᠵᠢ ᠶᠢ ᠲᠣᠬᠢᠷᠠᠭᠤᠯᠬᠤ ᠭᠦᠨᠴᠡ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢ ᠰᠢᠩᠭᠡᠭᠡᠨ ᠠᠪᠬᠤ ᠶᠢ ᠪᠠᠲᠤᠯᠠᠨ᠎ᠠ᠃ ᠭᠠᠳᠠᠭᠰᠢ ᠬᠦᠷᠭᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠵᠡᠭᠦᠨ ᠪᠡᠯ᠂ ᠰᠣᠯᠢᠳᠠᠢ᠂ ᠣᠯᠠᠨᠪᠤᠯᠠᠭ ᠵᠡᠷᠭᠡ 3 ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢ ᠲᠥᠯᠥᠪᠯᠡᠨ ᠪᠠᠶᠢᠷᠢᠰᠢᠭᠤᠯᠵᠤ᠂ ᠥᠷᠲᠡᠭᠡᠨ ᠤ ᠪᠠᠶᠢᠷᠢ ᠶᠢᠨ ᠨᠥᠬᠦᠴᠡᠯ ᠢ ᠪᠥᠬᠦ ᠲᠠᠯ᠎ᠠ ᠪᠠᠷ ᠤᠶᠢᠯᠠᠭᠠᠨ᠂ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠥᠷᠨᠢᠭᠦᠯᠵᠦ᠂ ᠡᠷᠲᠡᠬᠡᠨ ᠤᠯᠤᠰ ᠤᠨ ᠲᠥᠯᠥᠪᠵᠢᠭᠦᠯᠭᠡ ᠳᠤ ᠣᠷᠣᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ︶    14. ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠰᠢᠰᠲ᠋ᠧᠮ ᠢ ᠬᠥᠭᠵᠢᠭᠦᠯᠦᠨ᠎ᠡ᠃ ᠴᠡᠪᠡᠷ ᠡᠨᠧᠷᠭᠢ ᠶᠢᠨ ᠰᠠᠭᠤᠷᠢᠨ ᠭᠠᠵᠠᠷ ᠵᠢᠴᠢ ᠴᠠᠬᠢᠯᠭᠠᠨ ᠬᠦᠷᠭᠡᠬᠦ ᠱᠣᠭᠤᠮ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠭᠤᠤᠯᠳᠠᠯᠭ᠎ᠠ ᠲᠠᠢ ᠨᠢᠭᠡᠳᠦᠯᠲᠡᠶ ᠲᠥᠯᠥᠪᠯᠡᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ᠂ ᠠᠭᠠᠷ ᠢ ᠠᠪᠴᠢᠭᠤᠯᠵᠦ ᠡᠨᠧᠷᠭᠢ ᠨᠥᠭᠡᠴᠡᠯᠡᠬᠦ᠂ ᠡᠷᠴᠢᠯᠡᠬᠦᠷ ᠬᠦᠷᠳᠦ ᠪᠠᠷ ᠡᠨᠧᠷᠭᠢ ᠬᠠᠳᠠᠭᠠᠯᠠᠬᠤ᠂ ᠢᠯᠴᠢ ᠬᠠᠳᠠᠭᠠᠯᠠᠵᠤ ᠡᠨᠧᠷᠭᠢ ᠬᠠᠳᠠᠭᠠᠯᠠᠬᠤ ᠶᠢ ᠰᠦᠪᠡᠭᠴᠢᠯᠡᠨ ᠪᠠᠶᠢᠷᠢᠯᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠨᠢᠭᠡ ᠴᠣᠭᠴᠠᠵᠢᠭᠤᠯᠤᠨ ᠲᠥᠯᠥᠪᠵᠢᠭᠦᠯᠵᠦ᠂ ᠵᠡᠷᠭᠡ ᠪᠠᠷ ᠪᠦᠲᠦᠭᠡᠨ ᠪᠠᠶᠢᠭᠤᠯᠵᠤ᠂ ᠬᠠᠮᠲᠤᠷᠠᠨ ᠠᠵᠢᠯᠯᠠᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ︶    ︵ᠵᠢᠷᠭᠤᠭ᠎ᠠ︶ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠯᠠᠭᠤᠯᠣᠯᠳᠠ ᠶᠢ ᠰᠢᠨᠡᠴᠢᠯᠡᠵᠦ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠠᠬᠢᠭᠤᠯᠤᠨ᠎ᠠ    15. ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠢ ᠬᠥᠭᠵᠢᠭᠦᠯᠦᠨ᠎ᠡ᠃ ︽ᠭᠤᠪᠢ ᠴᠦᠯ︾ ᠤᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠣᠭᠤᠷᠢᠨ ᠳᠤ᠂ ᠶᠦᠨ ᠳ᠋ᠠ ᠬᠤᠪᠢ ᠣᠷᠣᠭᠤᠯᠣᠭᠴᠢ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠠᠯᠬᠢᠨ ᠬᠦᠴᠦᠨ ᠤ ᠮᠠᠰᠢᠨ ᠦᠢᠯᠡᠳᠬᠦ ᠠᠵᠤ ᠠᠬᠤᠶᠢᠯᠠᠯ ᠳᠤ ᠲᠦᠰᠢᠭᠯᠡᠨ ᠰᠠᠯᠬᠢᠨ ᠬᠦᠴᠦᠨ ᠤ ᠪᠦᠬᠦᠯᠢ ᠮᠠᠰᠢᠨ ᠦᠢᠯᠡᠳᠬᠦ ᠶᠢ ᠵᠣᠬᠢᠰᠲᠠᠶ ᠬᠥᠭᠵᠢᠭᠦᠯᠵᠦ᠂ ᠰᠡᠩᠰᠡ᠂ ᠴᠠᠬᠢᠯᠭᠠᠨ ᠭᠠᠷᠭᠠᠬᠤ ᠮᠠᠰᠢᠨ᠂ ᠰᠤᠪᠤᠷᠭᠠᠨ ᠲᠦᠩᠰᠡ ᠵᠡᠷᠭᠡ ᠢᠵᠢ ᠪᠥᠷᠢᠳᠦᠭᠰᠡᠨ ᠰᠡᠯᠪᠢᠭ ᠲᠣᠨᠤᠭ ᠢ ᠭᠤᠤᠯᠳᠠᠯᠭ᠎ᠠ ᠲᠠᠢ ᠬᠥᠭᠵᠢᠭᠦᠯᠵᠦ᠂ ᠪᠥᠬᠦ ᠠᠶᠢᠮᠠᠭ ᠤᠨ ᠰᠢᠨ᠎ᠡ ᠪᠠᠷ ᠨᠡᠮᠡᠭᠳᠡᠭᠰᠡᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠲᠠᠢ ᠵᠣᠬᠢᠴᠠᠯᠳᠤᠭᠰᠠᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠦᠨᠳᠦᠰᠦᠨ ᠳᠡᠭᠡᠨ ᠪᠦᠷᠢᠯᠳᠦᠭᠦᠯᠦᠨ᠎ᠡ᠃ 2025 ᠣᠨ ᠪᠣᠯᠬᠤ ᠳᠤ᠂ ᠰᠠᠯᠬᠢᠨ ᠬᠦᠴᠦᠨ ᠤ ᠪᠦᠬᠦᠯᠢ ᠮᠠᠰᠢᠨ ᠤ ᠪᠦᠬᠦ ᠵᠢᠯ ᠤᠨ ᠦᠢᠯᠡᠳᠪᠦᠷᠢᠯᠡᠯ ᠤᠨ ᠬᠡᠪᠴᠢᠶ᠎ᠡ ᠶᠢ 500 ᠢᠵᠢ ᠳᠤ ᠬᠦᠷᠦᠭᠦᠯᠵᠦ᠂ ᠦᠢᠯᠡᠳᠬᠦᠨ ᠤ ᠥᠷᠲᠡᠭ ᠢ 50 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    16. ᠭᠡᠷᠡᠯ ᠴᠡᠨᠡᠭ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠭᠡᠷᠡᠯ ᠴᠡᠨᠡᠭ ᠤᠨ ᠠᠵᠤ ᠦᠢᠯᠡᠰ ᠠᠮᠢ ᠠᠬᠤᠢ ᠶᠢ ᠨᠢᠭᠡ ᠴᠣᠭᠴᠠᠵᠢᠭᠤᠯᠣᠨ ᠪᠠᠶᠢᠷᠢᠰᠢᠭᠤᠯᠬᠤ ᠪᠠ ᠳᠦᠪᠯᠡᠷᠡᠬᠦᠯᠦᠨ ᠬᠦᠭᠵᠢᠬᠦᠯᠬᠦ ᠶᠢ ᠪᠠᠷᠢᠮᠲᠠᠯᠠᠵᠤ᠂ ᠭᠡᠷᠡᠯ ᠴᠡᠨᠡᠭ ᠤᠨ ᠠᠵᠤ ᠦᠢᠯᠡᠰ ᠤᠨ ᠦᠢᠯᠡᠳᠪᠦᠷᠢᠯᠡᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠵᠤ᠂ ᠣᠯᠠᠨ ᠲᠠᠯᠠᠰᠲᠤ ᠴᠠᠬᠢᠭᠤᠷ᠂ ᠳᠠᠩ ᠲᠠᠯᠠᠰᠲᠤ ᠴᠠᠬᠢᠭᠤᠷ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠵᠣᠷᠢᠭᠵᠢᠭᠤᠯᠵᠤ᠂ ᠳᠣᠣᠷᠠᠳᠤ ᠬᠡᠯᠬᠢᠶᠡᠨ ᠤ ᠴᠠᠬᠢᠯᠭᠠᠨ ᠢᠯᠲᠠᠰᠤ᠂ ᠴᠠᠬᠢᠯᠭᠠᠨ ᠴᠡᠨᠡᠭ ᠤᠨ ᠲᠣᠨᠣᠭᠯᠠᠭᠠᠰᠤ ᠶᠢ ᠬᠥᠭᠵᠢᠭᠦᠯᠦᠨ᠎ᠡ᠃ HJT ᠨᠡᠷᠡᠨ ᠡᠨᠧᠷᠭᠢ ᠶᠢᠨ ᠬᠡᠷᠡᠯ ᠴᠡᠨᠡᠭ ᠤᠨ ᠬᠠᠪᠲᠠᠰᠤ ᠶᠢᠨ ᠦᠢᠯᠡᠳᠪᠦᠷᠢᠯᠡᠯ ᠤᠨ ᠱᠤᠭᠤᠮ᠂ ᠨᠡᠷᠡᠨ ᠡᠨᠧᠷᠭᠢ ᠶᠢᠨ ᠴᠡᠨᠡᠭ ᠤᠨ ᠬᠠᠪᠲᠠᠰᠤ᠂ ᠲᠤᠯᠭᠠᠭᠤᠷᠢᠯᠠᠬᠤ ᠪᠠᠭᠠᠨ᠎ᠠ ᠵᠡᠷᠭᠡ ᠦᠢᠯᠡᠳᠪᠦᠷᠢᠯᠡᠯ ᠤᠨ ᠱᠤᠭᠤᠮ ᠢ ᠲᠥᠯᠥᠪᠯᠡᠨ ᠪᠠᠶᠢᠷᠢᠰᠢᠭᠤᠯᠵᠤ᠂ ᠮᠢᠩ ᠶᠠᠩ ᠠᠯᠠᠱᠠ ᠵᠡᠭᠦᠨ ᠬᠤᠰᠢᠭᠤᠨ ᠤ ᠬᠡᠷᠡᠯ ᠴᠡᠨᠡᠭ ᠤᠨ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ  ᠠᠬᠢᠭᠤᠯᠤᠨ᠎ᠠ᠃ 2025 ᠣᠨ ᠪᠣᠯᠬᠤ ᠳᠤ᠂ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠬᠡᠪᠴᠢᠶ᠎ᠡ ᠶᠢ 5GW ᠳᠤ ᠬᠦᠷᠦᠭᠦᠯᠵᠦ᠂ ᠦᠢᠯᠡᠳᠬᠦᠨ ᠤ ᠥᠷᠲᠡᠭ ᠢ 65 ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    17. ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠠᠵᠤ ᠦᠢᠯᠡᠰ ᠢ ᠬᠥᠭᠵᠢᠭᠦᠯᠦᠨ᠎ᠡ᠃ ᠠᠯᠠᠱᠠ ᠠᠶᠢᠮᠠᠭ ᠤᠨ ᠨᠠᠲᠷᠢ᠂ ᠺᠠᠯᠢ᠂ ᠯᠢᠲ᠋ᠢ ᠵᠡᠷᠭᠡ ᠠᠵᠤ ᠦᠢᠯᠡᠰ ᠤᠨ ᠪᠦᠷᠢᠯᠳᠦᠬᠦᠯᠦᠭᠰᠡᠨ ᠵᠠᠬ᠎ᠠ ᠳᠡᠯᠭᠡᠭᠦᠷ ᠪᠠ ᠬᠡᠪᠴᠢᠶ᠎ᠡ᠂ ᠪᠠᠯ ᠴᠢᠯᠠᠭᠤ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠡᠨᠧᠷᠭᠢ ᠬᠠᠳᠠᠭᠠᠯᠠᠬᠤ ᠴᠡᠨᠡᠭ᠂ ᠡᠨᠧᠷᠭᠢ ᠬᠠᠳᠠᠭᠠᠯᠠᠬᠤ ᠶᠢ ᠡᠵᠡᠮᠳᠡᠬᠦ ᠰᠢᠰᠲ᠋ᠧᠮ ᠦᠢᠯᠡᠳᠬᠦ ᠶᠢ ᠭᠤᠣᠯᠳᠠᠯᠭ᠎ᠠ ᠲᠠᠢ ᠬᠥᠭᠵᠢᠭᠦᠯᠵᠦ᠂ ᠢᠵᠢ ᠪᠦᠷᠢᠳᠦᠭᠦᠯᠬᠦ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠦᠨ᠎ᠡ᠃ ᠭᠤᠣᠯ ᠮᠡᠷᠭᠡᠵᠢᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠡᠷᠢᠭᠦᠨ ᠤ ᠨᠠᠲᠷᠢ ᠶᠢᠨ ᠢᠶᠤᠨ ᠴᠡᠨᠡᠭ᠂ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ᠂ ᠠᠭᠠᠷ ᠢ ᠠᠪᠴᠢᠭᠤᠯᠵᠦ ᠡᠨᠧᠷᠭᠢ ᠨᠥᠭᠡᠴᠡᠯᠡᠬᠦ᠂ ᠡᠷᠴᠢᠯᠡᠭᠦᠷ ᠬᠦᠷᠳᠦ ᠪᠠᠷ ᠡᠨᠧᠷᠭᠢ ᠬᠠᠳᠠᠭᠠᠯᠠᠬᠤ᠂ ᠴᠠᠬᠢᠯᠭᠠᠨ ᠰᠣᠷᠢᠨᠵᠢᠨ ᠢᠶᠠᠷ ᠡᠨᠧᠷᠭᠢ ᠬᠠᠳᠠᠭᠠᠯᠠᠬᠤ᠂ ᠢᠯᠴᠢ ᠬᠠᠳᠠᠭᠠᠯᠠᠵᠤ ᠡᠨᠧᠷᠭᠢ ᠬᠠᠳᠠᠭᠠᠯᠠᠬᠤ ᠲᠣᠨᠣᠭᠯᠠᠯ ᠵᠢᠴᠢ ᠤᠶᠤᠨᠴᠢᠯᠠᠭᠰᠠᠨ ᠡᠵᠡᠮᠰᠢᠯ ᠤᠨ ᠰᠢᠰᠲ᠋ᠧᠮ ᠵᠡᠷᠭᠡ ᠲᠡᠷᠢᠭᠦᠨ ᠤ ᠲᠣᠨᠣᠭᠯᠠᠯ ᠦᠢᠯᠡᠳᠬᠦ ᠦᠢᠯᠡᠰ ᠢ ᠵᠣᠷᠢᠭᠵᠢᠭᠤᠯᠤᠨ ᠬᠥᠭᠵᠢᠭᠦᠯᠦᠨ᠎ᠡ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    18. ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ᠎ᠡ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠲᠩᠷᠢ ᠬᠦᠷᠢᠶᠡᠯᠡᠩ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢ ᠳᠤ ᠲᠦᠰᠢᠭᠯᠡᠨ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢ ᠦᠢᠯᠡᠳᠬᠦ ᠦᠢᠯᠡᠰ ᠢ ᠪᠤᠶᠢᠵᠢᠭᠤᠯᠵᠤ᠂ ᠤᠰᠤᠲᠥ᠋ᠷᠥᠭᠴᠢ ᠬᠡᠶ ᠶᠢ ᠦᠢᠯᠡᠳᠬᠦ᠂ ᠬᠠᠳᠠᠭᠠᠯᠠᠬᠤ᠂ ᠬᠦᠷᠭᠡᠬᠦ᠂ ᠨᠡᠮᠡᠬᠦ᠂ ᠬᠡᠷᠡᠭᠯᠡᠬᠦ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠴᠠᠬᠢᠯᠭᠠᠨ ᠵᠠᠳᠠᠯᠤᠯ ᠤᠨ ᠤᠰᠤ ᠪᠠᠷ ᠤᠰᠤᠲᠥ᠋ᠷᠥᠭᠴᠢ ᠶᠢ ᠦᠢᠯᠡᠳᠬᠦ ᠳᠦᠭᠦᠭᠡᠷᠦᠮᠵᠢ᠂ ᠥᠨᠳᠥᠷ ᠳᠠᠷᠣᠴᠠᠳᠦ ᠬᠡᠢ ᠲᠥᠯᠥᠪᠲᠦ ᠬᠠᠳᠠᠭᠠᠯᠠᠵᠤ ᠲᠡᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠳᠣᠤᠷ᠎ᠠ ᠳᠠᠷᠣᠴᠠᠳᠦ ᠰᠢᠩᠭᠡᠨ ᠤᠰᠤᠲᠥ᠋ᠷᠥᠭᠴᠢ ᠶᠢ ᠬᠠᠳᠠᠭᠠᠯᠠᠵᠤ ᠲᠡᠭᠡᠭᠡᠪᠦᠷᠢᠯᠡᠬᠦ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠶᠢᠨ ᠲᠦᠯᠡᠰᠢᠨ ᠴᠡᠨᠡᠭ ᠵᠢᠴᠢ ᠪᠦᠬᠦᠯᠢ ᠲᠡᠷᠭᠡ ᠵᠡᠷᠭᠡ ᠲᠡᠷᠢᠭᠦᠨ ᠤ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠲᠥᠯᠥᠪᠵᠢᠭᠦᠯᠦᠨ ᠪᠠᠶᠢᠷᠢᠰᠢᠭᠤᠯᠵᠤ᠂ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠵᠠᠩᠭᠢᠯᠠᠭ᠎ᠠ ᠶᠢᠨ ᠰᠡᠯᠪᠢᠭ ᠲᠣᠨᠤᠭ ᠢ ᠲᠣᠰ ᠭᠠᠵᠠᠷ  ᠲᠠᠭᠠᠨ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ︵ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︶    ︵ᠳᠤᠯᠤᠭ᠎ᠠ︶ ᠡᠬᠢ ᠪᠠᠶᠠᠯᠢᠭ ᠢ ᠬᠠᠷᠢᠯᠴᠠᠨ ᠨᠥᠬᠦᠪᠥᠷᠢᠯᠡᠵᠦ᠂ ︽ᠤᠰᠤ ᠳᠣᠳᠠᠭᠳᠠᠬᠤ︾ ᠬᠦᠴᠢᠷ ᠠᠰᠠᠭᠤᠳᠠᠯ ᠢ ᠰᠢᠢᠳᠪᠦᠷᠢᠯᠡᠨ᠎ᠡ    19. ᠤᠰᠤ ᠠᠷᠪᠢᠯᠠᠬᠤ ᠪᠠ ᠤᠰᠤᠨ ᠤ ᠡᠷᠬᠡ ᠶᠢ ᠰᠣᠯᠢᠬᠤ ᠶᠠᠪᠤᠳᠠᠯ ᠢ ᠠᠬᠢᠭᠤᠯᠣᠨ᠎ᠠ᠃ ᠲᠠᠷᠢᠶᠠᠯᠠᠩ ᠤᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ᠂ ᠬᠤᠲᠠ ᠪᠠᠯᠭᠠᠰᠤ ᠶᠢᠨ ᠤᠰᠤ ᠠᠷᠪᠢᠯᠠᠬᠤ᠂ ᠠᠮᠢ ᠠᠬᠤᠶ ᠶᠢᠨ ᠤᠰᠤ ᠠᠷᠪᠢᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤ ᠲᠠᠲᠠᠵᠤ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠦᠢᠯᠡᠳᠬᠦ ᠠᠵᠤ ᠦᠢᠯᠡᠰ᠂ ᠢᠯᠴᠢ ᠶᠢᠨ ᠴᠠᠬᠢᠯᠭᠠᠨ ᠢ ᠲᠣᠬᠢᠷᠠᠭᠤᠯᠬᠤ ᠳᠤ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ ᠡᠯ᠎ᠡ ᠲᠠᠯ᠎ᠠ ᠶᠢᠨ ᠬᠢᠨ ᠤ ᠬᠠᠷᠢᠴᠠᠩᠭᠤᠢ ᠳᠠᠪᠠᠭᠤᠯᠢᠭ ᠢ ᠡᠮᠬᠢᠯᠡᠨ ᠨᠡᠶᠢᠯᠡᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠂ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠰᠢᠨ᠎ᠡ ᠡᠨᠧᠷᠭᠢ ᠶᠢᠨ ᠺᠣᠮᠫᠠᠨᠢ ᠲᠦᠷᠦᠭᠦᠯᠡᠨ᠂ ᠵᠧᠵᠢᠶᠠᠩ ᠤᠨ ᠶᠦᠨ ᠳ᠋ᠠ ᠺᠣᠮᠫᠠᠨᠢ ᠣᠷᠣᠯᠴᠠᠬᠤ ᠶᠢ ᠳᠡᠮᠵᠢᠵᠦ᠂ ᠠᠯᠠᠱᠠ ᠶᠢᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠪᠠ ᠵᠠᠬ᠎ᠠ ᠳᠡᠯᠭᠡᠭᠦᠷᠴᠢᠯᠡᠭᠰᠡᠨ ᠡᠯ᠎ᠡ ᠲᠥᠷᠥᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠬᠠᠮᠳᠣ  ᠪᠠᠷ ᠨᠡᠭᠡᠭᠡᠨ ᠬᠥᠭᠵᠢᠭᠦᠯᠦᠨ᠎ᠡ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠦᠯᠦᠭᠯᠡᠯ ᠤᠨ ᠰᠢᠨ᠎ᠡ ᠡᠨᠧᠷᠭᠢ ᠶᠢᠨ ᠺᠣᠮᠫᠠᠨᠢ ᠪᠦᠯᠦᠭᠯᠡᠯ ᠤᠨ ᠳᠠᠪᠠᠭᠤᠯᠢᠭ ᠲᠠᠭᠠᠨ ᠲᠦᠰᠢᠭᠯᠡᠨ᠂ ᠡᠮᠦᠨᠡᠳᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ ᠱᠤᠭᠤᠮ ᠤᠨ ᠢᠨᠵᠧᠨᠧᠷᠢᠩ᠂ ᠾᠧᠢ ᠱᠠᠨ ᠰᠢᠶᠠ ᠬᠠᠪᠴᠢᠯ ᠤᠨ ᠤᠰᠤᠨ ᠠᠰᠢᠭᠯᠠᠯᠲᠠ ᠶᠢᠨ ᠬᠦᠢᠰᠦ ᠵᠡᠷᠭᠡ ᠲᠥᠷᠥᠯ ᠵᠦᠢᠯ ᠳᠤ ᠨᠢᠭᠡᠨᠲᠡ ᠲᠥᠯᠥᠪᠵᠢᠭᠦᠯᠦᠭᠰᠡᠨ 2.8 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠰᠤᠨ ᠤ ᠭᠦᠢᠴᠡᠳᠬᠡᠯ ᠲᠤᠭ᠎ᠠ ᠶᠢᠨ ᠰᠠᠭᠤᠷᠢᠨ ᠳᠡᠭᠡᠷ᠎ᠡ᠂ ᠠᠯᠠᠱᠠ ᠶᠢᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ 1 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠢᠳᠪᠦᠷᠢᠯᠡᠬᠦ ᠪᠠᠷ ᠴᠢᠷᠮᠠᠶᠢᠨ᠎ᠠ᠃ ︵ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ︶    ︵ᠨᠠᠢᠮᠠ︶ ᠨᠢᠭᠡᠳᠦᠯᠲᠡᠢ ᠲᠥᠯᠥᠪᠵᠢᠭᠦᠯᠵᠦ᠂ ᠲᠥᠷᠥᠯ ᠵᠦᠢᠯ ᠤᠨ ︽ᠪᠠᠷᠢᠮᠵᠢᠶᠠᠲᠤ ᠭᠠᠵᠠᠷ︾ ᠢ ᠪᠣᠶ ᠪᠣᠯᠭᠠᠨ᠎ᠠ    20. ᠭᠠᠵᠠᠷ ᠰᠢᠷᠣᠶ ᠶᠢᠨ ᠬᠠᠩᠭᠠᠯᠭ᠎ᠠ ᠶᠢ ᠪᠠᠷᠢᠮᠵᠢᠶᠠᠵᠢᠭᠤᠯᠤᠨ᠎ᠠ᠃ ᠪᠥᠬᠦ ᠠᠶᠢᠮᠠᠭ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠲᠥᠯᠥᠪᠵᠢᠭᠦᠯᠭᠡ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠳᠤ ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠤᠰᠢᠭᠤ ᠣᠷᠣᠨ ᠢᠶᠠᠷ ᠤᠳᠤᠷᠢᠳᠤᠮᠵᠢ ᠪᠣᠯᠭᠠᠨ ᠰᠢᠨ᠎ᠡ ᠡᠨᠧᠷᠭᠢ ᠶᠢᠨ ᠬᠡᠷᠡᠭᠰᠡᠬᠦ ᠭᠠᠵᠠᠷ ᠢ ᠵᠢᠭᠰᠠᠭᠠᠨ ᠪᠠᠶᠢᠴᠠᠭᠠᠵᠦ᠂ ︽ᠠᠷᠪᠢᠲᠠᠶ ᠡᠷᠴᠢᠮᠯᠢᠭ᠂ ᠨᠢᠭᠡᠳᠦᠯᠲᠡᠶ ᠲᠥᠯᠥᠪᠵᠢᠭᠦᠯᠬᠦ᠂ ᠲᠥᠷᠥᠯ ᠬᠤᠪᠢᠶᠠᠨ ᠬᠡᠷᠡᠭᠵᠢᠭᠦᠯᠬᠦ᠂ ᠦᠷᠭᠦᠯᠵᠢᠯᠡᠨ ᠬᠥᠭᠵᠢᠭᠦᠯᠬᠦ︾ ᠵᠠᠷᠴᠢᠮ ᠶᠣᠰᠣᠭᠠᠷ᠂ ᠰᠢᠨ᠎ᠡ ᠡᠨᠧᠷᠭᠢ ᠶᠢᠨ ᠭᠠᠵᠠᠷ ᠰᠢᠷᠣᠶ᠂ ᠣᠶ ᠰᠢᠭᠤᠶ  ᠨᠣᠳᠤᠭ ᠪᠡᠯᠴᠢᠭᠡᠷ᠂ ᠤᠰᠤᠨ ᠤ ᠡᠬᠢ ᠪᠠᠶᠠᠯᠢᠭ ᠤᠨ ᠨᠤᠲᠠᠯᠠᠯᠲᠠ᠂ ᠴᠡᠷᠢᠭ ᠤᠨ ᠶᠠᠪᠤᠳᠠᠯ᠂ ᠲᠡᠤᠬᠡ ᠶᠢᠨ ᠳᠤᠷᠠᠰᠬᠠᠯᠲᠤ ᠵᠦᠢᠯᠡᠰ᠂ ᠠᠭᠤᠷᠬᠠᠢ᠂ ᠭᠠᠵᠠᠷ ᠤᠨ ᠭᠠᠮᠰᠢᠭ ᠵᠡᠷᠭᠡ  ᠬᠦᠴᠦᠨ ᠵᠦᠢᠯ ᠢ ᠵᠢᠭᠰᠠᠭᠠᠨ ᠪᠠᠶᠢᠴᠠᠭᠠᠵᠤ ᠵᠠᠳᠠᠯᠦᠨ᠎ᠡ᠃ ᠰᠢᠨ᠎ᠡ ᠡᠨᠧᠷᠭᠢ ᠶᠢᠨ ᠭᠠᠵᠠᠷ ᠬᠠᠩᠭᠠᠵᠦ ᠰᠢᠯᠵᠢᠭᠦᠯᠦᠨ ᠬᠡᠷᠡᠭᠯᠡᠬᠦ ᠶᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠠᠴᠠ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠣᠷᠣᠨ ᠪᠦᠰᠡ ᠳᠤ ᠨᠢᠭᠡᠳᠦᠯᠲᠡᠶ ᠡᠷᠭᠢᠯᠳᠦᠭᠦᠯᠦᠨ ᠬᠤᠳᠠᠯᠳᠤᠨ ᠠᠪᠴᠤ᠂ ᠠᠶᠢᠮᠠᠭ ᠬᠤᠰᠢᠭᠤᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠠᠴᠠ ︽ᠪᠠᠷᠢᠮᠵᠢᠶᠠᠲᠤ ᠭᠠᠵᠠᠷ︾ ᠢᠶᠠᠷ ᠪᠥᠲᠥᠭᠡᠨ ᠪᠠᠶᠢᠭᠤᠯᠵᠦ᠂ ᠰᠢᠨ᠎ᠡ ᠡᠨᠧᠷᠭᠢ  ᠶᠢ ᠪᠥᠲᠥᠭᠡᠨ ᠪᠠᠶᠢᠭᠤᠯᠬᠤ ᠣᠷᠣᠨ᠂ ᠦᠢᠯᠡᠴᠢᠯᠡᠭᠡᠨ ᠤ ᠣᠷᠣᠨ ᠵᠡᠷᠭᠡ ᠦᠢᠯᠡᠳᠪᠦᠷᠢᠯᠡᠯ ᠠᠮᠢᠳᠤᠷᠠᠯ ᠤᠨ ᠢᠵᠢ ᠪᠥᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠳᠤ ᠰᠠᠶᠢᠨ ᠭᠠᠵᠠᠷ ᠰᠢᠷᠣᠶ ᠶᠢᠨ ᠨᠥᠬᠦᠴᠡᠯ ᠢ ᠪᠣᠶ ᠪᠣᠯᠭᠠᠵᠤ᠂ ᠲᠥᠷᠥᠯ ᠵᠦᠢᠯ ᠢ ᠵᠦᠪᠰᠢᠶᠡᠷᠡᠮᠡᠭᠴᠡ ᠳᠠᠷᠤᠶ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠦᠨ᠎ᠡ᠃ ︵ᠠᠶᠢᠮᠠᠭ ᠤᠨ ᠠᠵᠦ ᠦᠢᠯᠡᠰ ᠢ ᠬᠦᠭᠵᠢᠬᠦᠯᠬᠦ ᠪᠠ ᠡᠨᠧᠷᠬᠢ ᠶᠢᠨ ᠪᠡᠯᠡ ᠣᠷᠣᠭᠤᠯᠬᠤ ᠪᠦᠯᠦᠭᠯᠡᠯ ᠤᠨ ᠬᠢᠵᠠᠭᠠᠷᠳᠣ ᠺᠣᠮᠫᠠᠨᠢ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶    ︵ᠶᠢᠰᠦ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠤᠨ᠎ᠠ    21. ︽ᠰᠢᠨ᠎ᠡ ᠡᠨᠧᠷᠭᠢ+ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ︽ᠮᠢᠩᠭᠠᠨ ᠰᠢᠶᠠᠩ ᠲᠦᠮᠡᠨ ᠲᠣᠰᠬᠤᠨ ᠢᠦᠢ ᠹᠧᠩ ᠠᠵᠢᠯᠯᠠᠭ᠎ᠠ︾ ︽ᠲᠦᠭ ᠲᠦᠮᠡᠨ ᠠᠶᠢᠯ ᠡᠷᠦᠬᠡ ᠶᠢ ᠢᠪᠡᠭᠡᠬᠦ ᠠᠵᠢᠯᠯᠠᠭ᠎ᠠ︾ ᠪᠠ ᠥᠪᠡᠷᠲᠡᠭᠡᠨ ᠵᠠᠰᠠᠬᠤ ᠣᠷᠣᠨ ᠤ ᠪᠤᠶᠢᠳᠠ ᠪᠦᠭᠯᠡᠬᠦᠦ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠴᠡᠪᠡᠷ ᠡᠨᠧᠷᠭᠢ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠪᠦᠬᠦ᠋ᠢᠯᠡ ᠬᠤᠰᠢᠭᠤ ︵ᠰᠢᠶᠠᠨ ︶ ᠶᠢᠨ ᠬᠡᠷ ᠤᠨ ᠣᠷᠣᠶ ᠳᠤ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠤᠨ᠎ᠠ︔ ᠪᠤᠶᠢᠳᠠ ᠪᠥᠭᠯᠡᠭᠦᠤ ᠮᠠᠯᠵᠢᠬᠤ ᠲᠠᠷᠢᠶᠠᠯᠠᠬᠤ ᠡᠷᠦᠬᠡ ᠶᠢᠨ ᠦᠨᠳᠦᠰᠦᠨ ᠠᠮᠢᠳᠤᠷᠠᠯ ᠦᠢᠯᠡᠳᠪᠦᠷᠢᠯᠡᠯ ᠢ ᠪᠠᠲᠤᠯᠠᠬᠤ ᠰᠢᠨ᠎ᠡ ᠡᠨᠧᠷᠭᠢ ᠶᠢᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ᠂ ᠲᠠᠰ ᠳᠡᠪᠰᠢᠭᠦᠯᠬᠦ ᠢᠨᠵᠧᠨᠧᠷᠢᠩ ᠢ ᠲᠦᠷᠬᠡᠨ ᠬᠡᠷᠡᠭᠵᠢᠭᠦᠯᠵᠦ᠂ ᠪᠤᠶᠢᠳᠠ ᠪᠥᠭᠯᠡᠭᠦᠤ ᠮᠠᠯᠴᠢᠨ ᠲᠠᠷᠢᠶᠠᠴᠢᠨ ᠤ ᠠᠮᠢᠳᠤᠷᠠᠯ ᠤᠨ ᠶᠠᠰᠤ ᠴᠢᠨᠠᠷ ᠪᠠ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ︔ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠠᠯᠵᠢᠬᠤ ᠲᠠᠷᠢᠶᠠᠯᠠᠬᠤ ᠣᠷᠣᠨ ᠤ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠴᠡᠪᠡᠷ ᠳᠤᠯᠠᠭᠠᠯᠠᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠦᠨ᠎ᠡ᠃ ᠡᠵᠡᠨ᠎ᠡ ᠶᠢᠨ ︽ᠨᠡᠭᠦᠷᠡᠰᠦᠲᠥ᠋ᠷᠥᠭᠴᠢ ᠥᠬᠡᠶ ᠬᠤᠲᠠ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠰᠦᠪᠡᠭᠴᠢᠯᠡᠵᠦ᠂ ᠪᠤᠶᠢᠳᠠ ᠪᠦᠭᠯᠡᠬᠦᠦ ᠬᠤᠲᠠ ᠪᠠᠯᠭᠠᠰᠤ ᠶᠢᠨ ᠡᠨᠧᠷᠭᠢ ᠶᠢ ᠴᠡᠪᠡᠷᠰᠢᠬᠦᠯᠵᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳᠡᠰᠢ ᠭᠦᠭᠵᠢᠬᠦ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠡᠨᠧᠷᠭᠢ ᠪᠣᠯᠤᠨ ᠳᠠᠷᠢᠵᠤ ᠲᠡᠵᠢᠭᠡᠨ ᠦᠷᠡᠵᠢᠭᠦᠯᠬᠦ ᠠᠵᠤ ᠦᠢᠯᠡᠰ ᠤᠨ ᠲᠦᠷᠦᠯ ᠵᠦᠢᠯ ᠢ ᠬᠠᠮᠳᠣ ᠪᠠᠷ ᠬᠡᠷᠡᠭᠵᠢᠭᠦᠯᠬᠦ ᠳᠤ ᠲᠦᠰᠢᠭᠯᠡᠨ᠂ ᠮᠠᠯᠴᠢᠨ ᠲᠠᠷᠢᠶᠠᠴᠢᠨ ᠤ ᠡᠵᠡᠩᠨᠡᠯᠲᠡ ᠶᠢᠨ ᠴᠢᠨᠠᠷᠲᠠᠢ ᠣᠷᠣᠯᠭ᠎ᠠ ᠪᠣᠯᠤᠨ ᠬᠥᠯᠥᠰᠥᠨ ᠠᠵᠢᠯᠴᠢᠨ ᠤ ᠣᠷᠣᠯᠭ᠎ᠠ ᠶᠢ ᠠᠯᠬᠤᠮ ᠠᠯᠬᠤᠮ ᠢᠶᠠᠷ ᠨᠡᠮᠡᠭᠳᠡᠭᠦᠯᠦᠨ᠎ᠡ᠃ ᠲᠠᠷᠢᠶᠠᠯᠠᠩ ᠤᠢ ᠰᠢᠭᠤᠶ ᠮᠠᠯ ᠠᠵᠤ ᠠᠬᠤᠶ ᠶᠢᠨ ᠲᠤᠰᠬᠠᠶ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢᠨ ᠳᠡᠮᠵᠢᠯᠭᠡ ᠶᠢ ᠴᠢᠷᠮᠠᠶᠢᠨ ᠣᠯᠵᠤ᠂ ᠰᠢᠨ᠎ᠡ ᠡᠨᠧᠷᠭᠢ+ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠢᠨᠵᠧᠨᠧᠷᠢᠩ ᠢ ᠪᠠᠶᠢᠭᠤᠯᠤᠨ᠂ ᠪᠦᠲᠦᠭᠡᠭᠳᠡᠬᠦᠨ ᠤ ᠬᠠᠩᠭᠠᠨ ᠪᠣᠷᠣᠯᠠᠭᠤᠯᠬᠤ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ ︵ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶    ︵ᠠᠷᠪᠠ︶ ᠨᠡᠭᠦᠷᠡᠰᠦᠳᠦ᠋ᠷᠦᠭᠴᠢ ᠶᠢ ᠴᠣᠭᠯᠠᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠳᠡᠰᠢ ᠬᠦᠭᠵᠢᠬᠦ ᠳᠤ ᠬᠦᠴᠦᠨ ᠨᠡᠮᠡᠷᠢᠯᠡᠨ᠎ᠡ    22. ᠨᠡᠭᠦᠷᠡᠰᠦᠲᠥ᠋ᠷᠥᠭᠴᠢ ᠪᠦᠬᠦᠢ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠴᠣᠭᠯᠠᠭᠤᠯᠬᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠣᠷᠣᠨ ᠪᠦᠰᠡ ᠶᠢᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠠᠬᠢᠴᠠ ᠲᠠᠢ ᠤᠶᠠᠯᠳᠤᠭᠤᠯᠤᠨ᠂ ᠣᠷᠣᠨ ᠪᠦᠰᠡ ᠶᠢᠨ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠳᠤ ᠣᠷᠣᠯᠴᠠᠬᠤ ᠶᠢ ᠨᠢᠭᠡᠳᠦᠯᠲᠡᠶ ᠳᠠᠶᠢᠴᠢᠯᠠᠨ᠂ ᠠᠵᠤ ᠠᠬᠤᠶᠢᠯᠠᠯ ᠢ ᠬᠠᠮᠵᠢᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠬᠠᠮᠢᠶᠠᠷᠤᠯᠲᠠ ᠬᠢᠵᠦ᠂ ᠠᠵᠤ ᠠᠬᠤᠶᠢᠯᠠᠯ ᠤᠨ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠲᠥᠪ ᠲᠤ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠲᠠᠩᠰᠠᠨ ᠡᠷᠦᠬᠡ ᠭᠠᠷᠭᠠᠬᠤ ᠶᠢ ᠠᠬᠢᠭᠤᠯᠤᠨ᠂ ᠨᠡᠭᠦᠷᠡᠰᠦᠲᠥ᠋ᠷᠥᠭᠴᠢ ᠶᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠯᠦᠭᠡ ᠣᠷᠭᠠᠨᠢᠭ ᠢᠶᠠᠷ ᠵᠣᠯᠭᠠᠭᠤᠯᠬᠤ ᠶᠢ ᠴᠢᠩᠭᠠᠳᠬᠠᠨ᠎ᠠ᠃ ᠴᠡᠪᠡᠷ ᠴᠠᠬᠢᠯᠭᠠᠨ ᠬᠦᠴᠦᠨ ᠤ ᠠᠷᠠᠯᠵᠢᠶ᠎ᠠ ᠶᠢᠨ ᠲᠤᠷᠰᠢᠯᠲᠠ ᠶᠢ ᠢᠳᠡᠪᠬᠢᠲᠡᠶ ᠰᠦᠪᠡᠭᠴᠢᠯᠡᠨ ᠥᠷᠨᠢᠭᠦᠯᠵᠦ᠂ ᠴᠡᠪᠡᠷ ᠴᠠᠬᠢᠯᠭᠠᠨ ᠬᠦᠴᠦᠨ ᠤ ᠦᠨᠡᠮᠯᠡᠯ ᠤᠨ ᠳᠦᠷᠢᠮ ᠢ ᠲᠡᠭᠦᠯᠳᠡᠷᠵᠢᠭᠦᠯᠦᠨ᠂ ᠴᠡᠪᠡᠷ ᠴᠠᠬᠢᠯᠭᠠᠨ ᠬᠦᠴᠦᠨ ᠤ ᠦᠨᠡᠮᠯᠡᠯ ᠤᠨ ᠠᠷᠠᠯᠵᠢᠶ᠎ᠠ ᠶᠢ ᠳᠡᠯᠭᠡᠷᠡᠭᠦᠯᠵᠦ᠂ ᠠᠵᠤ ᠠᠬᠤᠶᠢᠯᠠᠯ ᠢ ᠬᠠᠪᠰᠤᠷᠤᠨ ᠴᠡᠪᠡᠷ ᠴᠠᠬᠢᠯᠭᠠᠨ ᠬᠦᠴᠦᠨ ᠤ ᠬᠠᠮᠢᠶᠠᠷᠤᠯᠲᠠ ᠶᠢ ᠬᠢᠯᠭᠡᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠴᠡᠪᠡᠷ ᠴᠠᠬᠢᠯᠭᠠᠨ ᠬᠦᠴᠦᠨ ᠤ ᠦᠢᠯᠡᠳᠬᠦᠨ ᠢ ᠠᠰᠢᠭᠯᠠᠨ ᠂ ᠬᠡᠷᠡᠭᠯᠡᠭᠴᠢᠳ ᠠᠴᠠ ︽ᠴᠡᠪᠡᠷ ᠴᠠᠬᠢᠯᠭᠠᠨ ᠤ ᠦᠢᠯᠡᠳᠬᠦᠨ︾ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶     ︵ᠠᠷᠪᠠᠨ ᠨᠢᠭᠡ︶ ᠪᠠᠲᠤ ᠴᠢᠩᠭ᠎ᠠ ᠲᠣᠣᠷ ᠤᠨ ᠪᠦᠷᠢᠯᠳᠦᠴᠡ ᠶᠢ ᠪᠠᠶᠢᠭᠤᠯᠵᠤ᠂ ᠡᠭᠦᠰᠭᠡᠭᠴᠢ ᠪᠠ ᠳᠣᠣᠷ ᠤᠨ ᠬᠠᠮᠵᠢᠯᠴᠠᠭ᠎ᠠ ᠶᠢ ᠪᠡᠶᠡᠯᠡᠭᠦᠯᠦᠨ᠎ᠡ    23. ᠣᠷᠣᠨ ᠪᠦᠰᠡ ᠶᠢᠨ ᠳᠣᠲᠣᠷᠠᠬᠢ ᠲᠣᠤᠷ ᠤᠨ ᠪᠦᠲᠦᠴᠡ ᠶᠢ ᠰᠢᠯᠢᠳᠡᠭᠵᠢᠭᠦᠯᠦᠨ᠎ᠡ᠃ ᠪᠠᠷᠠᠭᠠᠯᠬᠢᠯᠠᠯ ᠤᠨ ᠴᠢᠨᠠᠷᠳᠠᠢ᠂ ᠪᠦᠬᠦᠯᠢ ᠴᠣᠭᠴᠠ ᠶᠢᠨ ᠴᠢᠨᠠᠷᠲᠠᠶ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠴᠢᠩᠭᠠᠳᠬᠠᠵᠤ᠂ ᠴᠠᠬᠢᠯᠭᠠᠨ ᠬᠦᠴᠦᠨ ᠢ ᠪᠦᠲᠦᠭᠡᠨ ᠪᠠᠶᠢᠭᠤᠯᠬᠤ ᠪᠡᠯᠡ ᠣᠷᠣᠭᠤᠯᠤᠯᠲᠠ ᠶᠢ ᠴᠢᠩᠭᠠᠷᠠᠭᠤᠯᠤᠨ᠂ ᠣᠷᠣᠨ ᠪᠦᠰᠡ ᠶᠢᠨ ᠳᠣᠲᠣᠷᠠᠬᠢ ᠴᠠᠬᠢᠯᠭᠠᠨ ᠲᠣᠤᠷ ᠤᠨ ᠪᠦᠷᠢᠯᠳᠦᠴᠡ ᠶᠢᠨ ᠪᠦᠲᠦᠴᠡ ᠶᠢ ᠨᠢᠭᠡᠳᠦᠯᠲᠡᠶ ᠲᠥᠯᠥᠪᠯᠡᠨ ᠪᠠᠶᠢᠷᠢᠯᠠᠭᠤᠯᠤᠨ᠎ᠠ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠤᠷ ᠬᠢᠭᠡᠳ ᠪᠠᠷᠠᠭᠤᠨ ᠬᠤᠶᠢᠲᠤ ᠶᠢᠨ ᠴᠠᠬᠢᠯᠭᠠᠨ ᠲᠣᠤᠷ ᠢ ᠬᠤᠯᠪᠣᠬᠤ ᠠᠷᠭ᠎ᠠ ᠮᠠᠶ᠋ᠢᠭ ᠢ ᠰᠤᠳᠤᠯᠵᠤ᠂ ᠴᠠᠬᠢᠯᠭᠠᠨ ᠲᠣᠤᠷ ᠤᠨ ᠠᠮᠤᠷ ᠲᠦᠪᠰᠢᠨ ᠪᠥᠭᠡᠳ ᠲᠣᠭᠲᠠᠭᠤᠨ ᠠᠵᠢᠯᠯᠠᠭᠠᠨ ᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠣᠨᠴᠠ ᠥᠨᠳᠥᠷ ᠬᠦᠴᠦᠳᠡᠯᠲᠦ ᠴᠠᠬᠢᠯᠭᠠᠨ ᠤ ᠲᠣᠭᠲᠠᠮᠠᠯ ᠭᠦᠶᠦᠳᠡᠯ ᠤᠨ ᠲᠣᠤᠷ ᠤᠨ ᠪᠦᠷᠢᠯᠳᠦᠴᠡ ᠶᠢ ᠪᠠᠶᠢᠭᠤᠯᠤᠨ ᠲᠡᠭᠦᠯᠳᠡᠷᠵᠢᠭᠦᠯᠵᠦ᠂ ᠣᠨᠴᠠ ᠥᠨᠳᠥᠷ ᠬᠦᠴᠦᠳᠡᠯᠲᠦ ᠴᠠᠬᠢᠯᠭᠠᠨ ᠬᠦᠷᠭᠡᠬᠦ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠲᠣᠮᠣ ᠬᠡᠯᠪᠡᠷᠢ ᠶᠢᠨ ᠴᠡᠪᠡᠷ ᠡᠨᠧᠷᠭᠢ ᠶᠢᠨ ᠰᠠᠭᠤᠷᠢᠨ ᠭᠠᠵᠠᠷ ᠤᠨ ᠴᠠᠬᠢᠯᠭᠠᠨ ᠬᠦᠴᠦᠨ ᠢ ᠭᠠᠳᠠᠭᠰᠢ ᠳᠠᠮᠵᠢᠭᠤᠯᠬᠤ ᠶᠢ ᠲᠤᠯᠭᠠᠭᠤᠷᠢᠯᠠᠨ᠎ᠠ᠃ ᠮᠤᠵᠢ ᠣᠷᠣᠨ ᠠᠯᠤᠰᠯᠠᠭᠰᠠᠨ ᠴᠠᠬᠢᠯᠭᠠᠨ ᠬᠦᠷᠭᠡᠬᠦ ᠢᠨᠵᠧᠨᠧᠷᠢᠩ ᠤᠨ ᠣᠷᠳᠣ ᠬᠤᠭᠤᠴᠠᠭᠠᠨ ᠤ ᠬᠠᠮᠵᠢᠯᠴᠠᠭᠠᠨ ᠤ ᠬᠡᠯᠡᠯᠴᠡᠭᠡᠷ ᠢ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ ᠭᠠᠳᠠᠭᠰᠢ ᠴᠠᠬᠢᠯᠭᠠᠨ ᠬᠦᠷᠭᠡᠬᠦ ᠳᠤᠮᠳᠠ ᠣᠷᠳᠣ ᠬᠤᠭᠤᠴᠠᠭᠠᠨ ᠤ ᠠᠷᠠᠯᠵᠢᠶ᠎ᠠ ᠥᠷᠨᠢᠭᠦᠯᠬᠦ ᠶᠢ ᠵᠣᠷᠢᠭᠵᠢᠭᠤᠯᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠮᠤᠵᠢ ᠣᠷᠣᠨ ᠤ ᠬᠤᠭᠤᠷᠣᠨᠳᠣᠬᠢ ᠪᠡᠯᠡᠨ ᠪᠠᠷᠠᠭᠠᠨ ᠤ ᠠᠷᠠᠯᠵᠢᠶᠠᠨ ᠳᠤ ᠣᠷᠣᠯᠴᠠᠬᠤ ᠶᠢ ᠠᠬᠢᠭᠤᠯᠤᠨ᠎ᠠ᠃ ᠠᠯᠳ᠋ᠬᠠᠤᠪᠤᠭ᠎ᠠ ᠶᠢᠨ 500 ᠺᠢᠯᠤᠸᠤᠯᠲ ᠤᠨ ᠬᠦᠴᠦᠳᠡᠯ ᠲᠡᠭᠡᠭᠰᠢᠯᠡᠭᠦᠯᠬᠦ ᠢᠨᠵᠧᠨᠧᠷᠢᠩ᠂ ᠬᠤᠣ ᠶᠠ 500 ᠺᠢᠯᠤᠸᠤᠯᠲ ᠤᠨ ᠴᠠᠬᠢᠯᠭᠠᠨ ᠦᠷᠲᠡᠭᠡ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠵᠤ᠂ ᠲᠡᠭᠷᠢ ᠠ ᠭᠤᠸᠠᠩ 1 ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶᠂ ᠳᠠᠩᠰᠣᠭᠪᠣᠯᠠᠭ ᠠ ᠭᠤᠸᠠᠩ 2 ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶᠂ ᠦᠯᠵᠡᠢ ᠠ ᠹᠧᠩ ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶᠂ ᠳᠡᠭᠷᠢ ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶᠂ ᠲᠡᠭᠷᠢ ︵500 ᠺᠢᠯᠤᠸᠤᠯᠲ ᠤᠨ ᠴᠠᠬᠢᠯᠭᠠᠨ ᠬᠦᠷᠭᠡᠬᠦ ᠬᠤᠪᠢᠰᠬᠠᠬᠤ ᠢᠨᠵᠧᠨᠧᠷᠢᠩ︶ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠬᠡᠨ ᠠᠬᠢᠭᠤᠯᠵᠤ᠂ ᠲᠦᠷᠦᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ ︵ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶    24. ᠴᠠᠬᠢᠯᠭᠠᠨ ᠲᠣᠤᠷ ᠢ ᠣᠶᠤᠨᠴᠢᠯᠠᠨ ᠳᠣᠬᠢᠷᠠᠭᠤᠯᠬᠤ ᠴᠢᠳᠠᠪᠤᠷᠢ ᠶᠢ ᠴᠢᠩᠭᠠᠳᠬᠠᠨ᠎ᠠ᠃ ᠡᠷᠭᠢᠨ ᠲᠣᠭᠤᠷᠢᠨ ᠤ ᠣᠷᠣᠨ ᠪᠦᠰᠡ ᠯᠦᠭᠡ ᠬᠠᠷᠢᠯᠴᠠᠨ ᠲᠤᠰᠠᠯᠠᠯᠴᠠᠬᠤ ᠨᠡᠯᠢᠶᠡᠳ ᠴᠢᠩᠭ᠎ᠠ ᠴᠠᠬᠢᠯᠭᠠᠨ ᠤ ᠲᠣᠤᠷ ᠤᠨ ᠬᠠᠷᠢᠯᠴᠠᠬᠤ ᠢᠨᠵᠧᠨᠧᠷᠢᠩ ᠢ ᠲᠦᠷᠬᠡᠨ ᠲᠥᠯᠥᠪᠵᠢᠭᠦᠯᠵᠦ᠂ ᠨᠢᠭᠡᠨᠲᠡ ᠪᠠᠶᠢᠭ᠎ᠠ ᠴᠠᠬᠢᠯᠭᠠᠨ ᠬᠦᠷᠭᠡᠬᠦ ᠱᠣᠭᠤᠮ ᠤᠨ ᠥᠭᠡᠷᠡᠴᠢᠯᠡᠯᠲᠡ ᠶᠢ ᠠᠬᠢᠭᠤᠯᠵᠤ᠂ ᠣᠷᠣᠨ ᠪᠦᠰᠡ ᠶᠢᠨ ᠪᠠᠲᠤ ᠴᠢᠩᠭ᠎ᠠ ᠴᠠᠬᠢᠯᠭᠠᠨ ᠲᠣᠤᠷ᠂ ᠤᠶᠤᠨᠲᠤ ᠴᠠᠬᠢᠯᠭᠠᠨ ᠲᠣᠤᠷ ᠢ ᠪᠣᠶ ᠪᠣᠯᠭᠠᠬᠤ ᠬᠡᠷᠡᠭᠲᠡᠶ᠃ ᠴᠠᠬᠢᠯᠭᠠᠨ ᠬᠦᠴᠦᠨ ᠤ  ᠬᠦᠶᠦᠳᠡᠯ ᠢ ᠦᠷᠭᠦᠯᠵᠢᠯᠡᠨ ᠰᠢᠯᠢᠳᠡᠭᠵᠢᠭᠦᠯᠵᠦ᠂ ᠴᠠᠬᠢᠯᠭᠠᠨ ᠲᠣᠣᠷ ᠤᠨ ᠡᠬᠢ ᠪᠠᠶᠠᠯᠢᠭ ᠢ ᠳᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠬᠠᠩᠭᠠᠯᠭ᠎ᠠ ᠶᠢ ᠪᠠᠲᠤᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠴᠠᠬᠢᠯᠭᠠᠨ ᠡᠭᠦᠰᠭᠡᠭᠴᠢ ᠶᠢᠨ ︽ᠨᠢᠭᠡ ᠬᠥᠯᠭᠡ ᠰᠢᠲᠠᠷ᠎ᠠ︾᠂ ᠴᠠᠬᠢᠯᠭᠠᠨ ᠲᠣᠣᠷ ᠤᠨ ︽ᠨᠢᠭᠡ ᠰᠦᠯᠵᠢᠶ᠎ᠡ︾᠂ ᠬᠡᠷᠡᠭᠴᠡᠭᠡ ᠱᠠᠭᠠᠷᠳᠠᠯᠭ᠎ᠠ ᠶᠢᠨ ᠶᠢᠨ ︽ᠨᠢᠭᠡ ᠠᠳᠠᠯᠢ ᠦᠨ᠎ᠡ︾  ᠲᠠᠢ ᠵᠣᠬᠢᠴᠠᠩᠭᠤᠢ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃ ᠡᠭᠦᠰᠭᠡᠭᠴᠢ ᠲᠣᠣᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠢᠵᠢ ᠪᠦᠷᠢᠳᠦᠭᠦᠯᠬᠦ ᠴᠠᠬᠢᠯᠭᠠᠨ ᠲᠣᠣᠷ ᠢ ᠪᠦᠳᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠲᠥᠯᠥᠪᠵᠢᠭᠦᠯᠭᠡ᠂ ᠴᠣᠬᠤᠯᠠᠪᠤᠷᠢ᠂ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠴᠠᠬᠢᠯᠭᠠᠨ ᠲᠣᠣᠷ ᠤᠨ ᠳᠦᠯᠦᠪᠵᠢᠬᠦᠯᠦᠭᠰᠡᠨ ᠲᠦᠷᠦᠯ ᠵᠦᠢᠯ ᠵᠢᠴᠢ ᠲᠣᠣᠷ ᠢ ᠵᠠᠯᠭᠠᠬᠤ ᠢᠨᠵᠧᠨᠧᠷᠢᠩ ᠢ ᠪᠦᠳᠦᠭᠡᠨ ᠪᠠᠶᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠡᠭᠦᠰᠭᠡᠭᠴᠢ ᠲᠣᠣᠷ ᠢ ᠵᠡᠷᠭᠡ ᠪᠠᠷ ᠲᠥᠯᠥᠪᠵᠢᠭᠦᠯᠵᠦ᠂ ᠵᠡᠷᠭᠡ ᠪᠠᠷ ᠪᠦᠳᠦᠭᠡᠨ ᠪᠠᠶᠢᠭᠤᠯᠵᠤ᠂ ᠵᠡᠷᠭᠡ ᠪᠠᠷ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠴᠠᠬᠢᠯᠭᠠᠨ ᠬᠦᠴᠦᠨ ᠤ ᠴᠡᠪᠡᠷ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠴᠠᠬᠢᠯᠭᠠᠨ ᠲᠣᠤᠷ ᠤᠨ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠪᠣᠯᠤᠨ ᠴᠡᠪᠡᠷ ᠥᠨᠳᠥᠷ ᠦᠷ᠎ᠡ ᠪᠦᠲᠦᠮᠵᠢᠲᠡᠶ ᠲᠡᠷᠢᠭᠦᠨ ᠤ ᠡᠨᠧᠷᠭᠢ ᠠᠷᠪᠢᠯᠠᠬᠤ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠷᠢᠳᠠᠪᠠᠷ ᠲᠣᠬᠢᠷᠠᠭᠤᠯᠬᠤ ᠶᠢ ᠵᠣᠷᠢᠭᠵᠢᠭᠤᠯᠵᠤ᠂ ᠴᠠᠬᠢᠯᠭᠠᠨ ᠬᠦᠴᠦᠨ ᠤ ᠰᠢᠰᠲ᠋ᠧᠮ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃ ᠴᠠᠬᠢᠯᠭᠠᠨ ᠬᠦᠴᠦᠨ ᠤ ᠰᠢᠰᠲ᠋ᠧᠮ ᠤᠨ ᠮᠡᠳᠡᠭᠡ ᠵᠠᠩᠬᠢᠵᠢᠯᠳᠠ ᠤᠶᠤᠨᠴᠢᠯᠠᠭᠰᠠᠨ ᠦᠬᠡᠷᠡᠴᠢᠯᠡᠯᠳᠡ ᠶᠢ ᠲᠦᠷᠬᠡᠳᠬᠡᠵᠦ᠂ ᠳᠣᠬᠢᠷᠠᠭᠤᠯᠬᠤ ᠰᠢᠰᠲ᠋ᠧᠮᠵᠢ ᠶᠢ ᠰᠢᠯᠢᠳᠡᠭᠵᠢᠬᠦᠯᠦᠨ᠂ ᠭᠠᠵᠠᠷ ᠤᠷᠤᠨ ᠤ ᠪᠠᠶᠢᠳᠠᠯ ᠳᠤᠨᠢ ᠲᠤᠬᠢᠷᠠᠭᠤᠯᠤᠨ ᠤᠶᠤᠨᠴᠢᠯᠠᠭᠰᠠᠨ ᠵᠢᠵᠢᠭ ᠴᠠᠬᠢᠯᠭᠠᠨ ᠲᠤᠤᠷ ᠢ ᠪᠠᠶᠢᠷᠢᠰᠢᠭᠤᠯᠵᠦ᠂ ᠴᠠᠬᠢᠯᠭᠠᠨ ᠬᠦᠴᠦᠨ ᠤ ᠳᠠᠭᠠᠭᠠᠴᠠ ᠶᠢᠨ ᠬᠡᠯᠪᠡᠯᠵᠡᠯ ᠢ ᠰᠢᠯᠢᠳᠡᠭᠵᠢᠬᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮᠵᠢ ᠶᠢ ᠪᠠᠶᠢᠭᠤᠯᠤᠨ᠎ᠠ᠃ ᠴᠠᠬᠢᠯᠭᠠᠨ ᠬᠦᠴᠦᠨ ᠤ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠰᠢᠨ᠎ᠡ ᠡᠨᠧᠷᠭᠢ ᠶᠢ ᠳ᠋ᠦᠩᠨᠡᠨ ᠪᠤᠳᠤᠬᠤ ᠲᠣᠭᠲᠠᠴᠠ ᠳᠤ ᠲᠣᠬᠢᠷᠠᠭᠤᠯᠤᠯᠲᠠ ᠬᠢᠵᠦ ᠂ ᠪᠡᠯᠡᠨ ᠪᠠᠷᠠᠭᠠᠨ ᠤ ᠵᠠᠬ᠎ᠠ ᠳᠡᠯᠭᠡᠭᠦᠷ ᠤᠨ ᠪᠣᠳᠠᠲᠠᠶ ᠢᠯᠭᠠᠷᠠᠭᠤᠯᠤᠯᠲᠠ ᠪᠠ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠭᠰᠠᠨ ᠪᠠᠶᠢᠳᠠᠯ ᠶᠣᠰᠣᠭᠠᠷ ᠳ᠋ᠦᠩᠨᠡᠨ ᠪᠤᠳᠤᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠲᠥᠷᠥᠯ ᠵᠦᠢᠯ ᠢ ᠢᠵᠢ ᠪᠦᠷᠢᠳᠦᠭᠦᠯᠦᠨ ᠴᠠᠬᠢᠯᠭᠠᠨ ᠬᠡᠷᠡᠭᠯᠡᠬᠦ ᠳᠠᠭᠠᠭᠠᠴᠠ ᠲᠠᠢ ᠰᠢᠭᠤᠳ ᠠᠷᠠᠯᠵᠢᠶᠠᠯᠠᠬᠤ ᠶᠢ ᠠᠬᠢᠭᠤᠯᠵᠤ᠂ ᠨᠢᠭᠡ ᠴᠤᠭᠴᠠᠵᠢᠭᠤᠯᠤᠭᠰᠠᠨ ᠦᠬᠡᠢ᠂ ᠲᠣᠮᠣ ᠴᠠᠬᠢᠯᠭᠠᠨ ᠲᠣᠣᠷ ᠢᠶᠠᠷ ᠳᠠᠮᠵᠢᠭᠤᠯᠤᠨ ᠴᠠᠬᠢᠯᠭᠠᠨ ᠬᠠᠩᠭᠠᠬᠤ ᠵᠠᠬ᠎ᠠ ᠳᠡᠯᠭᠡᠭᠦᠷᠴᠢᠯᠡᠨ ᠲᠣᠣᠷᠵᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠳᠤᠮᠳᠠ ᠣᠷᠳᠣ ᠬᠤᠭᠤᠴᠠᠭᠠᠨ ᠤ ᠭᠡᠷ᠎ᠡ ᠲᠣᠭᠲᠠᠬᠤ ᠪᠠᠷ ᠳᠠᠮᠵᠢᠭᠤᠯᠤᠨ ᠴᠠᠬᠢᠯᠭᠠᠨ ᠤ ᠬᠡᠮᠵᠢᠶ᠎ᠡ᠂ ᠴᠠᠬᠢᠯᠭᠠᠨ ᠤ ᠦᠨ᠎ᠡ ᠶᠢ ᠲᠣᠳᠣᠷᠬᠠᠶᠢᠯᠠᠵᠤ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠠᠷᠠᠯᠵᠢᠶᠠᠨ ᠤ ᠲᠥᠪ ᠠᠴᠠ ᠳ᠋ᠦᠩᠨᠡᠨ ᠪᠤᠳᠤᠨ᠎ᠠ᠃ ︵ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ︶    ︵ᠠᠷᠪᠠᠨ ᠬᠤᠶᠠᠷ︶ ᠬᠥᠭᠵᠢᠯᠲᠡ ᠶᠢᠨ ᠲᠣᠭᠲᠠᠴᠠ ᠶᠢ ᠰᠢᠯᠢᠳᠡᠭᠵᠢᠭᠦᠯᠵᠦ᠂ ᠳᠡᠭᠡᠳᠦ ᠳᠣᠣᠷᠠᠳᠤ ᠬᠡᠯᠬᠢᠶᠡᠨ ᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ    25. ᠣᠷᠣᠨ ᠪᠦᠰᠡ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠨ᠎ᠡ᠃ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠢᠳᠡᠪᠡᠷ ᠣᠷᠣᠭᠤᠯᠬᠤ ᠶᠢ ᠢᠳᠡᠪᠬᠢᠲᠡᠶ ᠠᠬᠢᠭᠤᠯᠵᠤ᠂ ᠰᠢᠨ᠎ᠡ ᠡᠨᠧᠷᠭᠢ ᠶᠢᠨ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠢ ᠣᠷᠣᠭᠤᠯᠬᠤ ᠪᠠᠶᠢᠭᠤᠯᠤᠯ ᠲᠣᠭᠲᠠᠴᠠ ᠶᠢ ᠪᠦᠷᠢᠨᠰᠢᠬᠦᠯᠦᠨ᠂ ᠳᠡᠭᠡᠳᠦ ᠬᠡᠯᠬᠢᠶᠡᠨ ᠤ ᠠᠵᠤ ᠠᠬᠤᠶᠢᠯᠠᠯ ᠤᠨ ᠲᠥᠷᠥᠯ ᠵᠦᠢᠯ ᠢ ᠨᠠᠶᠢᠳᠠᠪᠤᠷᠢᠵᠢᠭᠤᠯᠪᠠᠯ ᠳᠠᠷᠣᠢ ᠬᠡᠷᠡᠭᠯᠡᠵᠦ᠂ ᠳᠣᠤᠷᠠᠳᠤ ᠬᠡᠯᠬᠢᠶᠡᠨ ᠤ ᠠᠵᠤ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠬᠠᠷᠠᠯᠲᠠ ᠲᠠᠢ ᠪᠠᠷ ᠳᠡᠭᠡᠭᠰᠢᠯᠡᠬᠦᠯᠦᠨ᠎ᠡ᠃ ᠲᠥᠷᠥᠯ ᠵᠦᠢᠯ ᠤᠨ ᠮᠡᠷᠭᠡᠵᠢᠯ ᠤᠨ ᠪᠤᠰᠤ ᠥᠪᠡᠷ ᠤᠨ ᠥᠷᠲᠡᠭ ᠢ ᠵᠦᠶ ᠵᠣᠬᠢᠰᠲᠠᠶ ᠪᠣᠯᠭᠠᠬᠤ ᠶᠢ ᠬᠥᠲᠥᠯᠦᠨ ᠵᠢᠯᠣᠭᠤᠳᠴᠤ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ᠂ ᠲᠥᠷᠥᠯ ᠵᠦᠢᠯ ᠤᠨ ᠨᠥᠬᠦᠪᠥᠷᠢ᠂ ᠴᠠᠬᠢᠯᠭᠠᠨ ᠤ ᠦᠨ᠎ᠡ ᠶᠢᠨ ᠨᠥᠬᠦᠪᠥᠷᠢ ᠵᠡᠷᠭᠡ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠨ᠎ᠠ︔ ᠲᠥᠷᠥᠯ ᠵᠦᠢᠯ ᠤᠨ ᠭᠠᠵᠠᠷ ᠬᠡᠷᠡᠭᠯᠡᠬᠦ᠂ ᠣᠢ ᠰᠢᠭᠤᠶ᠂ ᠤᠰᠤ ᠬᠡᠷᠡᠭᠯᠡᠬᠦ᠂ ᠡᠨᠧᠷᠭᠢ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠶᠢ ᠰᠢᠯᠢᠳᠡᠭᠵᠢᠬᠦᠯᠵᠦ᠂ ᠳᠡᠭᠡᠳᠦ ᠬᠡᠯᠬᠢᠶᠡᠨ ᠤ ᠠᠵᠤ ᠠᠬᠤᠶᠢᠯᠠᠯ ᠤᠨ ᠲᠥᠷᠥᠯ ᠵᠦᠢᠯ ᠤᠨ ᠠᠰᠢᠭ ᠣᠷᠣᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠵᠦ᠂ ᠳᠣᠤᠷᠠᠳᠤ ᠬᠡᠯᠬᠢᠶᠡᠨ ᠤ ᠠᠵᠤ ᠦᠢᠯᠡᠰ ᠬᠢᠭᠡᠳ ᠳᠡᠭᠡᠳᠦ ᠬᠡᠯᠬᠢᠶᠡᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠦᠨᠵᠡᠭᠡᠶ ᠠᠭᠤᠰᠤᠯᠴᠠᠭᠤᠯᠵᠤ᠂ ᠲᠣᠰ ᠭᠠᠵᠠᠷ ᠤᠨ ᠨᠡᠭᠡᠭᠡᠨ ᠬᠥᠭᠵᠢᠭᠦᠯᠬᠦ ᠪᠠ ᠲᠣᠰ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ ᠳᠣᠭᠢᠷᠠᠭᠤᠯᠵᠦ᠂ ᠳᠣᠤᠷᠠᠳᠤ ᠬᠡᠯᠬᠢᠶᠡᠨ ᠤ ᠠᠵᠤ ᠦᠢᠯᠡᠰ ᠤᠨ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠠᠰᠬᠠᠬᠤ ᠪᠠᠷ ᠴᠢᠷᠮᠠᠶᠢᠨ᠎ᠠ᠃ ᠠᠳᠠᠯᠢ ᠶᠠᠰᠤ ᠴᠢᠨᠠᠷ ᠠᠳᠠᠯᠢ  ᠦᠨ᠎ᠡ ᠶᠢᠨ ᠤᠷᠢᠲᠠᠯ ᠳᠣᠤᠷ᠎ᠠ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠡᠩ ᠲᠡᠷᠢᠭᠦᠨ ᠳᠤ ᠠᠶᠢᠮᠠᠭ ᠤᠨ ᠳᠣᠲᠣᠷᠠᠬᠢ ᠠᠵᠤ ᠠᠬᠤᠶᠢᠯᠠᠯ ᠤᠨ ᠦᠢᠯᠡᠳᠬᠦᠨ ᠢ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ︶     26. ᠪᠡᠯᠡ ᠮᠥᠩᠭᠦ ᠪᠠ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠲᠤᠯᠠᠭ᠎ᠠ ᠶᠢ ᠴᠢᠩᠭᠠᠷᠠᠭᠤᠯᠣᠨ᠎ᠠ᠃ ᠪᠠᠶᠢᠯᠳᠤᠬᠤ ᠪᠣᠳᠣᠯᠭ᠎ᠠ ᠶᠢᠨ ᠪᠠᠯᠠ ᠣᠷᠣᠭᠤᠯᠤᠭᠴᠢᠳ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠣᠮᠣ ᠬᠥᠷᠥᠩᠭᠡ᠂ ᠲᠣᠮᠣ ᠰᠠᠭᠤᠷᠢ ᠮᠥᠩᠭᠦ ᠲᠠᠢ ᠬᠤᠯᠪᠣᠭᠠᠯᠠᠨ ᠰᠢᠨ᠎ᠡ ᠡᠨᠧᠷᠭᠢ ᠶᠢᠨ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ ᠬᠥᠷᠥᠩᠭᠡ ᠪᠠᠷ ᠬᠤᠯᠪᠣᠭᠠᠰᠤ ᠪᠣᠯᠭᠠᠨ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠯᠠ ᠣᠷᠣᠭᠤᠯᠬᠤ ᠪᠠᠷ ᠳᠠᠮᠵᠢᠭᠤᠯᠤᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠠᠩᠬᠠᠨ ᠤ ᠬᠤᠭᠤᠴᠠᠭᠠᠨ ᠤ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠳᠡᠭᠡᠳᠦ ᠳᠣᠤᠷᠠᠳᠤ ᠬᠡᠯᠬᠢᠶᠡᠨ ᠤ ᠠᠵᠤ ᠦᠢᠯᠡᠰ ᠤᠨ ᠪᠠᠯᠠ ᠣᠷᠣᠭᠤᠯᠤᠯᠲᠠ ᠪᠠ ᠪᠥᠲᠥᠭᠡᠨ ᠪᠠᠶᠢᠭᠤᠯᠤᠯᠲᠠ ᠶᠢᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠢᠯᠣᠭᠤᠳᠴᠤ᠂ ᠡᠯ᠎ᠡ ᠱᠠᠲᠤᠨ ᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠴᠢᠷᠮᠠᠶᠢᠨ ᠣᠯᠣᠨ᠎ᠠ᠃ ︵ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ︶    ︵ᠠᠷᠪᠠᠨ ᠭᠤᠷᠪᠠ︶ ᠴᠢᠳᠠᠪᠣᠷᠢᠳᠠᠨ ᠢ ᠣᠷᠣᠭᠤᠯᠣᠨ ᠠᠪᠴᠢᠷᠠᠬᠤ ᠪᠠ ᠬᠦᠮᠦᠵᠢᠬᠦᠯᠬᠦ ᠶᠢ ᠴᠢᠩᠭᠠᠳᠬᠠᠵᠦ᠂ ᠠᠵᠦ ᠦᠢᠯᠡᠰ ᠤᠨ ᠳᠣᠭᠳᠠᠭᠤᠨ ᠬᠦᠭᠵᠢᠯᠳᠡ ᠶᠢ ᠪᠠᠳᠣᠯᠠᠨ᠎ᠠ     27. ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠬᠦᠯᠬᠦ ᠠᠵᠢᠯ ᠢ ᠴᠢᠩᠭᠠᠷᠠᠭᠤᠯᠤᠨ᠎ᠠ᠃ ︽ᠣᠶᠣᠨ ᠣᠬᠠᠭᠠᠨ ᠳᠦᠪᠯᠡᠷᠡᠭᠰᠡᠨ ᠲᠡᠮᠡᠭᠡᠲᠦ ᠨᠤᠲᠤᠭ · ᠭᠠᠷᠮᠠᠭᠠᠢ ᠴᠢᠳᠠᠪᠣᠷᠢᠳᠠᠨ ᠨᠣᠳᠤᠭ ᠲᠠᠭᠠᠨ ᠪᠣᠴᠠᠬᠤ︾ ᠵᠢᠴᠢ ︽ᠠᠯᠠᠱᠠ ᠠᠶᠢᠮᠠᠭ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠦᠵᠢᠭᠦᠯᠬᠦ ᠪᠠ ᠦᠢᠯᠡᠴᠢᠯᠡᠭᠡ ᠪᠠᠲᠤᠯᠠᠭ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠵᠡᠷᠭᠡ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠠᠰᠢᠭᠯᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠮᠠᠨ ᠤ ᠠᠶᠢᠮᠠᠭ ᠤᠨ ᠰᠢᠨ᠎ᠡ ᠡᠨᠧᠷᠭᠢ ᠶᠢᠨ ᠦᠢᠯᠡᠰ ᠲᠤ ᠦᠢᠯᠡᠴᠢᠯᠡᠬᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠢᠭᠡᠳ ᠰᠢᠨ᠎ᠡ ᠡᠨᠧᠷᠭᠢ ᠶᠢᠨ ᠠᠵᠤ ᠠᠬᠤᠶᠢᠯᠠᠯ ᠯᠤᠭ᠎ᠠ ᠴᠢᠳᠠᠪᠤᠷᠢᠲᠠᠨ ᠬᠥᠮᠦᠵᠢᠭᠦᠯᠬᠦ ᠲᠥᠯᠥᠪᠯᠡᠭᠡ ᠪᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠭᠲᠠᠭᠠᠬᠤ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠲᠠᠢ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ︽ᠵᠠᠬᠢᠶᠠᠯᠠᠭ᠎ᠠ ᠶᠢᠨ ᠬᠡᠯᠪᠡᠷᠢ︾ ᠶᠢᠨ ᠴᠢᠳᠠᠪᠤᠷᠢᠲᠠᠨ ᠢ ᠬᠥᠮᠦᠵᠢᠭᠦᠯᠦᠨ᠎ᠡ᠃ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠨ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠤᠶᠢᠵᠢᠭᠤᠯᠬᠤ ᠰᠢᠰᠲ᠋ᠧᠮᠵᠢ ᠶᠢ ᠪᠦᠷᠢᠨᠰᠢᠭᠦᠯᠵᠦ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠴᠢᠳᠠᠪᠤᠷᠢᠲᠠᠨ ᠤ ᠣᠶᠤᠨ ᠤ ᠲᠤᠯᠭᠠᠭᠤᠷᠢᠯᠠᠯ ᠢ ᠴᠢᠩᠭᠠᠳᠬᠠᠵᠤ᠂ ᠬᠠᠷᠠᠭᠠᠯᠵᠠᠯ ᠤᠨ ᠪᠠᠲᠤᠯᠠᠭ᠎ᠠ ᠶᠢ ᠰᠢᠯᠢᠳᠡᠭᠵᠢᠭᠦᠯᠦᠨ᠂ ᠲᠠᠪᠴᠠᠩ ᠢ ᠢᠳᠡᠪᠬᠢᠲᠡᠶ ᠪᠠᠶᠢᠭᠤᠯᠵᠤ᠂ ᠡᠬᠢ ᠪᠠᠶᠠᠯᠢᠭ ᠢ ᠬᠤᠯᠪᠣᠵᠤ᠂ ᠨᠠᠩ ᠣᠯᠠᠨ ᠠᠺᠠᠳᠧᠮᠢᠴᠢ᠂ ᠰᠢᠨᠵᠢᠯᠡᠭᠡᠨ ᠤ ᠳᠠᠭᠠᠭᠤᠯᠤᠭᠴᠢ ᠵᠡᠷᠭᠡ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠢ ︽ᠨᠡᠭᠦᠳᠡᠯ ᠤᠨ ᠬᠡᠯᠪᠡᠷᠢ︾ ᠪᠠᠷ ᠤᠷᠢᠨ ᠲᠣᠮᠢᠯᠠᠬᠤ᠂           ︽ᠭᠠᠷᠠᠮ ᠠᠴᠠ ᠰᠠᠯᠬᠤ ᠬᠡᠯᠪᠡᠷᠢ︾ ᠪᠠᠷ ᠨᠡᠭᠡᠭᠡᠨ ᠬᠥᠭᠵᠢᠭᠦᠯᠬᠦ᠂ ︽ᠲᠣᠭᠤᠷᠢᠨ ᠪᠠᠶᠢᠴᠠᠭᠠᠬᠤ ᠬᠡᠯᠪᠡᠷᠢ︾ ᠶᠢᠨ ᠦᠢᠯᠡᠴᠢᠯᠡᠭᠡ ᠪᠠᠷ ᠳᠠᠮᠵᠢᠭᠤᠯᠤᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠤ ᠡᠭᠦᠳᠦᠯᠲᠡ ᠶᠢᠨ ᠴᠢᠳᠠᠪᠤᠷᠢ ᠣᠯᠭᠤᠵᠤ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ ᠪᠦᠲᠦᠭᠡᠭᠳᠡᠬᠦᠨ ᠢ ᠲᠤᠷᠰᠢᠬᠤ᠂ ᠠᠵᠤ ᠦᠢᠯᠡᠰ ᠢ  ᠪᠣᠶᠢᠵᠢᠭᠤᠯᠬᠤ᠂ ᠳᠡᠯᠭᠡᠨ ᠦᠵᠡᠭᠦᠯᠬᠦ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ︵ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠠᠯᠠᠱᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ︶    ︵ᠠᠷᠪᠠᠨ ᠳᠦᠷᠪᠡ︶ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠨ᠂ ᠣᠷᠣᠨ ᠪᠦᠰᠡ ᠶᠢᠨ ᠣᠨᠴᠠᠯᠢᠭ ᠲᠠᠢ ᠬᠦᠭᠵᠢᠯᠲᠡ ᠶᠢ ᠪᠡᠶᠡᠯᠡᠭᠦᠯᠦᠨ᠎ᠡ    28. ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨ᠎ᠡ ᠡᠨᠧᠷᠭᠢ ᠪᠠᠷ ᠴᠠᠬᠢᠯᠭᠠᠨ ᠭᠠᠷᠭᠠᠬᠤ ᠵᠢᠴᠢ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ᠲᠣᠰ ᠭᠠᠵᠠᠷ ᠤᠨ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠡᠨᠧᠷᠭᠢ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠴᠢᠬᠤᠯᠠ ᠶᠡᠭᠡ ᠮᠡᠷᠭᠡᠵᠢᠯ ᠤᠨ ᠰᠡᠳᠦᠪ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠬᠤ ᠶᠢ ᠴᠢᠩᠭᠠᠳᠬᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠴᠢᠳᠠᠪᠤᠷᠢᠲᠠᠨ᠂ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠤᠶᠠᠯᠳᠤᠭᠤᠯᠤᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠪᠠᠶᠢᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠰᠢᠰᠲ᠋ᠧᠮᠵᠢ ᠶᠢ ᠡᠭᠦᠳᠦᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠣᠯᠠᠨ ᠨᠡᠶᠢᠲᠡ ᠶᠢᠨ ᠰᠤᠳᠤᠯᠤᠨ ᠨᠡᠭᠡᠭᠡᠬᠦ᠂ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠳᠠ ᠶᠢ ᠲᠦᠷᠭᠡᠳᠬᠡᠵᠦ᠂ ᠣᠷᠣᠨ ᠪᠦᠰᠡ ᠶᠢᠨ ᠥᠷᠢᠰᠥᠯᠳᠦᠬᠦ ᠬᠦᠴᠦᠨ ᠲᠠᠢ ᠪᠡᠶ᠎ᠡ ᠪᠠᠨ ᠳᠠᠭᠠᠭᠠᠭᠰᠠᠨ ᠨᠠᠷᠠᠲᠤ ᠲᠡᠮᠳᠡᠭᠲᠦ ᠶᠢ ᠪᠣᠶ ᠪᠣᠯᠭᠠᠨ᠎ᠠ᠃ ᠰᠢᠨ᠎ᠡ ᠡᠨᠧᠷᠭᠢ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠵᠠᠩᠭᠢᠯᠠᠭ᠎ᠠ  ᠶᠢᠨ ᠮᠡᠷᠭᠡᠵᠢᠯ  ᠢ ᠨᠡᠭᠡᠭᠡᠨ ᠬᠦᠭᠵᠢᠬᠦᠯᠬᠦ ᠶᠢ ᠴᠢᠩᠭᠠᠳᠬᠠᠵᠤ᠂ ᠴᠢᠬᠤᠯᠠ ᠶᠡᠭᠡ ᠮᠡᠷᠭᠡᠵᠢᠯ  ᠤᠨ ᠲᠣᠨᠤᠭ ᠲᠥᠬᠦᠭᠡᠷᠦᠮᠵᠢ ᠶᠢ ᠵᠢᠷᠤᠵᠤ ᠲᠥᠯᠥᠪᠯᠡᠬᠦ᠂ ᠦᠢᠯᠡᠳᠬᠦ  ᠪᠠ ᠰᠢᠰᠲ᠋ᠧᠮ  ᠤᠨ ᠳᠦᠪᠯᠡᠷᠡᠭᠰᠡᠨ ᠬᠢᠷᠢ ᠬᠡᠮᠵᠢᠶ᠎ᠡ ᠵᠢᠴᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠴᠢᠳᠠᠪᠤᠷᠢ  ᠶᠢ ᠳᠡᠭᠡᠭᠰᠢᠯᠡᠭᠦᠯᠦᠨ᠂ ᠰᠢᠨ᠎ᠡ ᠡᠨᠧᠷᠭᠢ  ᠶᠢᠨ ᠬᠥᠭᠵᠢᠯᠲᠡ ᠳᠤ ᠦᠷᠭᠦᠯᠵᠢᠯᠡᠬᠦ ᠬᠥᠳᠡᠯᠭᠡᠬᠦ ᠬᠦᠴᠦᠨ ᠬᠠᠩᠭᠠᠨ᠎ᠠ᠃ ︵ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶    ︵ᠠᠷᠪᠠᠨ ᠲᠠᠪᠤ︶ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ    29. ᠲᠦᠢᠯ ᠤᠨ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠷ ᠲᠦᠷᠦᠯ ᠵᠦᠢᠯ ᠢ ᠣᠷᠣᠭᠤᠯᠤᠨ ᠠᠪᠴᠢᠷᠠᠬᠤ᠂ ᠲᠠᠭᠠᠭᠤᠯᠤᠭᠴᠢ ᠠᠵᠤ ᠦᠢᠯᠡᠰ ᠢ ᠪᠤᠶᠢᠵᠢᠭᠤᠯᠬᠤ ᠶᠢ ᠪᠠᠷᠢᠮᠲᠠᠯᠠᠵᠤ᠂ ᠲᠦᠷᠦᠭᠦᠦ ᠠᠵᠤ ᠠᠬᠤᠶᠢᠯᠠᠯ ᠢ ᠴᠢᠩᠭ᠎ᠠ ᠠᠩᠬᠠᠷᠴᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ ᠮᠠᠶ᠋ᠢᠭ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠰᠠᠶᠢᠵᠢᠷᠠᠭᠤᠯᠵᠦ ᠬᠡᠯᠬᠢᠶ᠎ᠡ ᠶᠢ ᠪᠠᠶᠢᠭᠤᠯᠵᠤ ᠬᠡᠯᠬᠢᠶ᠎ᠡ ᠶᠢ ᠨᠥᠬᠦᠪᠥᠷᠢᠯᠡᠬᠦ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠲᠥᠪᠯᠡᠷᠡᠯ ᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠢ ᠲᠠᠩ ᠭᠠᠭᠴᠠ ᠴᠠᠬᠢᠯᠭᠠᠨ ᠭᠠᠷᠭᠠᠵᠤ ᠴᠠᠬᠢᠯᠭᠠᠨ ᠬᠤᠳᠠᠯᠳᠤᠬᠤ ᠠᠴᠠ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠲᠡᠰᠢ ᠬᠤᠪᠢᠷᠠᠭᠤᠯᠬᠤ ᠶᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ᠃ ︵ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶    ︵ᠠᠷᠪᠠᠨ ᠵᠢᠷᠭᠤᠭ᠎ᠠ︶ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠢᠨᠠᠯᠲᠠ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠬᠦᠯᠦᠨ᠎ᠡ    30. ᠰᠢᠨ᠎ᠡ ᠡᠨᠧᠷᠭᠢ ᠶᠢᠨ ᠠᠶᠤᠯᠭᠦᠢ ᠠᠵᠢᠯᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠡᠨᠧᠷᠭᠢ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ᠂ ᠰᠠᠯᠠᠭ᠎ᠠ ᠮᠥᠴᠢᠷ ᠬᠠᠮᠵᠢᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠦᠨ᠎ᠡ᠃ ᠠᠶᠣᠯᠬᠦᠢ ᠦᠢᠯᠡᠳᠪᠦᠷᠢᠯᠡᠯ ᠤᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠵᠤ᠃ ᠡᠨᠧᠷᠭᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠠᠵᠢᠯᠯᠠᠭᠠᠨ ᠢ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠴᠢᠩᠭᠠᠳᠬᠠᠨ᠂ ᠠᠮᠤᠷ ᠲᠦᠪᠰᠢᠨ ᠤ ᠲᠦᠭᠰᠢᠭᠦᠷᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠢᠳᠡᠬᠦᠮᠵᠢᠯᠡᠭᠰᠡᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠵᠠᠰᠠᠭ ᠠᠵᠤ ᠠᠬᠤᠶᠢᠯᠠᠯ ᠬᠤᠯᠪᠣᠭᠠᠯᠠᠬᠤ᠂ ᠲᠣᠣᠷᠵᠢᠭᠤᠯᠤᠨ ᠬᠠᠮᠢᠶᠠᠷᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠡᠨᠧᠷᠭᠢ ᠶᠢᠨ ᠠᠮᠤᠷ ᠲᠦᠪᠰᠢᠨ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠵᠠᠰᠠᠬᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠶᠣᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠴᠠᠬᠢᠯᠭᠠᠨ ᠬᠦᠴᠦᠨ ᠤ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠪᠠᠶᠢᠭᠠᠳ ᠠᠶᠣᠯᠬᠦᠢ ᠦᠢᠯᠡᠳᠪᠦᠷᠢᠯᠡᠯ ᠢ ᠨᠢ ᠴᠢᠩᠭᠠᠳᠬᠠᠬᠤ ᠬᠡᠷᠡᠭᠲᠡᠶ᠃ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠵᠡᠷᠭᠡ ᠰᠢᠨ᠎ᠡ ᠬᠡᠯᠪᠡᠷᠢ ᠶᠢᠨ ᠡᠨᠧᠷᠭᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠬᠤᠯᠠᠴᠢᠯᠠᠵᠤ᠂ ᠳᠦᠷᠢᠮ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶    ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠵᠠᠬᠢᠷᠭ᠎ᠠ ᠰᠢᠨ᠎ᠡ ᠡᠨᠧᠷᠭᠢ ᠶᠢᠨ ᠲᠤᠰᠬᠠᠶ ᠤᠳᠤᠷᠢᠳᠬᠤ ᠳᠤᠭᠤᠶᠢᠯᠠᠩ ᠢ ᠲᠦᠷᠦᠭᠦᠯᠡᠨ ᠪᠠᠶᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠂ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠵᠢᠯ ᠡᠬᠢᠯᠡᠭᠦᠯᠬᠦ ᠠᠴᠠ ᠡᠮᠦᠨᠡᠬᠢ ᠭᠠᠷᠳᠠᠮ ᠢ ᠭᠦᠢᠴᠡᠳᠬᠡᠬᠦ ᠪᠠ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠶᠠᠪᠤᠴᠠ ᠪᠠᠷ ᠮᠥᠷᠳᠡᠨ ᠳᠣᠭᠢᠷᠠᠭᠤᠯᠵᠤ᠂ ᠲᠠᠯᠠᠪᠠᠶ ᠪᠠᠶᠢᠷᠢ ᠶᠢ ᠰᠢᠯᠢᠳᠡᠭᠵᠢᠭᠦᠯᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠪᠠᠲᠤᠯᠠᠭ᠎ᠠ ᠶᠢᠨ ᠬᠦᠴᠦᠨ ᠵᠦᠢᠯ ᠢ ᠲᠣᠪᠤᠶᠢᠮ᠎ᠠ ᠰᠠᠶᠢᠲᠤᠷ ᠠᠳᠬᠤᠵᠤ᠂ ᠠᠶᠢᠮᠠᠭ ᠤᠨ ᠡᠨᠧᠷᠭᠢ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠶ ᠨᠣᠳᠤᠭ ᠪᠡᠯᠴᠢᠭᠡᠷ᠂ ᠠᠮᠢ ᠠᠬᠤᠶ ᠣᠷᠴᠢᠨ ᠲᠣᠭᠤᠷᠢᠨ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ ᠴᠣᠮᠬᠠᠳᠬᠠᠵᠤ᠂ ᠰᠢᠨ᠎ᠡ ᠡᠨᠧᠷᠭᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠠᠰᠢᠭᠲᠠᠶ ᠨᠥᠬᠦᠴᠡᠯ ᠢ ᠡᠭᠦᠳᠴᠦ ᠥᠭᠭᠦᠨ᠎ᠡ᠃ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠰᠢᠨ᠎ᠡ ᠡᠨᠧᠷᠭᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠡᠨᠧᠷᠭᠢ ᠶᠢᠨ ᠬᠠᠮᠢᠶᠠᠷᠤᠯᠲᠠ ᠶᠢᠨ ᠣᠳᠣᠬᠢᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︵ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶    ︵ᠬᠤᠶᠠᠷ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠢ ᠴᠢᠩᠭᠠᠳᠬᠠᠨ᠎ᠠ᠃ ᠪᠥᠬᠦ ᠠᠶᠢᠮᠠᠭ ᠤᠨ ︽ᠨᠢᠭᠡ ᠬᠥᠯᠭᠡ ᠰᠢᠲᠠᠷ᠎ᠠ︾᠂ ᠰᠠᠯᠬᠢ ᠭᠡᠷᠡᠯ ᠤᠨ ᠡᠨᠧᠷᠭᠢ ᠶᠢᠨ ᠬᠠᠳᠠᠭᠠᠯᠠᠭᠳᠠᠴᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ᠂ ᠨᠡᠭᠦᠷᠡᠰᠦᠨ ᠤ ᠬᠠᠩᠭᠠᠯᠭ᠎ᠠ᠂ ᠵᠠᠮ ᠬᠠᠷᠢᠯᠴᠠᠭᠠᠨ ᠤ ᠲᠥᠬᠦᠭᠡᠷᠦᠮᠵᠢ᠂ ᠤᠰᠤᠨ ᠤ ᠡᠬᠢ ᠰᠤᠷᠪᠤᠯᠵᠢ ᠶᠢᠨ ᠪᠠᠲᠤᠯᠠᠭ᠎ᠠ᠂ ᠰᠢᠩᠭᠡᠭᠡᠬᠦ ᠴᠢᠳᠠᠪᠤᠷᠢ ᠵᠡᠷᠭᠡ ᠨᠥᠬᠦᠴᠡᠯ ᠢ ᠶᠡᠷᠦᠩᠬᠡᠶᠢᠯᠡᠨ᠂ ᠲᠣᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠪᠠᠶᠢᠳᠠᠯ ᠢ ᠦᠨᠡᠨ ᠬᠦ ᠲᠣᠳᠣᠷᠬᠠᠶ ᠣᠶᠢᠯᠠᠭᠠᠵᠤ᠂ ᠬᠠᠷᠠᠯᠲᠠ ᠡᠭᠦᠷᠭᠡ ᠪᠠᠨ ᠲᠣᠭᠲᠠᠭᠠᠨ᠂ ᠬᠡᠷᠡᠭᠵᠢᠭᠦᠯᠬᠦ ᠠᠷᠭ᠎ᠠ ᠵᠠᠮ ᠢ ᠲᠥᠯᠥᠪᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠬᠠᠮᠢᠶ᠎ᠠ ᠪᠥᠬᠦᠶ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠ ᠬᠠᠮᠢᠶᠠᠷᠤᠯᠲᠠ ᠶᠢᠨ ᠲᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ ︵ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶    ︵ᠭᠤᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠎ᠠ᠃ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ ᠰᠢᠭᠤᠳ ᠪᠡᠯᠡ ᠣᠷᠣᠭᠤᠯᠬᠤ᠂ ᠡᠳ᠋ ᠤᠨ ᠵᠠᠰᠠᠭ ᠠᠴᠠ ᠨᠥᠬᠦᠪᠥᠷᠢ ᠥᠭᠬᠦ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠰᠢᠨ᠎ᠡ ᠡᠨᠧᠷᠭᠢ ᠶᠢᠨ ᠠᠵᠤ ᠦᠢᠯᠡᠰ ᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠠᠵᠤ ᠠᠬᠤᠶᠢᠯᠠᠯ ᠪᠣᠯᠤᠨ ᠪᠡᠯᠡ ᠣᠷᠣᠭᠤᠯᠤᠭᠴᠢᠳ ᠤᠨ ᠠᠶᠤᠯ ᠲᠦᠭᠰᠢᠭᠦᠷᠢ ᠶᠢ ᠪᠠᠭᠤᠷᠠᠭᠤᠯᠵᠤ᠂ ᠰᠢᠨ᠎ᠡ ᠡᠨᠧᠷᠭᠢ ᠶᠢᠨ ᠮᠡᠷᠭᠡᠵᠢᠯ ᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠠᠬᠢᠭᠤᠯᠬᠤ ᠶᠢ ᠵᠤᠷᠢᠭᠵᠢᠭᠤᠯᠤᠨ᠎ᠠ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠲᠣᠭᠲᠠᠴᠠ ᠶᠢ ᠰᠢᠯᠢᠳᠡᠭᠵᠢᠭᠦᠯᠵᠦ᠂ ᠠᠵᠢᠯ ᠲᠥᠷᠥᠯ ᠤᠨ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠲᠣᠭᠲᠠᠭᠠᠨ᠂ ᠰᠢᠨ᠎ᠡ ᠡᠨᠧᠷᠭᠢ ᠶᠢᠨ ᠠᠵᠤ ᠦᠢᠯᠡᠰ ᠲᠤ ᠡᠷᠬᠡ ᠲᠡᠭᠰᠢ ᠥᠷᠢᠰᠥᠯᠳᠦᠬᠦ ᠣᠷᠴᠢᠨ ᠨᠥᠬᠦᠴᠡᠯ ᠪᠠ ᠬᠤᠳᠠᠯᠳᠤᠭ᠎ᠠ ᠡᠵᠡᠩᠨᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠬᠠᠩᠭᠠᠨ᠎ᠠ᠃ ︵ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠵᠥᠪᠯᠡᠯ︶ 
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号