ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠪᠠ ᠬᠡᠷᠡᠭᠯᠡᠬᠦ ᠶᠢ ᠴᠢᠨᠠᠭᠰᠢᠳᠠ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/1
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠬᠦ ᠶᠢᠨ ᠲᠥᠯᠥᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠪᠠ ᠬᠡᠷᠡᠭᠯᠡᠬᠦ ᠶᠢ ᠴᠢᠨᠠᠭᠰᠢᠳᠠ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠨᠠᠮ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠤᠷᠢᠶᠠᠯᠠᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠶᠢ ᠵᠣᠷᠢᠭᠵᠢᠭᠤᠯᠵᠤ ᠬᠥᠲᠥᠯᠥᠨ ᠵᠢᠯᠤᠭᠤᠳᠴᠤ᠂ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ ᠶᠢ ᠤᠯᠠᠮᠵᠢᠯᠠᠨ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ︽ᠳᠥᠷᠪᠡᠨ ᠬᠠᠨᠳᠤᠬᠤ︾ ᠶᠢ ᠪᠠᠷᠢᠮᠲᠠᠯᠠᠵᠤ᠂ ᠵᠣᠷᠢᠭᠲᠠᠢ ᠪᠠᠷ ᠪᠤᠰᠤᠳ ᠠᠴᠠ ᠲᠦᠷᠦᠭᠦᠯᠡᠬᠦ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠶᠣᠰᠣ ᠰᠤᠷᠲᠠᠬᠤᠨ᠂ ᠡᠷᠳᠡᠮ ᠰᠢᠨᠵᠢᠯᠡᠭᠡᠨ ᠤ ᠳᠦᠷᠢᠮᠵᠢᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠨᠢᠭᠡ ᠰᠡᠳᠬᠢᠯ ᠢᠶᠠᠷ ᠰᠤᠳᠤᠯᠬᠤ ᠶᠢ ᠪᠠᠲᠤ ᠰᠠᠬᠢᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠵᠠᠯᠠᠭᠤ ᠨᠠᠰᠤ ᠪᠠ ᠣᠶᠤᠨ ᠤᠬᠠᠭᠠᠨ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠬᠥᠲᠥᠯᠥᠨ ᠵᠢᠯᠤᠭᠤᠳᠴᠤ ᠳᠡᠮᠵᠢᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠢᠯᠡᠳᠦᠯᠭᠡ ᠳᠤ ᠭᠦᠨᠵᠡᠭᠡᠶᠢᠷᠡᠬᠦ ᠶᠢ ᠵᠣᠷᠢᠭᠵᠢᠭᠤᠯᠵᠤ᠂ ᠪᠣᠳᠠᠲᠤ ᠬᠡᠷᠡᠭᠴᠡᠭᠡ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠤ ᠠᠰᠠᠭᠤᠳᠠᠯ ᠢ ᠲᠤᠩᠭᠠᠵᠤ᠂ ᠤᠤᠭᠠᠯ ᠡᠭᠦᠳᠦᠯᠲᠡ᠂ ᠮᠡᠷᠭᠡᠵᠢᠯ ᠤᠨ ᠪᠣᠭᠤᠮᠲᠠ ᠰᠢᠪᠲᠤᠯᠤᠯᠲᠠ᠂ ᠦᠷ᠎ᠡ ᠪᠦᠲᠦᠭᠡᠯ ᠤᠨ ᠤᠨᠳᠤᠤᠰᠢᠭᠤᠯᠤᠯᠲᠠ ᠶᠢ ᠥᠷᠨᠢᠭᠦᠯᠵᠦ᠂ ᠥᠭᠦᠯᠡᠯ ᠢᠶᠠᠨ ᠡᠬᠡ ᠤᠯᠤᠰ ᠤᠨ ᠡᠬᠡ ᠭᠠᠵᠠᠷ ᠳᠡᠭᠡᠷ᠎ᠡ ᠪᠢᠴᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠡᠷᠳᠡᠮ ᠰᠢᠨᠵᠢᠯᠡᠭᠡᠨ ᠤ ᠠᠵᠢᠯᠲᠠᠨ ᠤ ᠰᠢᠨ᠎ᠡ ᠶᠢ ᠡᠭᠦᠳᠦᠨ ᠦᠢᠯᠡᠰ ᠪᠣᠰᠬᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠵᠡᠷᠭᠡ ᠶᠢᠨ ᠡᠷᠳᠡᠮ ᠰᠢᠨᠵᠢᠯᠡᠭᠡᠨ ᠤ ᠴᠢᠳᠠᠪᠤᠷᠢ ᠪᠠᠷ ᠴᠢᠩᠭ᠎ᠠ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠰᠣᠩᠭᠤᠨ ᠲᠣᠮᠢᠯᠠᠬᠤ ᠶᠢ ᠳᠠᠮᠵᠢᠨ ᠵᠣᠷᠢᠭᠵᠢᠭᠤᠯᠵᠤ᠂ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ᠂ ᠤᠷᠲᠤ ᠬᠤᠭᠤᠴᠠᠭ᠎ᠠ ᠪᠠᠷ ᠲᠣᠮᠢᠯᠠᠨ ᠰᠠᠭᠤᠯᠭᠠᠬᠤ᠂ ᠣᠬᠤᠷ ᠬᠤᠭᠤᠴᠠᠭ᠎ᠠ ᠪᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ  ᠦᠨᠳᠦᠰᠦᠨ ᠱᠠᠲᠤ ᠪᠠ ᠠᠵᠤ ᠠᠬᠤᠶᠢᠯᠠᠯ ᠳᠤ ᠣᠴᠢᠵᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠯᠠᠪᠯᠠᠭ᠎ᠠ ᠬᠢᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠦᠷ᠎ᠡ ᠪᠦᠲᠦᠭᠡᠯ ᠢ ᠣᠨᠳᠣᠣᠰᠢᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡ ᠥᠷᠨᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠲᠤᠰᠢᠶᠠᠯ ᠢ ᠳᠡᠪᠰᠢᠭᠦᠯᠬᠦ ᠵᠡᠷᠭᠡ ᠴᠢᠬᠤᠯᠠ ᠯᠠᠪᠯᠠᠯᠲᠠ ᠪᠣᠯᠭᠠᠨ᠎ᠠ ᠭᠡᠵᠦ ᠳᠤᠷᠠᠳᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ ᠳᠤ ︽ᠨᠢᠷᠤᠭᠤ ᠲᠤᠯᠭᠠᠭᠤᠷᠢ ᠪᠤᠯᠬᠤ︾᠂ ︽ᠭᠤᠣᠯ ᠳᠦᠷᠢ ᠪᠤᠯᠬᠤ︾ ᠶᠢ ᠲᠡᠮᠵᠢᠨ᠎ᠠ᠃ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠵᠣᠷᠢᠭᠲᠠᠢ ᠪᠠᠷ ᠬᠡᠷᠡᠭᠯᠡᠵᠦ᠂ 40 ᠨᠠᠰᠤᠨ ᠠᠴᠠ ᠳᠣᠷᠣᠭᠰᠢᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠲᠥᠷᠥᠯ ᠵᠦᠢᠯ︵ᠰᠡᠳᠦᠪ︶ ᠤᠨ ᠬᠠᠷᠢᠭᠤᠴᠠᠯᠭᠠᠲᠠᠨ ᠪᠠ ᠭᠤᠣᠯ ᠬᠦᠴᠦᠨ ᠪᠤᠯᠬᠤ ᠬᠠᠷᠢᠴᠠᠯ ᠢ ᠵᠠᠷᠴᠢᠮ ᠳᠡᠭᠡᠷ᠎ᠡ ᠪᠠᠨ 50% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠨᠵᠢᠯᠡᠭᠡᠨ ᠤ ᠰᠠᠯᠠᠭ᠎ᠠ᠂ ᠬᠦᠷᠢᠶ᠎ᠡ ᠠᠯᠤᠰᠯᠠᠨ ᠪᠦᠯᠭᠦᠮ ᠵᠣᠬᠢᠶᠠᠨ ᠪᠠᠶᠢᠭᠤᠯᠵᠤ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠡᠭᠦᠷᠭᠡᠯᠡᠬᠦ ᠶᠢ ᠵᠣᠷᠢᠭᠵᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠬᠤ ᠪᠠ ᠡᠭᠦᠷᠭᠡᠯᠡᠬᠦ ᠬᠢᠵᠠᠭᠠᠷ ᠲᠤᠭ᠎ᠠ ᠪᠦᠷᠢᠳᠬᠡᠯ ᠤᠨ ᠬᠡᠪᠴᠢᠶᠡᠨ ᠳᠤ ᠣᠷᠣᠭᠤᠯᠬᠤ ᠦᠭᠡᠢ᠃ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠤᠰᠠᠯᠠᠬᠤ ᠬᠡᠪᠴᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠤᠰᠠᠯᠠᠬᠤ ᠲᠥᠷᠥᠯ ᠵᠦᠢᠯ ᠤᠨ ᠲᠣᠭᠠᠨ ᠤ ᠬᠠᠷᠢᠴᠠᠯ ᠢ 45% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠩᠬᠠᠨ ᠤ ᠡᠭᠦᠳᠦᠯᠲᠡ᠂ ᠬᠤᠰᠢᠭᠤᠷᠠᠯ᠂ ᠰᠣᠯᠪᠢᠴᠠᠯ ᠰᠢᠨᠵᠢᠯᠡᠬᠦ ᠤᠬᠠᠭᠠᠨ ᠤ ᠠᠰᠠᠭᠤᠳᠠᠯ ᠤᠨ ᠰᠤᠳᠤᠯᠭᠠᠨ ᠥᠷᠨᠢᠭᠦᠯᠬᠦ ᠶᠢ ᠳᠡᠮᠵᠢᠨ᠎ᠡ᠃ ᠣᠷᠣᠨ ᠨᠤᠲᠤᠭ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠡᠭᠦᠷᠭᠡ ᠶᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠵᠠᠯᠠᠭᠤ ᠰᠢᠨᠵᠢᠯᠡᠬᠦ ᠤᠬᠠᠭᠠᠨᠲᠠᠨ ᠤ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ᠬᠠᠷᠢᠭᠤᠴᠠᠯᠭᠠᠲᠠᠨ ᠤ ᠭᠤᠶᠤᠴᠢᠯᠠᠨ ᠮᠡᠳᠡᠭᠦᠯᠬᠦ ᠨᠠᠰᠤ ᠶᠢ 40 ᠨᠠᠰᠤ ᠭᠦᠷᠲᠡᠯ᠎ᠡ ᠤᠷᠲᠤᠳᠬᠠᠵᠤ᠂ ᠮᠡᠷᠭᠡᠵᠢᠯ ᠤᠨ ᠴᠣᠯᠠ᠂ ᠰᠤᠷᠤᠯᠭ᠎ᠠ ᠶᠢᠨ ᠨᠠᠮᠲᠠᠷ ᠤᠨ ᠬᠢᠵᠠᠭᠠᠷᠯᠠᠯ ᠭᠠᠷᠭᠠᠬᠤ ᠦᠭᠡᠢ ᠪᠠᠶᠢᠵᠤ᠂ ᠲᠠᠭᠢᠨ ᠳᠠᠪᠲᠠᠨ ᠳᠡᠮᠵᠢᠬᠦ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠵᠠᠷᠤᠳᠠᠯ ᠤᠨ ᠬᠡᠷᠡᠭᠯᠡᠯᠲᠡ ᠳᠤ ᠳᠠᠭᠠᠭᠠᠴᠢᠯᠠᠬᠤ ᠳᠦᠷᠢᠮ ᠢ ᠬᠡᠷᠡᠭᠵᠢᠭᠦᠯᠵᠦ ᠪᠣᠯᠣᠨ᠎ᠠ ᠭᠡᠵᠦ ᠲᠣᠳᠣᠷᠬᠠᠶᠢᠯᠠᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠶᠡᠭᠡ ᠪᠠᠷ ᠬᠥᠮᠥᠵᠢᠭᠦᠯᠦᠨ ᠬᠡᠷᠡᠭᠯᠡᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠬᠠᠷᠢᠭᠤᠴᠠᠯᠭᠠᠲᠠᠨ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠭᠤᠣᠯᠯᠠᠭᠴᠢ ᠬᠦᠴᠦᠨ ᠤ ᠡᠩᠨᠡᠭᠡ ᠶᠢ ᠵᠠᠯᠠᠭᠤᠵᠢᠭᠤᠯᠬᠤ ᠶᠢ ᠢᠳᠡᠪᠬᠢᠲᠡᠢ ᠠᠬᠢᠭᠤᠯᠵᠤ᠂ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ ᠶᠢ ᠨᠡᠩ ᠤᠯᠠᠨ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠡᠭᠦᠷᠭᠡᠯᠡᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠢ ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠳᠤ ᠬᠠᠨᠳᠤᠭᠤᠯᠤᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠪᠠᠶᠢᠭᠤᠯᠵᠤ᠂ 40 ᠨᠠᠰᠤᠨ ᠠᠴᠠ ᠳᠣᠷᠣᠭᠰᠢᠬᠢ  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠬᠤᠰᠢᠭᠤᠴᠢᠯᠠᠨ ᠡᠭᠦᠷᠭᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ 60% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠪᠦᠲᠦᠴᠡ ᠶᠢᠨ ᠬᠠᠷᠢᠴᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠬᠤᠰᠢᠭᠤᠴᠢᠯᠠᠨ ᠡᠭᠦᠷᠭᠡᠯᠡᠭᠰᠡᠨ᠂ ᠴᠢᠬᠤᠯᠠ ᠶᠡᠭᠡ ᠤᠤᠭᠠᠯ ᠡᠭᠦᠳᠦᠯᠲᠡ ᠶᠢᠨ ᠦᠷ᠎ᠡ ᠪᠦᠲᠦᠭᠡᠯ ᠣᠯᠣᠭᠰᠠᠨ ᠵᠡᠷᠭᠡ ᠬᠥᠮᠥᠵᠢᠭᠦᠯᠦᠨ ᠬᠡᠷᠡᠭᠯᠡᠭᠰᠡᠨ ᠪᠠᠶᠢᠳᠠᠯ ᠢ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠭᠦᠢᠴᠡᠳᠬᠡᠯ ᠲᠤᠭ᠎ᠠ ᠳᠤ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠠᠵᠢᠯ ᠮᠡᠷᠭᠡᠵᠢᠯ ᠤᠨ ᠠᠩᠬᠠᠨ ᠤ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠣᠭᠲᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠪᠣᠳᠠᠲᠤ ᠬᠡᠷᠡᠭᠴᠡᠭᠡ᠂ ᠬᠡᠷᠡᠭᠯᠡᠭᠰᠡᠨ ᠠᠮᠵᠢᠯᠲᠠ ᠪᠦᠲᠦᠮᠵᠢ᠂ ᠡᠳ᠋ ᠤᠨ ᠵᠠᠰᠠᠭ ᠤᠨ ᠪᠠᠶᠢᠳᠠᠯ ᠢ ᠦᠨᠳᠦᠰᠦᠯᠡᠨ᠂ ᠲᠥᠪ ᠤᠨ ᠶᠡᠭᠡ ᠳᠡᠭᠡᠳᠦ ᠰᠤᠷᠭᠠᠭᠤᠯᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠤᠰᠠᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢᠶᠠᠷ ᠭᠤᠣᠯ ᠦᠨᠳᠦᠰᠦᠯᠡᠯ ᠪᠤᠯᠭᠠᠬᠰᠠᠨ ᠬᠥᠳᠡᠯᠦᠩᠭᠦᠢ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ 35 ᠨᠠᠰᠤᠨ ᠠᠴᠠ ᠳᠣᠷᠣᠭᠰᠢᠬᠢ ᠵᠠᠯᠠᠭᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠰᠤᠳᠤᠯᠭᠠᠨ ᠥᠷᠨᠢᠭᠦᠯᠬᠦ ᠶᠢ ᠳᠡᠮᠵᠢᠬᠦ ᠳᠤ ᠭᠤᠣᠯᠳᠠᠯᠭ᠎ᠠ ᠲᠠᠢ ᠬᠡᠷᠡᠭᠯᠡᠵᠦ᠂ ᠨᠥᠬᠦᠴᠡᠯ ᠲᠠᠢ ᠨᠢᠭᠡᠴᠢ ᠶᠢᠨ ᠳᠡᠮᠵᠢᠬᠦ ᠬᠠᠷᠢᠴᠠᠯ ᠢ ᠠᠯᠬᠤᠮ ᠠᠯᠬᠤᠮ ᠢᠶᠠᠷ ᠣᠨ ᠤ ᠲᠥᠰᠥᠪ ᠤᠨ 50% ᠠᠴᠠ ᠳᠣᠣᠷ᠎ᠠ ᠦᠭᠡᠢ ᠪᠤᠯᠭᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠬᠦ ᠶᠢ ᠬᠥᠲᠥᠯᠥᠨ ᠵᠢᠯᠤᠭᠤᠳᠴᠤ᠂ ᠬᠤᠰᠢᠭᠤᠷᠠᠯ ᠰᠢᠨᠵᠢᠯᠡᠬᠦ ᠤᠬᠠᠭᠠᠨ ᠤ ᠠᠰᠠᠭᠤᠳᠠᠯ ᠤᠨ ᠰᠤᠳᠤᠯᠭᠠᠨ ᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠤ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠵᠢᠯ ᠮᠡᠷᠭᠡᠵᠢᠯ ᠤᠨ ᠠᠩᠬᠠᠨ ᠤ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠳᠡᠮᠵᠢᠬᠦ ᠪᠠᠨ ᠴᠢᠩᠭᠠᠳᠬᠠᠨ᠎ᠠ ᠭᠡᠵᠦ ᠳᠤᠷᠠᠳᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠫᠤᠰᠲ ᠳ᠋ᠣᠺᠲ᠋ᠣᠷ ᠢ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠫᠤᠰᠲ ᠳ᠋ᠣᠺᠲ᠋ᠣᠷ ᠢ ᠬᠥᠮᠥᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠂ ᠰᠠᠭᠤᠷᠢ ᠬᠤᠰᠢᠭᠤᠷᠠᠯ ᠪᠠ ᠰᠣᠯᠪᠢᠴᠠᠯ ᠰᠢᠨᠵᠢᠯᠡᠭᠡᠨ ᠤ ᠬᠦᠷᠢᠶᠡᠨ ᠤ ᠫᠤᠰᠲ ᠳ᠋ᠣᠺᠲ᠋ᠣᠷ ᠤᠨ ᠡᠷᠳᠡᠮ ᠰᠢᠨᠵᠢᠯᠡᠭᠡᠨ ᠤ ᠨᠡᠭᠦᠳᠡᠯ ᠥᠷᠲᠡᠭᠡ ᠪᠠ ᠠᠵᠢᠯᠯᠠᠬᠤ ᠥᠷᠲᠡᠭᠡ ᠶᠢᠨ ᠲᠤᠭ᠎ᠠ ᠬᠡᠮᠵᠢᠶ᠎ᠡ ᠶᠢ ᠵᠦᠢ ᠵᠣᠬᠢᠰᠲᠠᠢ ᠲᠣᠭᠲᠠᠭᠠᠵᠤ᠂ ᠪᠠᠶᠢᠭᠠᠯᠢ ᠶᠢᠨ ᠰᠢᠨᠵᠢᠯᠡᠬᠦ ᠤᠬᠠᠭᠠᠨ᠂ ᠢᠨᠵᠧᠨᠧᠷᠢᠩ ᠤᠨ ᠮᠡᠷᠭᠡᠵᠢᠯ ᠤᠨ ᠬᠦᠷᠢᠶᠡᠨ ᠤ ᠫᠤᠰᠲ ᠳ᠋ᠣᠺᠲ᠋ᠣᠷ ᠤᠨ ᠬᠡᠪᠴᠢᠶ᠎ᠡ ᠶᠢ ᠵᠦᠢ ᠵᠣᠬᠢᠰᠲᠠᠢ ᠥᠷᠭᠡᠳᠬᠡᠨ᠎ᠡ᠃ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠵᠠᠷᠤᠳᠠᠯ ︽ᠭᠦᠳᠡᠯᠮᠦᠷᠢ ᠦᠢᠯᠡᠴᠢᠯᠡᠭᠡᠨ ᠤ ᠵᠠᠷᠤᠳᠠᠯ︾ ᠢ ᠫᠤᠰᠲ ᠳ᠋ᠣᠺᠲ᠋ᠣᠷ ᠤᠨ ᠲᠥᠷᠥᠯ ᠵᠦᠢᠯ ᠤᠨ ᠰᠤᠳᠤᠯᠭᠠᠨ ᠳᠤ ᠣᠷᠣᠯᠴᠠᠬᠰᠠᠨ ᠪᠣᠳᠠᠲᠤ ᠪᠠᠶᠢᠳᠠᠯ ᠢ ᠦᠨᠳᠦᠰᠦᠯᠡᠨ ᠲᠣᠭᠲᠠᠭᠠᠵᠤ᠂ ᠫᠤᠰᠲ ᠳ᠋ᠣᠺᠲ᠋ᠣᠷ ᠬᠥᠮᠥᠵᠢᠭᠦᠯᠬᠦ ᠳᠤ ᠨᠢᠭᠡᠳᠦᠯᠲᠡᠢ ᠲᠥᠯᠥᠪᠵᠢᠭᠦᠯᠦᠨ ᠬᠡᠷᠡᠭᠯᠡᠵᠦ ᠪᠣᠯᠣᠨ᠎ᠠ᠃ ᠫᠤᠰᠲ ᠳ᠋ᠣᠺᠲ᠋ᠣᠷ ᠤᠨ ᠥᠷᠲᠡᠭᠡ ᠶᠢᠨ ᠬᠠᠮᠢᠶᠠᠷᠤᠯᠲᠠ ᠶᠢ ᠴᠢᠩᠭᠠᠷᠠᠭᠤᠯᠵᠤ᠂ ᠥᠷᠲᠡᠭᠡ ᠪᠠᠶᠢᠭᠤᠯᠤᠭᠰᠠᠨ ᠨᠢᠭᠡᠴᠢ ᠪᠠ ᠬᠠᠮᠲᠤᠷᠠᠨ ᠵᠢᠯᠤᠭᠤᠳᠬᠤ ᠪᠠᠭᠰᠢ ᠨᠠᠷ ᠨᠥᠬᠦᠴᠡᠯ ᠪᠦᠷᠢᠯᠳᠦᠭᠦᠯᠵᠦ ᠪᠠᠶᠢᠭᠠᠳ ᠫᠤᠰᠲ ᠳ᠋ᠣᠺᠲ᠋ᠣᠷ ᠤᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠡᠭᠦᠷᠭᠡᠯᠡᠬᠦ ᠶᠢ ᠳᠡᠮᠵᠢᠵᠦ᠂ ᠫᠤᠰᠲ ᠳ᠋ᠣᠺᠲ᠋ᠣᠷ ᠤᠨ ᠪᠡᠶ᠎ᠡ ᠪᠠᠨ ᠳᠠᠭᠠᠭᠠᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢ ᠬᠥᠮᠥᠵᠢᠭᠦᠯᠬᠦ ᠪᠠ ᠳᠡᠭᠡᠭᠰᠢᠯᠡᠭᠦᠯᠭᠦ ᠬᠡᠷᠡᠭᠲᠡᠢ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠫᠤᠰᠲ ᠳ᠋ᠣᠺᠲ᠋ᠣᠷ ᠤᠨ ᠠᠵᠢᠯ ᠤᠨ ᠥᠷᠲᠡᠭᠡ ᠪᠠᠶᠢᠭᠤᠯᠬᠤ ᠶᠢ ᠳᠡᠮᠵᠢᠵᠦ᠂ ᠲᠤᠭ᠎ᠠ ᠬᠡᠮᠵᠢᠶ᠎ᠡ ᠪᠠ ᠬᠡᠪᠴᠢᠶ᠎ᠡ ᠶᠢ ᠨᠢ ᠥᠷᠭᠡᠳᠬᠡᠨ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠠᠭᠤᠰᠤᠯᠴᠠᠭᠤᠯᠬᠤ ᠶᠢ ᠴᠢᠩᠭᠠᠷᠠᠭᠤᠯᠵᠤ᠂ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠳᠦᠯᠭᠡ ᠳᠤᠮᠳᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠦᠨ᠎ᠡ ᠭᠡᠵᠦ ᠳᠤᠷᠠᠳᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠵᠥᠪᠯᠡᠯᠭᠡ ᠥᠭᠬᠦ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠳᠦᠭᠡᠷ ᠹᠷᠣᠨᠲ ᠲᠤ ᠢᠳᠡᠪᠬᠢᠲᠡᠢ ᠠᠵᠢᠯᠯᠠᠵᠤ᠂  ᠬᠠᠷᠢᠭᠤᠴᠠᠯᠭ᠎ᠠ ᠲᠠᠢ ᠢᠲᠡᠭᠡᠯ ᠬᠦᠨᠳᠦ ᠲᠠᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠳᠤ ᠣᠷᠣᠭᠤᠯᠬᠤ ᠪᠠᠷ ᠢᠳᠡᠪᠬᠢᠲᠡᠢ ᠲᠠᠨᠢᠯᠴᠠᠭᠤᠯᠤᠨ ᠳᠡᠪᠰᠢᠭᠦᠯᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ︵ᠲᠤᠰᠬᠠᠢ ᠵᠦᠢᠯ᠂ ᠰᠠᠭᠤᠷᠢ ᠮᠥᠩᠭᠦ ᠵᠡᠷᠭᠡ︶ ᠶᠢᠨ ᠲᠥᠷᠥᠯ ᠵᠦᠢᠯ ᠤᠨ ᠵᠦᠭᠯᠡᠭᠦᠷ ᠨᠠᠶᠢᠷᠠᠭᠤᠯᠤᠨ ᠵᠣᠬᠢᠶᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ᠂ ᠴᠢᠳᠠᠪᠤᠷᠢᠲᠠᠨ ᠤ ᠲᠥᠯᠥᠪᠯᠡᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠱᠠᠩᠨᠠᠯ ᠵᠡᠷᠭᠡ ᠬᠢᠨᠠᠨ ᠲᠣᠭᠲᠠᠭᠠᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠵᠡᠷᠭᠡ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠳᠣᠲᠣᠷ᠎ᠠ᠂ 45 ᠨᠠᠰᠤᠨ ᠠᠴᠠ ᠳᠣᠷᠣᠭᠰᠢᠬᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠡᠵᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ ᠭᠤᠷᠪᠠᠨ ᠤ ᠨᠢᠭᠡ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠳᠡᠭᠡᠳᠦ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠪᠠᠶᠢᠯᠳᠤᠬᠤ ᠪᠣᠳᠣᠯᠭ᠎ᠠ ᠶᠢᠨ ᠠᠰᠠᠭᠤᠨ ᠯᠠᠪᠯᠠᠬᠤ ᠲᠣᠭᠲᠠᠴᠠ᠂ ᠡᠯ᠎ᠡ ᠱᠠᠲᠤᠨ ᠤ ᠡᠯ᠎ᠡ ᠲᠥᠷᠥᠯ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠨᠢ ᠬᠡᠷᠡᠭᠴᠡᠭᠡ ᠪᠠᠨ ᠦᠨᠳᠦᠰᠦᠯᠡᠨ ᠵᠠᠯᠠᠭᠤᠴᠤᠳ ᠤᠨ ᠲᠤᠰᠬᠠᠢ ᠮᠡᠷᠭᠡᠵᠢᠯ ᠤᠨ ᠵᠥᠪᠯᠡᠯ ᠪᠠᠶᠢᠭᠤᠯᠵᠤ᠂ ᠬᠡᠷᠡᠭ ᠡᠷᠭᠢᠯᠡᠭᠴᠢᠳ ᠤᠨ ᠬᠤᠷᠠᠯ᠂ ᠲᠤᠰᠬᠠᠢ ᠮᠡᠷᠭᠡᠵᠢᠯᠲᠡᠨ ᠤ ᠵᠥᠪᠯᠡᠯ ᠵᠡᠷᠭᠡ ᠶᠢᠨ ᠮᠡᠷᠭᠡᠵᠢᠯ ᠤᠨ ᠴᠣᠯᠠ᠂ ᠨᠠᠰᠤᠨ ᠤ ᠬᠢᠵᠠᠭᠠᠷᠯᠠᠯ ᠢ ᠡᠪᠳᠡᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠤᠳᠤᠯᠭᠠᠨ ᠤ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠶᠢᠨ ᠵᠠᠰᠠᠯᠲᠠ ᠡᠵᠡᠩᠨᠡᠯᠲᠡ ᠳᠤ ᠣᠯᠠᠨ ᠲᠠᠰ ᠳᠠᠪᠬᠤᠷᠭ᠎ᠠ ᠪᠠᠷ ᠣᠷᠤᠯᠴᠠᠬᠤ ᠶᠢ ᠳᠡᠮᠵᠢᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃     ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠦᠨᠡᠯᠡᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠨᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠵᠢᠮ᠎ᠡ ᠶᠣᠰᠣ ᠪᠠ ᠴᠢᠳᠠᠪᠤᠷᠢᠲᠠᠨ ᠤ ᠦᠰᠦᠨ ᠪᠣᠶᠢᠵᠢᠬᠤ ᠵᠢᠮ᠎ᠡ ᠶᠣᠰᠣ ᠶᠢ ᠵᠢᠷᠤᠮᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠡᠯᠡᠬᠦ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠦᠨᠡᠯᠡᠬᠦ ᠬᠢᠨᠠᠨ ᠰᠢᠯᠭᠠᠬᠤ ᠦᠶᠡᠯᠡᠯ ᠤᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠢᠨᠠᠨ ᠰᠢᠯᠭᠠᠬᠤ ᠳᠠᠪᠲᠠᠮᠵᠢ ᠤᠳᠠᠭ᠎ᠠ ᠶᠢ ᠪᠠᠭᠠᠰᠬᠠᠵᠤ᠂ ᠲᠥᠷᠥᠯ ᠬᠤᠪᠢᠶᠠᠨ ᠦᠨᠡᠯᠡᠬᠦ ᠶᠢ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠯᠢᠳᠡᠭ ᠵᠠᠯᠠᠭᠤ ᠴᠢᠳᠠᠪᠤᠷᠢᠲᠠᠨ ᠤ ᠮᠡᠷᠭᠡᠵᠢᠯ ᠤᠨ ᠴᠣᠯᠠ ᠳᠤ ᠱᠠᠲᠤ ᠠᠯᠭᠠᠰᠠᠨ ᠳᠡᠪᠰᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ︽ᠳᠥᠷᠪᠡ ᠶᠢ ᠬᠥᠭᠡᠭᠡᠴᠡᠯᠳᠦᠬᠦ︾ ᠪᠠ ︽ᠮᠠᠯᠠᠭᠠᠢ ᠶᠢ ᠡᠷᠭᠢᠮᠯᠡᠭᠦ︾ ᠬᠡᠯᠪᠡᠷᠢᠯ ᠢ ᠡᠷᠡᠰ ᠠᠷᠢᠯᠭᠠᠵᠤ᠂ ᠥᠭᠦᠯᠡᠯ ᠤᠨ ᠭᠦᠢᠴᠡᠳᠬᠡᠯ ᠲᠤᠭ᠎ᠠ ᠳᠤ ᠵᠥᠪ ᠢᠶᠠᠷ ᠬᠠᠨᠳᠤᠬᠤ ᠪᠠ ᠬᠡᠷᠡᠭᠯᠡᠵᠦ᠂ ᠴᠢᠨᠠᠷ ᠰᠠᠶᠢᠲᠠᠢ ᠥᠭᠦᠯᠡᠯ ᠤᠨ ᠦᠨ᠎ᠡ ᠥᠷᠲᠡᠭ ᠢ ᠪᠠᠳᠠᠷᠠᠭᠤᠯᠬᠤ ᠮᠥᠷᠲᠡᠭᠡᠨ ᠪᠠᠰᠠ ᠳᠠᠩ ᠭᠠᠭᠴᠠ ᠥᠭᠦᠯᠡᠯ ᠤᠨ ᠲᠤᠭ᠎ᠠ ᠬᠡᠮᠵᠢᠶ᠎ᠡ ᠪᠠᠷ ᠪᠠᠭᠠᠲᠤᠷ ᠢ ᠦᠨᠡᠯᠡᠬᠦ ᠶᠢ ᠡᠷᠡᠰ ᠡᠰᠡᠷᠭᠦᠴᠡᠬᠦ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠪᠠᠶᠢᠭᠤᠯᠤᠮᠵᠢ ᠶᠢ ᠦᠨᠡᠯᠡᠬᠦ ᠪᠠᠷᠢᠮᠵᠢᠶ᠎ᠠ ᠶᠢ ᠵᠣᠬᠢᠰᠲᠠᠢ ᠲᠣᠬᠢᠷᠠᠭᠤᠯᠵᠤ᠂ ᠥᠭᠦᠯᠡᠯ ᠤᠨ ᠲᠤᠭ᠎ᠠ ᠬᠡᠮᠵᠢᠶ᠎ᠡ ᠪᠠ ᠴᠢᠳᠠᠪᠤᠷᠢᠲᠠᠨ ᠤ ᠨᠡᠷᠡᠶᠢᠳᠦᠯ ᠢ ᠪᠠᠶᠢᠭᠤᠯᠤᠮᠵᠢ ᠶᠢ ᠦᠨᠡᠯᠡᠬᠦ ᠭᠦᠢᠴᠡᠳᠬᠡᠯ ᠲᠤᠭ᠎ᠠ ᠪᠤᠯᠭᠠᠬᠤ ᠦᠭᠡᠢ ᠪᠠᠶᠢᠵᠤ᠂ ᠱᠠᠲᠤ ᠱᠠᠲᠤ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠯᠭᠠᠨ ᠦᠨᠡᠯᠡᠬᠦ ᠭᠦᠢᠴᠡᠳᠬᠡᠯ ᠲᠤᠭ᠎ᠠ ᠪᠣᠯᠭᠠᠨ ᠵᠠᠳᠠᠯᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠱᠠᠭᠠᠷᠳᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠪᠤᠰᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠳᠠᠷᠤᠭᠠᠰᠤ ᠶᠢ ᠬᠥᠩᠭᠡᠷᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠥᠷᠥᠯ ᠵᠦᠢᠯ ᠤᠨ ᠬᠠᠮᠢᠶᠠᠷᠤᠯᠲᠠ ᠳᠤ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠨ᠂ ᠴᠤᠪᠤᠷᠠᠯ ᠢ ᠳᠥᠭᠦᠮᠴᠢᠯᠡᠵᠦ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠨᠢ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠵᠠᠷᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠦᠨᠡᠨ ᠬᠦ ᠨᠠᠶᠢᠳᠠᠪᠤᠷᠢᠵᠢᠭᠤᠯᠤᠨ᠂ ᠬᠦᠰᠦᠨᠦᠭᠲᠦ ᠲᠠᠭᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠲᠠᠩᠰᠠ ᠲᠠᠶᠢᠯᠬᠤ ᠵᠡᠷᠭᠡ ᠲᠠᠯ᠎ᠠ ᠪᠠᠷ ᠱᠠᠲᠤ ᠱᠠᠲᠤ ᠪᠠᠷ ᠮᠤᠷᠤᠢ ᠨᠡᠮᠡᠬᠦ ᠠᠴᠠ ᠵᠠᠶᠢᠯᠠᠰᠬᠢᠵᠦ᠂ ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠬᠤᠪᠢ ᠬᠥᠮᠥᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠠᠴᠠ ᠭᠠᠳᠠᠨᠠᠬᠢ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠪᠠᠭᠠᠰᠬᠠᠵᠤ᠂ ᠴᠢᠬᠤᠯᠠ ᠪᠤᠰᠤ ᠳᠠᠶᠢᠯᠠᠯᠭ᠎ᠠ ᠶᠢᠨ ᠠᠵᠢᠯᠯᠠᠭ᠎ᠠ ᠶᠢ ᠡᠷᠡᠰ ᠬᠤᠷᠢᠭᠯᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠵᠢᠯ ᠤᠨ ᠪᠠᠶᠢᠷᠢ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠡᠷᠳᠡᠮ ᠰᠢᠨᠵᠢᠯᠡᠭᠡᠨ ᠤ ᠬᠡᠷᠡᠭ ᠶᠠᠪᠤᠳᠠᠯ ᠤᠨ ᠪᠤᠰᠤ ᠴᠢᠨᠠᠷᠲᠠᠢ ᠠᠵᠢᠯᠯᠠᠭ᠎ᠠ ᠳᠤ ᠣᠷᠤᠯᠴᠠᠬᠤ ᠶᠢ ᠭᠠᠷᠠᠭ ᠪᠦᠷᠢ 1 ᠡᠳᠦᠷ ᠠᠴᠠ ᠬᠡᠲᠦᠷᠡᠭᠦᠯᠬᠦ ᠦᠭᠡᠢ ᠪᠠᠶᠢᠬᠤ ᠶᠢ ᠪᠠᠲᠤᠯᠠᠵᠤ᠂ ᠭᠠᠷᠠᠭ ᠪᠦᠷᠢ 80% ᠠᠴᠠ ᠳᠡᠭᠡᠭᠰᠢᠬᠢ ᠠᠵᠢᠯ ᠤᠨ ᠴᠠᠭ ᠢ ᠰᠢᠨᠵᠢᠯᠡᠬᠦ ᠤᠬᠠᠭᠠᠨ ᠤ ᠡᠷᠳᠡᠮ ᠰᠢᠨᠵᠢᠯᠡᠭᠡᠨ ᠤ ᠠᠵᠢᠯᠯᠠᠭ᠎ᠠ ᠳᠤ ᠬᠡᠷᠡᠭᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ  ᠴᠢᠳᠠᠪᠤᠷᠢᠲᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠴᠠᠭ ᠢ ᠪᠠᠲᠤᠯᠠᠬᠤ ᠶᠢ ᠨᠢᠭᠡᠴᠢ ᠶᠢᠨ ᠬᠢᠨᠠᠨ ᠰᠢᠯᠭᠠᠯᠲᠠ ᠳᠤ ᠣᠷᠣᠭᠤᠯᠤᠨ᠎ᠠ᠃ ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠠᠷᠴᠢᠮ ᠳᠡᠭᠡᠷ᠎ᠡ ᠪᠠᠨ ᠨᠢᠭᠡᠳᠦᠭᠡᠷ ᠹᠷᠣᠨᠲ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠢ ᠵᠢᠭᠡᠯᠡᠨ ᠰᠢᠯᠵᠢᠭᠦᠯᠵᠦ ᠰᠢᠨᠵᠢᠯᠡᠬᠦ ᠤᠬᠠᠭᠠᠨ ᠤ ᠰᠤᠳᠤᠯᠭᠠᠨ ᠤ ᠪᠤᠰᠤ ᠠᠵᠢᠯ ᠭᠢᠯᠭᠡᠵᠦ ᠪᠤᠯᠬᠤ ᠦᠭᠡᠢ ᠭᠡᠵᠦ ᠱᠠᠭᠠᠷᠳᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠣᠯᠠᠨ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠤᠯᠤᠰ︵ᠬᠢᠯᠢ︶ ᠤᠨ ᠭᠠᠳᠠᠨᠠᠬᠢ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠳᠤ ᠬᠦᠷᠴᠦ ᠰᠤᠷᠤᠯᠴᠠᠯᠭ᠎ᠠ ᠪᠣᠯᠪᠠᠰᠤᠷᠠᠯ ᠪᠠ ᠬᠠᠮᠲᠤᠷᠠᠯᠴᠠᠭ᠎ᠠ ᠰᠤᠳᠤᠯᠭᠠᠨ ᠥᠷᠨᠢᠭᠦᠯᠬᠦ ᠶᠢ ᠳᠡᠮᠵᠢᠨ᠎ᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠳᠤ ᠣᠷᠤᠯᠴᠠᠬᠤ ᠶᠢ ᠳᠡᠮᠵᠢᠵᠦ᠂ ᠡᠷᠳᠡᠮ ᠰᠢᠨᠵᠢᠯᠡᠭᠡᠨ ᠤ ᠵᠠᠯᠠᠭᠤ ᠳᠠᠭᠠᠭᠤᠯᠤᠭᠴᠢ ᠶᠢᠨ ᠣᠯᠠᠨ ᠤᠯᠤᠰ ᠤᠨ ᠡᠷᠳᠡᠮ ᠰᠢᠨᠵᠢᠯᠡᠭᠡᠨ ᠤ ᠬᠤᠷᠠᠯ ᠢ ᠡᠭᠦᠰᠬᠡᠨ ᠪᠠᠶᠢᠭᠤᠯᠬᠤ ᠪᠠ ᠲᠦᠷᠦᠭᠦᠯᠡᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠣᠯᠠᠨ ᠤᠯᠤᠰ ᠲᠠᠬᠢ ᠬᠥᠭᠵᠢᠶᠡᠨᠲᠦ ᠬᠡᠮᠵᠢᠶ᠎ᠡ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ ᠭᠡᠵᠦ ᠳᠤᠷᠠᠳᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠮᠢᠳᠤᠷᠠᠯ ᠳᠤ ᠦᠢᠯᠡᠴᠢᠯᠡᠬᠦ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠨᠢ ᠥᠪᠡᠷ ᠤᠨ ᠪᠡᠶ᠎ᠡ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠮᠡᠷᠭᠡᠵᠢᠯ ᠤᠨ ᠠᠩᠬᠠᠨ ᠤ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠴᠠᠯᠢᠩ ᠣᠯᠭᠤᠮᠵᠢ ᠶᠢ ᠵᠣᠬᠢᠬᠤ ᠠᠷᠭ᠎ᠠ ᠭᠡᠯᠪᠡᠷᠢ ᠪᠠᠷ ᠳᠡᠭᠡᠭᠰᠢᠯᠡᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠤᠨᠳᠤᠤᠰᠢᠭᠤᠯᠤᠯᠲᠠ ᠶᠢᠨ ᠠᠰᠢᠭ ᠣᠷᠣᠯᠭ᠎ᠠ ᠵᠡᠷᠭᠡ ᠶᠢ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠲᠡᠶᠢᠰᠢ ᠬᠡᠯᠪᠡᠶᠢᠯᠭᠡᠨ᠎ᠡ᠃ ᠡᠯ᠎ᠡ ᠲᠥᠷᠥᠯ ᠤᠨ ᠰᠢᠨ᠎ᠡ ᠶᠢ ᠡᠭᠦᠳᠬᠦ ᠭᠤᠣᠯ ᠴᠣᠭᠴᠠ ᠨᠤᠭᠤᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠮᠠᠷᠠᠬᠤ ᠪᠠ ᠠᠮᠠᠷᠠᠯᠲᠠ ᠠᠪᠬᠤ ᠶᠢ ᠪᠠᠲᠤᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠡᠮᠴᠢᠯᠡᠭᠡᠨ ᠤ ᠪᠡᠶ᠎ᠡ ᠶᠢᠨ ᠪᠠᠶᠢᠴᠠᠭᠠᠯᠲᠠ᠂ ᠰᠡᠳᠬᠢᠴᠡ ᠶᠢᠨ ᠯᠠᠪᠯᠠᠭ᠎ᠠ ᠥᠭᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠡᠷᠳᠡᠮ ᠰᠢᠨᠵᠢᠯᠡᠭᠡᠨ ᠤ ᠠᠮᠠᠷᠠᠯᠲᠠ ᠶᠢᠨ ᠳᠦᠷᠢᠮ ᠢ ᠰᠦᠪᠡᠭᠴᠢᠯᠡᠨ ᠪᠠᠶᠢᠭᠤᠯᠵᠤ᠂ ᠠᠭᠤᠵᠢᠭᠤ ᠲᠠᠯᠪᠢᠭᠤ ᠡᠶ᠎ᠡ ᠵᠣᠬᠢᠴᠠᠯ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠰᠣᠶᠣᠯ ᠤᠨ ᠣᠷᠴᠢᠨ ᠨᠥᠬᠦᠴᠡᠯ ᠢ ᠪᠤᠶ ᠪᠣᠯᠭᠠᠨ᠎ᠠ᠃ ᠡᠯ᠎ᠡ ᠭᠠᠵᠠᠷ ᠤᠨ ᠬᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠦᠷ᠎ᠡ ᠬᠡᠦᠬᠡᠳ ᠢᠶᠠᠨ ᠬᠡᠦᠬᠡᠳ ᠰᠠᠭᠠᠲᠠᠭᠤᠯᠬᠤ ᠭᠠᠵᠠᠷ ᠤᠷᠤᠭᠤᠯᠬᠤ ᠰᠤᠷᠭᠠᠭᠤᠯᠢ ᠳᠤ ᠣᠷᠣᠭᠤᠯᠬᠤ᠂ ᠣᠷᠣᠨ ᠰᠠᠭᠤᠴᠠ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠬᠦ ᠶᠢ ᠴᠢᠬᠤᠯᠠᠴᠢᠯᠠᠬᠤ ᠶᠢᠨ ᠬᠠᠮᠲᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠱᠠᠭᠠᠷᠳᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠢᠯ ᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠪᠤᠯᠭᠠᠵᠤ᠂ ᠲᠤᠰ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠵᠤ᠂ ᠤᠯᠠᠨ ᠡᠰᠢᠵᠢᠭᠰᠡᠨ ᠣᠷᠣᠭᠤᠯᠤᠯᠲᠠ ᠶᠢ ᠪᠠᠲᠤᠯᠠᠬᠤ ᠲᠣᠭᠲᠠᠴᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠲᠠᠢ ᠪᠠᠶᠢᠩᠭᠤ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠲᠦᠷᠭᠡᠨ ᠪᠣᠶᠢᠵᠢᠬᠤ ᠪᠠ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠬᠥᠮᠥᠨ ᠬᠡᠷᠡᠭᠯᠡᠬᠦ ᠨᠢᠭᠡᠴᠢ ᠶᠢᠨ ᠬᠢᠨ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠥᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠴᠢ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠲᠣᠭᠲᠠᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠥᠵᠢᠭᠦᠯᠬᠦ ᠲᠥᠯᠥᠪᠯᠡᠭᠡ ᠶᠢ ᠲᠣᠭᠲᠠᠭᠠᠨ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠲᠤᠰᠬᠠᠢ ᠮᠡᠷᠭᠡᠵᠢᠯ ᠤᠨ ᠪᠣᠯᠪᠠᠰᠤᠷᠠᠯ ᠢ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠭᠦᠢᠴᠡᠳ ᠢᠲᠡᠭᠡᠬᠦ᠂ ᠦᠵᠡᠯ ᠰᠠᠨᠠᠭᠠᠨ ᠤ ᠲᠠᠯ᠎ᠠ ᠪᠠᠷ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠤᠭᠤᠳᠬᠤ᠂ ᠠᠵᠢᠯ ᠤᠨ ᠲᠠᠯ᠎ᠠ ᠪᠠᠷ ᠨᠥᠬᠦᠴᠡᠯ ᠪᠦᠷᠢᠯᠳᠦᠭᠦᠯᠬᠦ᠂ ᠠᠮᠢᠳᠤᠷᠠᠯ ᠤᠨ ᠲᠠᠯ᠎ᠠ ᠪᠠᠷ ᠬᠠᠯᠠᠮᠵᠢᠯᠠᠨ ᠬᠠᠷᠠᠭᠠᠯᠵᠠᠬᠤ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠡᠩᠨᠡᠭᠡ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠪᠣᠯᠪᠠᠰᠤᠷᠠᠯ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号