ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠡᠬᠢᠯᠡᠪᠡ
ᠨᠡᠶᠢᠲᠡᠯᠡᠭᠰᠡᠨ ᠴᠠᠭ᠄
2024/3/1
   2 ᠰᠠᠷ᠎ᠠ ᠶᠢᠨ 29 ᠤ ᠡᠳᠦᠷ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠡᠬᠢᠯᠡᠬᠦ ᠲᠠᠰᠢᠷᠠᠮ ᠢᠶᠠᠷ᠂ ᠠᠶᠢᠮᠠᠭ ᠬᠤᠲᠠ ᠲᠢᠩᠬᠢᠮ ᠲᠣᠪᠴᠢᠶ᠎ᠠ ᠶᠢᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠵᠠᠬᠢᠷᠤᠯ ᠰᠦᠨ ᠱᠤᠤ ᠴᠧᠩ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶ᠎ᠠ ᠨᠢ ᠰᠣᠳᠣ ᠮᠡᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠥᠷᠭᠡᠨ ᠳᠡᠯᠭᠡᠷ ᠭᠦᠨ ᠴᠢᠬᠢᠮᠡᠢ ᠪᠠᠶᠢᠵᠤ᠂ ᠪᠢᠳᠡᠨ ᠤ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠤᠨ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠶᠢ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠶᠢ ᠴᠢᠩᠭᠠᠳᠬᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠭᠢᠯᠪᠠᠷ ᠪᠤᠰᠤ ᠪᠠᠷ ᠢᠷᠡᠭᠰᠡᠨ ᠶᠤᠮ᠂ ᠤᠷᠢᠳᠤ ᠡᠮᠦᠨ᠎ᠡ ᠪᠠᠶᠢᠭ᠎ᠠ ᠦᠭᠡᠢ ᠰᠢᠨ᠎ᠡ ᠶᠢ ᠡᠭᠦᠳᠦᠭᠰᠡᠨ ᠵᠠᠮ ᠪᠣᠯᠣᠨ᠎ᠠ᠂ ᠡᠨᠡ ᠨᠢ ᠮᠠᠨᠤᠰ ᠲᠤ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠭᠤᠯᠪᠠ᠃ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠮᠥᠩᠭᠦᠨ ᠭᠦᠢᠯᠭᠡᠭᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠬᠤ ᠳᠤ ᠪᠠᠶᠢᠨ᠎ᠠ᠃ ᠪᠢᠳᠡ ᠵᠠᠮ ᠤᠨ ᠢᠲᠡᠭᠡᠯ ᠢᠶᠠᠨ ᠴᠢᠩᠭᠠᠳᠬᠠᠵᠤ᠂ ︽ᠨᠠᠢᠮᠠᠨ ᠪᠠᠷᠢᠮᠲᠠᠯᠠᠯ︾ ᠤᠨ ᠰᠦᠭ ᠰᠦᠨᠡᠰᠦ ᠪᠠ ᠴᠢᠬᠤᠯᠠ ᠠᠭᠤᠯᠭ᠎ᠠ ᠶᠢ ᠭᠦᠨᠵᠡᠭᠡᠢ ᠣᠶᠢᠯᠠᠭᠠᠵᠤ᠂ ᠲᠡᠭᠦᠨ ᠤ ᠳᠤᠮᠳᠠ ᠠᠴᠠ ᠵᠢᠮ᠎ᠡ ᠶᠣᠰᠣ ᠶᠢ ᠣᠶᠢᠯᠠᠭᠠᠬᠤ᠂ ᠴᠢᠭᠯᠡᠯ ᠢ ᠮᠡᠳᠡᠬᠦ᠂ ᠠᠷᠭ᠎ᠠ ᠶᠢ ᠰᠤᠷᠤᠯᠴᠠᠬᠤ᠂ ᠤᠶᠤᠨ ᠤᠬᠠᠭᠠᠨ ᠢ ᠨᠡᠮᠡᠭᠳᠡᠭᠦᠯᠬᠦ ᠪᠠᠷ ᠴᠢᠷᠮᠠᠶᠢᠵᠤ᠂ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠡᠷᠡᠰ ᠪᠠᠲᠤ ᠢᠳᠡᠭᠡᠨ ᠪᠢᠰᠢᠷᠡᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠤᠯᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠠᠵᠢᠯ ᠤᠨ ᠠᠮᠵᠢᠯᠲᠠ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ  ᠶᠢᠨ ᠬᠦᠴᠦᠲᠡᠢ ᠳᠡᠮᠵᠢᠯᠭᠡ ᠳᠣᠣᠷ᠎ᠠ ᠣᠯᠣᠭᠰᠠᠨ ᠶᠤᠮ᠃ ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠦᠢᠯᠡᠰ ᠢ ᠰᠠᠶᠢᠲᠤᠷ ᠬᠢᠬᠦ ᠳᠤ᠂ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠲᠡᠢ᠃ ᠥᠪᠥᠷ ᠮᠣᠩᠭᠤᠯ ᠳᠤ ᠠᠪᠴᠤ ᠬᠡᠯᠡᠪᠡᠯ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠢᠯᠢᠳᠡᠭ ᠮᠥᠩᠭᠦᠨ ᠭᠦᠢᠯᠭᠡᠭᠡᠨ ᠤ ᠦᠢᠯᠡᠴᠢᠯᠡᠭᠡ ᠪᠠᠷ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠪᠣᠯ ᠴᠢᠬᠤᠯᠠ ᠶᠤᠮ᠃ ᠮᠥᠩᠭᠦᠨ ᠭᠦᠢᠯᠭᠡᠭᠡᠨ ᠤ ᠬᠠᠩᠭᠠᠯᠭ᠎ᠠ ᠶᠢ ᠥᠷᠭᠡᠳᠬᠡᠵᠦ᠂ ᠪᠡᠯᠡ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ᠂ ᠵᠦᠢ ᠵᠣᠬᠢᠰᠲᠠᠢ ᠪᠠᠷ ᠠᠰᠢᠭ ᠣᠯᠭᠤᠬᠤ ᠶᠢ ᠠᠬᠢᠭᠤᠯᠵᠤ᠂ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠭᠦᠢᠴᠡᠳ ᠰᠠᠶᠢᠲᠤᠷ ᠬᠡᠷᠡᠭᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠳᠤ ᠭᠦᠢᠴᠡᠳ ᠡᠬᠢ ᠡᠭᠦᠰᠦᠯ ᠠᠮᠢᠵᠢᠷᠠᠯ ᠤᠨ ᠬᠦᠴᠦᠨ ᠬᠠᠩᠭᠠᠬᠤ ᠬᠡᠷᠡᠭᠲᠡᠢ᠃ ᠡᠨᠡ ᠵᠢᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ︽ᠵᠢᠷᠭᠤᠭᠠᠨ ᠢᠨᠵᠧᠨᠧᠷᠢᠩ︾ ᠢ ᠭᠤᠣᠯᠳᠠᠯᠭ᠎ᠠ ᠲᠠᠢ ᠪᠠᠶᠢᠷᠢᠯᠠᠭᠤᠯᠵᠤ᠂ ᠢᠨᠵᠧᠨᠧᠷᠢᠩ ᠨᠢᠭᠡ ᠪᠦᠷᠢ ᠨᠢ ᠴᠥᠮ ᠮᠥᠩᠭᠦᠨ ᠭᠦᠢᠯᠭᠡᠭᠡᠨ ᠲᠠᠢ ᠨᠢᠭᠲᠠ ᠬᠤᠯᠪᠤᠭ᠎ᠠ ᠲᠠᠢ ᠪᠠᠶᠢᠵᠤ᠂ ︽ᠵᠢᠷᠭᠤᠭᠠᠨ ᠢᠨᠵᠧᠨᠧᠷᠢᠩ︾ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠬᠠᠩᠭᠠᠯᠭ᠎ᠠ ᠶᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠣᠯ ᠮᠥᠩᠭᠦᠨ ᠭᠦᠢᠯᠭᠡᠭᠡᠨ ᠤ ᠠᠵᠢᠯ ᠤᠨ ᠥᠨᠢᠳᠡ ᠶᠢᠨ ᠭᠤᠣᠯ ᠰᠡᠳᠦᠪ ᠮᠥᠨ᠂ ᠦᠨᠳᠦᠰᠦ ᠨᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠳᠤ ᠪᠠᠶᠢᠨ᠎ᠠ᠂ ᠵᠠᠩᠭᠢᠯᠠᠭ᠎ᠠ ᠨᠢ ᠪᠠᠶᠢᠭᠤᠯᠤᠮᠵᠢ ᠲᠣᠭᠲᠠᠴᠠ ᠶᠢ ᠰᠢᠯᠢᠳᠡᠭᠵᠢᠭᠦᠯᠬᠦ ᠳᠤ ᠪᠠᠶᠢᠨ᠎ᠠ᠃ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠣᠰᠣᠭᠠᠷ᠂ ᠳᠤᠮᠳᠠ ᠪᠠᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠣᠷᠣᠨ ᠨᠤᠲᠤᠭ ᠤᠨ ᠥᠷᠢ ᠥᠭᠴᠡᠭᠡ᠂ ᠭᠡᠷ ᠭᠠᠵᠠᠷ ᠤᠨ ᠬᠥᠷᠥᠩᠭᠡ ᠵᠡᠷᠭᠡ ᠶᠢᠨ ᠠᠶᠤᠯ ᠲᠦᠭᠰᠢᠭᠦᠷᠢ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠬᠤᠶᠠᠷ ᠲᠠᠯ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠨᠢᠭᠡ ᠲᠠᠯ᠎ᠠ ᠪᠠᠷ ᠠᠶᠤᠯ ᠲᠦᠭᠰᠢᠭᠦᠷᠢ ᠶᠢ ᠰᠢᠢᠳᠪᠦᠷᠢᠯᠡᠬᠦ ᠶᠢ ᠠᠳᠬᠤᠵᠤ᠂ ᠨᠢᠭᠡ ᠲᠠᠯ᠎ᠠ ᠪᠠᠷ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢ ᠠᠳᠬᠤᠬᠤ ᠬᠡᠷᠡᠭᠲᠡᠢ᠃ ᠠᠶᠤᠯ ᠲᠦᠭᠰᠢᠭᠦᠷᠢ ᠶᠢ ᠰᠢᠢᠳᠪᠦᠷᠢᠯᠡᠬᠦ ᠳᠤ ᠴᠢᠩᠭ᠎ᠠ ᠠᠷᠭ᠎ᠠ ᠬᠡᠮᠵᠢᠶ᠎ᠡ ᠠᠪᠴᠤ᠂ ᠵᠣᠷᠢᠭᠲᠠᠢ ᠪᠠᠷ ᠴᠢᠩᠭ᠎ᠠ ᠴᠣᠬᠢᠯᠲᠠ ᠥᠭᠴᠦ᠂ ᠲᠣᠭᠲᠠᠴᠠ ᠶᠢᠨ ᠪᠠᠶᠢᠭᠤᠯᠤᠯᠲᠠ ᠳᠤ ᠴᠤ ᠦᠨᠳᠦᠰᠦᠨ ᠠᠴᠠ  ᠨᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠣᠯᠣᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠡᠭᠦᠯ ᠬᠥᠭᠵᠢᠯᠲᠡ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠤᠨ ᠦᠨᠳᠦᠰᠦ ᠪᠠ ᠰᠦᠭ ᠰᠦᠨᠡᠰᠦ ᠮᠥᠨ᠂ ᠦᠨᠡᠨᠴᠢ ᠢᠲᠡᠭᠡᠮᠵᠢ  ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠤᠮᠠᠷᠠᠲᠤ ᠬᠢᠯᠢ ᠶᠢᠨ ᠰᠣᠶᠣᠯ ᠢ ᠪᠠᠶᠢᠭᠤᠯᠵᠤ᠂ ᠮᠥᠩᠭᠦᠨ ᠭᠦᠢᠯᠭᠡᠭᠡᠨ ᠤ ᠰᠢᠰᠲ᠋ᠧᠮ ᠳᠤ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠶᠡᠭᠡ ᠪᠠᠷ ᠪᠣᠶᠢᠵᠢᠭᠤᠯᠤᠨ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠠᠵᠢᠯ ᠡᠷᠬᠢᠯᠡᠭᠰᠡᠳ ᠤᠨ ︽ᠲᠠᠪᠤᠨ ᠬᠡᠷᠡᠭᠲᠡᠢ ᠲᠠᠪᠤᠨ ᠦᠭᠡᠢ︾ ᠪᠠᠶᠢᠬᠤ ᠶᠢ ᠬᠢᠨᠠᠮᠠᠭᠠᠢ ᠦᠢᠯᠡᠳᠦᠯᠭᠡᠵᠢᠭᠦᠯᠵᠦ᠂ ᠶᠣᠰᠣ ᠮᠣᠷᠠᠯ ᠤᠨ ᠬᠢᠵᠠᠭᠠᠷ ᠱᠤᠭᠤᠮ ᠢ ᠰᠠᠶᠢᠲᠤᠷ ᠰᠠᠬᠢᠬᠤ ᠶᠢ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠤᠳᠤᠷᠢᠳᠬᠤ ᠺᠠᠳ᠋ᠷᠴᠤᠳ ᠠᠵᠤ ᠠᠬᠤᠢ ᠪᠣᠯᠣᠨ ᠮᠥᠩᠭᠦᠨ ᠭᠦᠢᠯᠭᠡᠭᠡ ᠶᠢᠨ ᠨᠢᠭᠡ ᠬᠥᠯᠭᠡ ᠰᠢᠲᠠᠷ᠎ᠠ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠷᠭ᠎ᠠ ᠪᠠᠷᠢᠯ ᠢ ᠴᠢᠳᠠᠮᠠᠭᠠᠢ ᠬᠡᠷᠡᠭᠯᠡᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠮᠥᠩᠭᠦᠨ ᠭᠦᠢᠯᠭᠡᠭᠡᠨ ᠤ ᠠᠵᠢᠯ ᠢ ᠴᠢᠬᠤᠯᠠᠴᠢᠯᠠᠨ ᠰᠠᠶᠢᠲᠤᠷ ᠬᠢᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠺᠠᠳ᠋ᠷᠴᠤᠳ ᠮᠥᠩᠭᠦᠨ ᠭᠦᠢᠯᠭᠡᠭᠡᠨ ᠤ ᠮᠡᠳᠡᠯᠭᠡ ᠪᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢ ᠰᠠᠨᠠᠭᠠᠴᠢᠯᠠᠭ᠎ᠠ ᠠᠴᠠ ᠪᠠᠨ ᠰᠤᠳᠤᠯᠵᠤ᠂ ᠮᠡᠷᠭᠡᠵᠢᠯᠲᠡᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ ᠪᠠᠰᠠ ᠨᠠᠮ ᠤᠨ ᠰᠤᠷᠭᠠᠭᠤᠯᠢ ᠶᠢᠨ ᠥᠭᠡᠷᠡᠴᠢᠯᠡᠯᠲᠡ ᠪᠠ ᠬᠠᠮᠢᠶᠠᠷᠤᠯᠲᠠ ᠶᠢᠨ ᠠᠵᠢᠯ ᠳᠤ ᠱᠠᠭᠠᠷᠳᠠᠯᠭ᠎ᠠ ᠳᠤᠷᠠᠳᠴᠠᠢ᠃    ᠡᠯ᠎ᠡ ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠡᠯ᠎ᠡ ᠰᠠᠯᠠᠭ᠎ᠠ ᠮᠥᠴᠢᠷ ᠨᠢᠭᠡᠴᠢ᠂ ᠠᠷᠠᠳ ᠤᠨ ᠪᠦᠯᠭᠦᠮ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠪᠣᠯᠣᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ᠂ ᠨᠠᠮ ᠤᠨ ᠰᠤᠷᠭᠠᠭᠤᠯᠢ ᠶᠢᠨ ᠬᠤᠯᠪᠣᠭᠳᠠᠯ ᠪᠦᠬᠦᠢ ᠠᠩᠭᠢ ᠶᠢᠨ ᠳᠡᠳ᠋ ᠰᠤᠷᠤᠯᠭᠠᠲᠠᠳ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号