ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠄ 2024 ᠣᠨ ᠳᠤ ᠠᠯᠠᠱᠠ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠢᠩᠬᠢᠵᠦ ᠬᠢᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2024/3/13
    ᠵᠢᠯ ᠡᠬᠢᠯᠡᠮᠡᠭᠴᠡ ᠮᠠᠨ ᠤ ᠠᠶᠢᠮᠠᠭ ᠨᠢ ᠲᠥᠷᠥᠯ ᠵᠦᠢᠯ ᠤᠨ ᠭᠡᠷ᠎ᠡ ᠲᠣᠭᠲᠠᠬᠤ ᠳᠤ ᠶᠠᠮᠠᠷ ᠶᠠᠮᠠᠷ ᠪᠡᠯᠡᠳᠬᠡᠯ ᠬᠢᠭᠰᠡᠨ ᠪᠣᠶ︖ ᠶᠠᠮᠠᠷ ᠶᠠᠮᠠᠷ ᠬᠢᠷᠢ ᠪᠦᠲᠦᠮᠵᠢ ᠣᠯᠤᠭᠰᠠᠨ ᠪᠤᠢ︖ ᠡᠨᠡ ᠵᠢᠯ ᠮᠠᠨ ᠤ ᠠᠶᠢᠮᠠᠭ ᠶᠠᠮᠠᠷ ᠶᠠᠮᠠᠷ ᠬᠠᠲᠠᠭᠤ ᠠᠷᠭ᠎ᠠ ᠬᠡᠮᠵᠢᠶ᠎ᠡ ᠠᠪᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠠᠰ ᠳᠡᠪᠰᠢᠬᠦ ᠶᠢ ᠲᠦᠷᠭᠡᠳᠬᠡᠵᠦ᠂ ᠪᠣᠳᠠᠲᠠᠶ ᠦᠷ᠎ᠡ ᠪᠦᠲᠦᠮᠵᠢ ᠤᠯᠬᠤ ᠪᠠᠷ ᠲᠥᠯᠥᠪᠯᠡᠵᠦ ᠪᠠᠶᠢᠭ᠎ᠠ ᠪᠣᠶ︖ ᠠᠯᠠᠱᠠ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠭᠡᠰᠢᠬᠦᠨ᠂ ᠳᠡᠳ᠋ ᠳᠠᠷᠤᠭ᠎ᠠ ᠨᠢᠶᠧ ᠵᠢᠶᠠᠨ ᠵᠢᠶᠦ᠋ᠨ ᠡᠨᠡ ᠳᠣᠬᠠᠢ ᠰᠣᠷᠪᠣᠯᠵᠢᠯᠠᠭ᠎ᠠ ᠬᠦᠯᠢᠶᠡᠯ᠎ᠡ᠃    ᠰᠣᠷᠪᠣᠯᠵᠢᠯᠠᠭᠴᠢ᠄ ᠵᠢᠯ ᠡᠬᠢᠯᠡᠮᠡᠭᠴᠡ ᠮᠠᠨ ᠤ ᠠᠶᠢᠮᠠᠭ ᠨᠢ ᠲᠥᠷᠥᠯ ᠵᠦᠢᠯ ᠤᠨ ᠭᠡᠷ᠎ᠡ ᠲᠣᠭᠲᠠᠬᠤ ᠳᠤ ᠶᠠᠮᠠᠷ ᠶᠠᠮᠠᠷ ᠪᠡᠯᠡᠳᠬᠡᠯ ᠬᠢᠭᠰᠡᠨ ᠪᠣᠶ︖ ᠶᠠᠮᠠᠷ ᠶᠠᠮᠠᠷ ᠬᠢᠷᠢ ᠪᠦᠲᠦᠮᠵᠢ ᠣᠯᠤᠭᠰᠠᠨ ᠪᠤᠢ︖    ᠨᠢᠶᠧ ᠵᠢᠶᠠᠨ ᠵᠢᠶᠦ᠋ᠨ᠄ ᠨᠢᠭᠡ ᠳᠤ᠂ ᠬᠤᠰᠢᠭᠤ ᠣᠷᠣᠨ ᠤ ᠭᠤᠤᠯ ᠰᠠᠭᠤᠷᠢᠨ ᠭᠠᠵᠠᠷ ᠤᠨ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠰᠢᠭᠤ ᠣᠷᠣᠨ ᠤ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠴᠢᠭᠯᠡᠯ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ 136 ᠬᠤᠳᠠᠯᠳᠤᠭᠠᠴᠢᠨ ᠤᠷᠢᠬᠤ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ 30 ᠬᠠᠷᠠᠯᠲᠠᠲᠤ ᠠᠵᠤ ᠠᠬᠤᠶᠢᠯᠠᠯ ᠢ ᠰᠣᠩᠭᠤᠨ᠂ ᠠᠵᠤ ᠠᠬᠤᠶᠢᠯᠠᠯ ᠤᠨ ᠦᠨᠦ ᠵᠢᠯ ᠤᠨ ᠡᠴᠦᠰ ᠢᠷᠡᠬᠦ ᠵᠢᠯ ᠤᠨ ᠡᠬᠢᠨ ᠳᠤ ᠪᠠᠯᠠ ᠣᠷᠣᠭᠤᠯᠤᠯᠲᠠ ᠶᠢᠨ ᠬᠥᠭᠵᠢᠯᠲᠡ ᠶᠢ ᠰᠦᠪᠡᠭᠴᠢᠯᠡᠬᠦ ︽ᠴᠣᠩᠬᠤᠪᠴᠢ ᠬᠤᠭᠤᠴᠠᠭ᠎ᠠ︾᠎ ᠶᠢ ᠵᠠᠪᠳᠤᠨ ᠠᠳᠬᠤᠵᠤ᠂ ︽ᠰᠠᠯᠪᠤᠷᠢ ᠪᠠᠭ᠎ᠠ ᠠᠩᠭᠢ︾᠎ ᠶᠢᠨ ᠬᠤᠳᠠᠯᠳᠤᠭᠠᠴᠢᠨ ᠤᠷᠢᠬᠤ ᠠᠵᠢᠯᠯᠠᠭ᠎ᠠ ᠶᠢ ᠥᠷᠨᠢᠭᠦᠯᠦᠨ᠂ ᠬᠠᠷᠠᠯᠲᠠ ᠪᠠᠨ ᠲᠣᠭᠲᠠᠭᠠᠵᠤ᠂ ᠠᠶᠢᠮᠠᠭ᠂ ᠬᠤᠰᠢᠭᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠬᠠᠷᠠᠯᠳᠠᠳᠣ ᠠᠵᠦ ᠠᠬᠤᠶᠢᠯᠠᠯ ᠲᠠᠢ ᠵᠣᠯᠭᠠᠵᠦ᠂ ᠨᠢᠭᠡ ᠡᠷᠦᠬᠡ ᠨᠢᠭᠡ ᠡᠷᠦᠬᠡ ᠪᠠᠷ ᠭᠡᠷ᠎ᠡ ᠲᠣᠭᠲᠠᠵᠤ᠂ ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ ᠪᠠᠶᠢᠬᠤ ᠪᠠᠷ ᠴᠢᠷᠮᠠᠶᠢᠪᠠ᠃    ᠬᠤᠶᠠᠷ ᠲᠤ᠂ ᠡᠨᠡ ᠵᠢᠯ ᠮᠠᠨ ᠤ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠨᠢ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠠᠵᠢᠯ ᠡᠬᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠵᠢᠯ ᠤᠨ ᠳᠣᠲᠣᠷ᠎ᠠ ᠠᠵᠢᠯ ᠡᠬᠢᠯᠡᠭᠦᠯᠦᠨ ᠨᠠᠶᠢᠳᠠᠪᠤᠷᠢᠵᠢᠭᠤᠯᠬᠤ ᠶᠢ ᠲᠥᠷᠥᠯ ᠵᠦᠢᠯ ᠤᠨ ᠭᠡᠷ᠎ᠡ ᠲᠣᠭᠲᠠᠬᠤ ᠶᠢᠨ ᠦᠨᠳᠦᠰᠦᠨ ᠨᠥᠬᠦᠴᠡᠯ  ᠪᠣᠯᠭᠠᠪᠠ᠃ 2 ᠰᠠᠷ᠎ᠠ ᠶᠢᠨ 27᠎ ᠤ ᠡᠳᠦᠷ᠂ ᠪᠥᠬᠦ ᠠᠶᠢᠮᠠᠭ ᠤᠨ ᠠᠵᠤ ᠠᠬᠤᠶᠢᠯᠠᠯᠲᠠᠨ ᠤ ᠶᠡᠭᠡ ᠬᠤᠷᠠᠯ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠤᠨ ᠬᠤᠭᠤᠴᠠᠭᠠᠨ ᠳᠤ᠂ ᠮᠠᠨ ᠤ ᠠᠶᠢᠮᠠᠭ 2024 ᠣᠨ ᠤ ᠬᠠᠪᠤᠷ ᠤᠨ ᠤᠯᠠᠷᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠢ ᠠᠮᠵᠢᠯᠲᠠ ᠲᠠᠢ ᠡᠷᠭᠢᠯᠡᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠵᠥᠪᠯᠡᠯᠴᠡᠭᠡᠷ ᠤᠨ ᠶᠡᠷᠦᠩᠬᠡᠶ ᠪᠠᠯᠠ ᠣᠷᠣᠭᠤᠯᠤᠯᠲᠠ 485.6 ᠳ᠋ᠦᠩᠰᠢᠭᠤᠷ ᠲᠥᠭᠦᠷᠢᠭ ᠲᠤ ᠬᠦᠷᠴᠦ᠂ ᠰᠢᠨ᠎ᠡ ᠵᠢᠯ ᠤᠨ ᠡᠬᠢᠨ ᠤ ᠠᠩᠬᠠᠳᠠᠭᠴᠢ ︽ᠶᠠᠰᠤ ᠴᠢᠨᠠᠷ︾ ᠪᠠ ︽ᠬᠡᠮᠵᠢᠶ᠎ᠡ︾ ᠵᠡᠷᠭᠡ ᠪᠠᠷ  ᠳᠡᠭᠡᠭᠰᠢᠯᠡᠭᠰᠡᠨ ᠬᠤᠳᠠᠯᠳᠤᠭᠠᠴᠢᠨ ᠤᠷᠢᠬᠤ ᠬᠢᠷᠢ ᠪᠦᠲᠦᠮᠵᠢ ᠶᠢᠨ ᠬᠠᠭᠤᠳᠠᠰᠤ ᠶᠢ ᠲᠤᠰᠢᠶᠠᠪᠠ᠃ ᠡᠭᠦᠨ ᠳᠤ᠂ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 1᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 11᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠥᠷᠥᠯ ᠵᠦᠢᠯ 4᠂ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠲᠥᠷᠥᠯ ᠵᠦᠢᠯ 3᠂ ᠣᠲᠣ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠷᠥᠯ ᠵᠦᠢᠯ 5᠂ ᠲᠡᠮᠡᠭᠡᠨ ᠤ ᠠᠵᠤ ᠦᠢᠯᠡᠰ ᠪᠠ ᠡᠯᠡᠰᠦᠨ ᠤ ᠠᠵᠤ ᠦᠢᠯᠡᠰ ᠤᠨ ᠲᠥᠷᠥᠯ ᠵᠦᠢᠯ 2 ᠪᠣᠶ᠃    ᠭᠡᠷ᠎ᠡ ᠲᠣᠭᠲᠠᠭᠰᠠᠨ ᠲᠥᠷᠥᠯ ᠵᠦᠢᠯ ᠤᠨ ᠵᠠᠬ᠎ᠠ ᠳᠡᠯᠭᠡᠭᠦᠷ ᠤᠨ ᠢᠷᠡᠭᠡᠳᠦᠶ ᠰᠠᠶᠢᠨ᠂ ᠬᠥᠭᠵᠢᠯᠲᠡ ᠶᠢᠨ ᠰᠡᠯᠭᠦᠬᠦ ᠬᠦᠴᠦᠨ ᠴᠢᠩᠭ᠎ᠠ᠂ ᠳᠠᠶᠢᠴᠢᠯᠠᠬᠤ ᠴᠢᠳᠠᠪᠤᠷᠢ ᠴᠢᠩᠭ᠎ᠠ᠂ ᠠᠯᠠᠱᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ᠂ ᠠᠯᠠᠱᠠ ᠶᠢᠨ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠲᠤᠯᠭᠠᠭᠤᠷᠢᠯᠠᠯ ᠬᠠᠩᠭᠠᠬᠤ ᠪᠣᠯᠤᠨ᠎ᠠ᠃    ᠰᠣᠷᠪᠣᠯᠵᠢᠯᠠᠭᠴᠢ᠄ ᠡᠨᠡ ᠵᠢᠯ ᠮᠠᠨ ᠤ ᠠᠶᠢᠮᠠᠭ ᠶᠠᠮᠠᠷ ᠶᠠᠮᠠᠷ ᠬᠠᠲᠠᠭᠤ ᠠᠷᠭ᠎ᠠ ᠬᠡᠮᠵᠢᠶ᠎ᠡ ᠠᠪᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠰᠠᠶᠢᠲᠤᠷ ᠠᠳᠬᠤᠵᠤ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠠᠰ ᠳᠡᠪᠰᠢᠬᠦ ᠶᠢ ᠲᠦᠷᠭᠡᠳᠬᠡᠵᠦ᠂ ᠪᠣᠳᠠᠲᠠᠶ ᠦᠷ᠎ᠡ ᠪᠦᠲᠦᠮᠵᠢ ᠤᠯᠬᠤ ᠪᠠᠷ ᠲᠥᠯᠥᠪᠯᠡᠵᠦ ᠪᠠᠶᠢᠭ᠎ᠠ ᠪᠣᠶ︖    ᠨᠢᠶᠧ ᠵᠢᠶᠠᠨ ᠵᠢᠶᠦ᠋ᠨ᠄ ᠡᠨᠡ ᠵᠢᠯ ᠨᠢᠭᠡ ᠵᠢᠱᠢᠶ᠎ᠡ ᠦᠵᠡᠭᠦᠯᠬᠦ ᠠᠶᠢᠮᠠᠭ ᠢ ᠪᠠᠶᠢᠭᠤᠯᠬᠤ᠂ ᠲᠠᠪᠤᠨ ᠶᠡᠭᠡ ᠰᠠᠭᠤᠷᠢᠨ ᠭᠠᠵᠠᠷ ᠢ ᠪᠠᠶᠢᠭᠤᠯᠬᠤ᠂ ᠲᠤᠯᠤᠭᠠᠨ ᠶᠡᠭᠡ ᠢᠨᠵᠧᠨᠧᠷᠢᠩ ᠢ ᠬᠡᠷᠡᠭᠵᠢᠭᠦᠯᠬᠦ ᠳᠤ ᠴᠢᠭᠯᠡᠨ᠂ ᠤᠯᠤᠰ ᠤᠨ ᠳᠣᠲᠣᠭᠠᠳᠤ ᠭᠠᠳᠠᠭᠠᠳᠤ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠪᠥᠬᠦ ᠵᠢᠯ ᠳᠤ ᠪᠠᠯᠠ ᠮᠥᠩᠭᠦ ᠶᠢ 20%᠎ ᠪᠠᠷ ᠨᠡᠮᠡᠭᠳᠡᠭᠦᠯᠬᠦ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ︽ᠭᠤᠤᠯ ᠣᠳᠣᠷᠢᠳᠣᠯᠭ᠎ᠠ ᠪᠡᠶᠡᠴᠢᠯᠡᠨ ᠣᠷᠣᠯᠴᠠᠵᠦ᠂ ᠨᠠᠷᠢᠯᠢᠭ  ᠣᠨᠣᠪᠴᠢᠳᠠᠢ ᠪᠠᠷ ᠬᠤᠳᠠᠯᠳᠤᠭᠠᠴᠢᠨ ᠤᠷᠢᠬᠤ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠪᠤᠯᠤᠨ᠎ᠠ᠃ ᠪᠣᠳᠠᠲᠠᠢ ᠪᠠᠷ ᠬᠡᠯᠡᠪᠡᠯ᠂ ︽ᠵᠢᠷᠭᠤᠭ᠎ᠠ ᠶᠢ ᠴᠢᠩᠭᠠᠳᠬᠠᠬᠤ︾᠎ ᠶᠢ ᠳᠣᠪᠣᠶᠢᠮ᠎ᠠ ᠰᠠᠶᠢᠲᠤᠷ ᠠᠳᠬᠤᠨ᠎ᠠ᠃    ᠳᠡᠭᠡᠳᠦ ᠳᠡᠰ ᠤᠨ ᠲᠥᠯᠥᠪᠯᠡᠭᠡ ᠶᠢ ᠴᠢᠩᠭᠠᠳᠬᠠᠵᠦ᠂ ᠲᠣᠭᠲᠠᠴᠠ ᠶᠢ ᠲᠠᠰᠤᠷᠠᠯᠲᠠ ᠦᠬᠡᠢ ᠳᠡᠭᠦᠯᠳᠡᠷᠵᠢᠬᠦᠯᠦᠨ᠎ᠡ᠃    ︽ᠠᠯᠠᠱᠠ ᠠᠶᠢᠮᠠᠭ ᠤᠨ 2024 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︿ᠭᠤᠤᠯ ᠣᠳᠣᠷᠢᠳᠣᠯᠭ᠎ᠠ ᠪᠡᠶᠡᠴᠢᠯᠡᠨ ᠣᠷᠣᠯᠴᠠᠬᠤ᠂ ᠨᠠᠷᠢᠯᠢᠭ  ᠣᠨᠣᠪᠴᠢᠳᠠᠢ ᠪᠠᠷ ᠬᠤᠳᠠᠯᠳᠤᠭᠠᠴᠢᠨ ᠤᠷᠢᠬᠤ﹀ ᠠᠵᠢᠯᠯᠠᠭ᠎ᠠ ᠶᠢᠨ ᠲᠥᠰᠦᠯ︾᠂ ︽ᠠᠯᠠᠱᠠ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ ᠱᠠᠩᠨᠠᠬᠤ ᠠᠷᠭ᠎ᠠ︾᠎ ᠶᠢ ᠨᠡᠶᠢᠲᠡᠯᠡᠬᠦ ᠪᠠᠷ ᠲᠥᠯᠥᠪᠯᠡᠵᠦ ᠪᠣᠶ᠃ ᠤᠯᠠᠷᠢᠯ ᠤᠨ ᠬᠤᠷᠠᠯ ᠢᠶᠠᠷ ᠳᠣᠭᠢᠷᠠᠭᠤᠯᠬᠤ ᠲᠣᠭᠲᠠᠴᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠤᠨ ᠠᠵᠢᠯᠯᠠᠭᠠᠨ ᠤ ᠲᠣᠭᠲᠠᠴᠠ᠂ ᠬᠢᠨᠠᠨ ᠰᠢᠯᠭᠠᠵᠤ ᠰᠢᠮᠳᠠᠭᠤᠯᠤᠨ ᠪᠠᠶᠢᠴᠠᠭᠠᠬᠤ ᠲᠣᠭᠲᠠᠴᠠ ︽ᠭᠤᠷᠪᠠᠨ︾ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠶᠢᠮᠠᠭ ᠤᠨ ᠭᠠᠳᠠᠭᠠᠳᠤ ᠨᠡᠭᠡᠭᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠥᠬᠦ ᠠᠶᠢᠮᠠᠭ ᠤᠨ 2024 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃    ᠡᠭᠦᠷᠭᠡ ᠶᠢᠨ ᠬᠤᠪᠢᠶᠠᠷᠢᠯᠠᠯᠳᠠ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃    ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠲᠥᠯᠥᠭᠡ᠂ ᠪᠢᠳᠡ ᠪᠥᠬᠦ ᠠᠶᠢᠮᠠᠭ ᠤᠨ 2024 ᠣᠨ ᠤ ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠬᠠᠷᠠᠯᠲᠠ ᠡᠭᠦᠷᠭᠡ ᠪᠠ ᠣᠳᠣᠬᠠᠨ ᠤ ᠬᠤᠳᠠᠯᠳᠣᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠠᠬᠢᠴᠠ ᠶᠢᠨ ᠪᠠᠶᠢᠳᠠᠯ ᠲᠠᠢ ᠤᠶᠠᠯᠳᠤᠭᠤᠯᠤᠨ᠂ ᠡᠯ᠎ᠡ ᠬᠤᠰᠢᠭᠤ ᠣᠷᠣᠨ ᠤ 2024 ᠣᠨ ᠤ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠵᠢᠴᠢ ᠭᠠᠳᠠᠭᠠᠳᠤ ᠪᠡᠯᠡ ᠶᠢ ᠠᠰᠢᠭᠯᠠᠬᠤ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠭᠲᠠᠭᠠᠵᠤ᠂ ᠬᠤᠪᠢᠶᠠᠷᠢᠯᠠᠬᠤ ᠶᠢᠨ ᠬᠠᠮᠲᠤ ᠡᠬᠡ ᠲᠠᠩᠰᠠ ᠲᠣᠭᠲᠠᠭᠠᠵᠤ᠂ ᠭᠠᠵᠠᠷ ᠣᠷᠣᠨ᠂ ᠠᠵᠤ ᠦᠢᠯᠡᠰ᠂ ᠲᠥᠷᠥᠯ ᠵᠦᠢᠯ ᠤᠨ ᠪᠡᠯᠡ ᠮᠦᠩᠬᠦ ᠶᠢ ᠨᠠᠶᠢᠳᠠᠪᠣᠷᠢᠵᠢᠭᠤᠯᠣᠭᠰᠠᠨ ᠪᠠᠶᠢᠳᠠᠯ ᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠶᠢ ᠬᠠᠨᠳᠤᠯᠭᠠᠲᠤ ᠴᠢᠨᠠᠷᠲᠠᠶ ᠪᠠᠷ ᠲᠣᠳᠣᠷᠬᠠᠶᠢᠯᠠᠪᠠ᠃     ᠬᠤᠰᠢᠭᠤ ᠣᠷᠣᠨ ᠤ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠭᠤᠤᠯ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠤᠨ᠎ᠠ᠃     ᠡᠨᠡ ᠵᠢᠯ ᠪᠢᠳᠡ ᠬᠤᠰᠢᠭᠤ ᠣᠷᠣᠨ ᠤ ᠬᠤᠳᠠᠯᠳᠤᠭᠠᠴᠢᠨ ᠤᠷᠢᠬᠤ ᠦᠢᠯᠡᠳᠦᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠤᠰᠢᠭᠤ ᠣᠷᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠬᠤᠰᠢᠭᠤ ᠣᠷᠣᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠦᠷᠦᠭᠦᠯᠡᠵᠦ᠂ ᠲᠥᠷᠥᠯ ᠵᠦᠢᠯ᠂ ᠠᠵᠤ ᠦᠢᠯᠡᠰ᠂ ᠡᠩᠨᠡᠭᠡ ᠶᠢ ᠴᠡᠭ ᠬᠠᠷᠠᠭᠠᠯᠵᠠᠭᠤᠯᠤᠨ ᠵᠣᠯᠭᠠᠭᠤᠯᠵᠤ᠂ ᠰᠠᠷ᠎ᠠ ᠪᠦᠷᠢ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠠᠵᠢᠯ ᠢ 2 ᠤᠳᠠᠭ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠡᠯ᠎ᠡ ᠬᠤᠰᠢᠭᠤ ᠣᠷᠣᠨ ᠨᠢ ᠲᠣᠰ ᠭᠠᠵᠠᠷ ᠣᠷᠣᠨ ᠤ ᠣᠨᠴᠠᠯᠢᠭᠲᠤ ᠳᠠᠪᠠᠭᠤᠯᠢᠭ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠦᠷᠢᠶᠡᠴᠢᠯᠡᠭᠰᠡᠨ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠬᠤᠰᠢᠭᠤᠨ ᠤ ᠬᠤᠭᠤᠷᠣᠨᠳᠤ᠂ ᠬᠦᠷᠢᠶᠡᠯᠡᠩ ᠲᠣᠭᠤᠷᠢᠭ ᠤᠨ ᠬᠤᠭᠤᠷᠣᠨᠳᠤ ᠰᠣᠯᠪᠢᠴᠠᠨ ᠬᠥᠭᠵᠢᠬᠦ᠂ ᠬᠠᠷᠢᠯᠴᠠᠨ ︽ᠣᠷᠣᠨ ᠠᠯᠤᠰᠯᠠᠭᠰᠠᠨ ᠭᠠᠵᠠᠷ︾ ᠪᠣᠯᠬᠤ ᠶᠢ ᠵᠣᠷᠢᠭᠵᠢᠭᠤᠯᠵᠤ᠂ ︽ᠣᠷᠣᠨ ᠠᠯᠤᠰᠯᠠᠭᠰᠠᠨ ᠭᠠᠵᠠᠷ︾ ︽ᠣᠷᠣᠨ ᠠᠯᠤᠰᠯᠠᠭᠰᠠᠨ ᠠᠵᠤ ᠠᠬᠤᠶᠢᠯᠠᠯ︾᠎ ᠤᠨ ᠵᠠᠭᠪᠤᠷ ᠢᠶᠠᠷ ᠲᠥᠷᠥᠯ ᠵᠦᠢᠯ ᠢ ᠲᠥᠪᠯᠡᠷᠡᠭᠰᠡᠨ ᠣᠷᠣᠨ ᠳᠤ ᠣᠷᠣᠭᠤᠯᠵᠤ᠂ ᠠᠮᠢ ᠠᠬᠤᠶ ᠣᠷᠴᠢᠨ ᠲᠣᠭᠤᠷᠢᠨ᠂ ᠬᠦᠴᠦᠨ ᠵᠦᠢᠯ ᠤᠨ ᠭᠦᠢᠴᠡᠳᠬᠡᠯ ᠲᠤᠭ᠎ᠠ ᠵᠡᠷᠭᠡ ᠬᠢᠵᠠᠭᠠᠷᠯᠠᠯ ᠢ ᠲᠠᠶᠢᠯᠵᠤ᠂ ᠲᠥᠷᠥᠯ ᠵᠦᠢᠯ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠢ ᠪᠦᠲᠦᠮᠵᠢᠲᠡᠶ ᠲᠥᠪᠯᠡᠷᠡᠭᠦᠯᠦᠨ᠎ᠡ᠃     ᠬᠡᠯᠬᠢᠶ᠎ᠡ ᠶᠢ ᠴᠡᠭᠴᠡᠯᠡᠨ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠶᠡᠭᠡ ᠬᠦᠴᠦᠷᠬᠡᠭ ᠢ ᠡᠯᠰᠡᠬᠦ ᠶᠢ ᠴᠢᠬᠤᠯᠠᠴᠢᠯᠠᠨ᠎ᠠ᠃     ᠪᠥᠬᠦ ᠤᠯᠤᠰ ᠤᠨ ᠴᠢᠬᠤᠯᠠ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠣᠶᠢᠷ᠎ᠠ ᠬᠠᠪᠢ ᠳᠠᠭᠠᠨ ᠪᠠᠭᠲᠠᠭᠠᠨ ᠰᠢᠩᠭᠡᠭᠡᠬᠦ ᠶᠢ ᠪᠣᠳᠣᠯᠬᠢᠯᠠᠵᠤ᠂ ᠡᠨᠧᠷᠭᠢ ᠬᠠᠳᠠᠭᠠᠯᠠᠬᠤ ᠳᠡᠭᠡᠳᠦ ᠳᠣᠤᠷᠠᠳᠤ ᠬᠡᠯᠬᠢᠶ᠎ᠡ᠂ ᠡᠨᠧᠷᠭᠢ ᠶᠡᠭᠡ ᠵᠠᠷᠣᠴᠴᠠᠭᠤᠯᠵᠦ ᠭᠠᠳᠠᠭᠰᠢᠯᠠᠭᠤᠯᠤᠯᠲᠠ ᠪᠠᠭᠠᠳᠠᠢ ᠲᠡᠷᠢᠭᠦᠨ ᠤ ᠮᠡᠷᠭᠡᠵᠢᠯ ᠤᠨ ᠠᠵᠤ ᠦᠢᠯᠡᠳᠪᠦᠷᠢ ᠶᠢᠨ ᠴᠠᠬᠢᠭᠤᠷ ᠤᠨ ᠰᠢᠷᠢᠰ ᠳᠦᠷᠦᠯ ᠵᠦᠢᠯ ᠵᠢᠴᠢ ᠴᠡᠪᠡᠷ ᠤᠰᠤᠲᠥ᠋ᠷᠥᠭᠴᠢ ᠴᠡᠪᠡᠷ ᠰᠢᠪᠲᠦᠷ᠂ ᠴᠡᠪᠡᠷ ᠴᠠᠬᠢᠯᠭᠠᠨ ᠢᠶᠠᠷ ᠮᠧᠲ᠋ᠢᠯ ᠠᠯᠺᠣᠤᠯ ᠦᠢᠯᠡᠳᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠳᠡᠭᠡᠳᠦ ᠮᠡᠷᠭᠡᠵᠢᠯ᠂ ᠥᠨᠳᠥᠷ ᠭᠠᠷᠭᠠᠯᠲᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠲᠥᠷᠥᠯ ᠵᠦᠢᠯ ᠤᠨ ᠰᠢᠯᠵᠢᠯᠲᠡ ᠶᠢ ᠢᠳᠡᠪᠬᠢᠲᠡᠶ ᠵᠣᠯᠭᠠᠭᠤᠯᠤᠨ᠎ᠠ᠃     ᠪᠥᠬᠦ ᠤᠯᠤᠰ ᠤᠨ ᠣᠲᠣ ᠦᠶ᠎ᠡ ᠶᠢᠨ ᠬᠤᠵᠢᠷ ᠬᠢᠮᠢ ᠶᠢᠨ ᠠᠵᠤ ᠦᠢᠯᠡᠳᠪᠦᠷᠢ ᠶᠢᠨ ᠴᠢᠬᠤᠯᠠ ᠰᠠᠭᠤᠷᠢᠨ ᠭᠠᠵᠠᠷ ᠢ ᠪᠠᠶᠢᠭᠤᠯᠬᠤ ᠲᠣᠭᠤᠷᠢᠨ ᠳᠤ᠂ ᠣᠲᠣ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠨᠢ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠵᠦ ᠬᠤᠳᠠᠯᠳᠤᠭᠠᠴᠢᠨ ᠤᠷᠢᠬᠤ ᠶᠢ ᠭᠤᠤᠯᠳᠠᠯᠭ᠎ᠠ ᠲᠠᠢ ᠥᠷᠨᠢᠭᠦᠯᠵᠦ᠂ ᠪᠥᠸᠧ ᠶᠤᠸᠠᠨ ᠪᠠᠶᠢᠭᠠᠯᠢ ᠶᠢᠨ ᠬᠤᠵᠢᠷ ᠢ ᠨᠡᠭᠡᠭᠡᠨ ᠬᠥᠭᠵᠢᠭᠦᠯᠬᠦ᠂ ᠹᠯᠣᠷ ᠤᠨ ᠢᠷᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠹᠯᠣᠷ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠤᠨ ᠲᠥᠷᠥᠯ ᠵᠦᠢᠯ ᠳᠤ ᠲᠦᠰᠢᠭᠯᠡᠨ᠂ ᠳᠡᠭᠡᠳᠦ ᠳᠣᠤᠷᠠᠳᠤ ᠬᠡᠯᠬᠢᠶ᠎ᠡ ᠶᠢᠨ ᠢᠵᠢ ᠪᠥᠷᠢᠳᠦᠭᠦᠯᠬᠦ ᠲᠥᠷᠥᠯ ᠵᠦᠢᠯ ᠪᠠ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃     ᠮᠠᠨ ᠤ ᠤᠯᠤᠰ ᠤᠨ ᠤᠮᠠᠷᠠᠲᠤ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠬᠤ᠂ ᠪᠥᠬᠦ ᠤᠯᠤᠰ ᠤᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠬᠤ ᠪᠠ ᠪᠥᠬᠦ ᠤᠯᠤᠰ ᠤᠨ ᠣᠲᠣ ᠦᠶ᠎ᠡ ᠶᠢᠨ ᠠᠮᠢ ᠠᠬᠤᠶ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠣᠶ ᠪᠣᠯᠭᠠᠬᠤ ᠲᠣᠭᠤᠷᠢᠨ ᠳᠤ᠂ ᠲᠡᠮᠡᠭᠡ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠲᠥᠷᠥᠯ ᠵᠦᠢᠯ ᠪᠠ ᠡᠯᠡᠰᠦᠨ ᠤᠷᠭᠤᠮᠠᠯ ᠤᠨ ᠡᠬᠢ ᠪᠠᠶᠠᠯᠢᠭ ᠲᠤ ᠲᠦᠰᠢᠭᠯᠡᠨ᠂ ᠤᠯᠤᠰ ᠤᠨ ᠳᠣᠲᠣᠭᠠᠳᠤ ᠶᠢᠨ ᠢᠳᠡᠭᠡᠨ᠂ ᠤᠮᠳᠠᠭᠠᠨ᠂ ᠡᠮ ᠤᠨ ᠵᠦᠢᠯ᠂ ᠡᠷᠡᠭᠦᠯᠵᠢᠯ ᠤᠨ ᠡᠳ᠋ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠠᠵᠤ ᠠᠬᠤᠶᠢᠯᠠᠯ ᠳᠤ ᠴᠢᠭᠯᠡᠨ᠂ ᠨᠠᠷᠢᠯᠢᠭ ᠡᠳ᠋ᠰᠢᠭᠦᠯᠬᠦ᠂ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ᠂ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢᠨ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃     ᠣᠯᠠᠨ ᠤᠯᠤᠰ ᠤᠨ ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠲᠣᠭᠤᠷᠢᠨ ᠳᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠪᠥᠲᠥᠭᠡᠨ ᠪᠠᠶᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠨᠢ ᠭᠤᠣᠯᠳᠠᠭᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ ᠡᠵᠡᠨ᠎ᠡ ᠶᠢᠨ ᠣᠯᠠᠨ ᠤᠯᠤᠰ ᠤᠨ ᠠᠯᠲᠠᠨ ᠨᠠᠮᠤᠷ ᠤᠨ ᠲᠤᠤᠷᠠᠶ ᠶᠢᠨ ᠠᠮᠢ ᠠᠬᠤᠶ ᠶᠢᠨ ᠵᠢᠭᠤᠯᠴᠢᠯᠠᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠡᠬᠢ ᠪᠠᠶᠠᠯᠢᠭ ᠲᠤ ᠲᠦᠰᠢᠭᠯᠡᠨ᠂ ᠭᠤᠤᠯ ᠦᠵᠡᠮᠵᠢ ᠶᠢᠨ ᠣᠷᠣᠨ᠂ ᠴᠢᠬᠤᠯᠠ ᠶᠡᠭᠡ ᠲᠥᠷᠥᠯ ᠵᠦᠢᠯ᠂ ᠤᠨᠴᠠᠯᠢᠬᠳᠤ ᠬᠥᠳᠡᠭᠡ ᠲᠣᠰᠬᠤᠨ᠂ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠠᠴᠢᠶᠠᠯᠠᠪᠤᠷᠢ ᠪᠣᠯᠭᠠᠵᠤ᠂ ᠳᠡᠭᠡᠳᠦ ᠲᠠᠰ ᠤᠨ ᠡᠵᠡᠩᠨᠡᠯᠲᠡ ᠶᠢᠨ ᠪᠠᠶᠢᠳᠠᠯ ᠪᠠ ᠠᠭᠤᠰᠤᠯᠴᠠᠯ ᠤᠨ ᠲᠥᠷᠥᠯ ᠵᠦᠢᠯ ᠢᠶᠠᠷ ᠬᠤᠳᠠᠯᠳᠤᠭᠠᠴᠢᠨ ᠤᠷᠢᠬᠤ ᠭᠤᠤᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠭᠤᠤᠯ ᠰᠡᠳᠦᠪᠲᠦ ᠴᠡᠩᠭᠡᠯ ᠤᠨ ᠬᠦᠷᠢᠶᠡᠯᠡᠩ᠂ ᠤᠨᠴᠠᠯᠢᠬᠳᠤ ᠵᠢᠵᠢᠭ ᠪᠠᠯᠭᠠᠰᠤ᠂ ᠤᠨᠴᠠᠯᠢᠬᠳᠤ ᠵᠡᠭᠡᠯᠢ ᠲᠣᠭᠤᠷᠢᠭ᠂ ᠪᠠᠭᠤᠳᠠᠯ᠂ ᠰᠣᠶᠣᠯ ᠤᠨ ᠪᠦᠲᠦᠭᠡᠭᠳᠡᠬᠦᠨ ᠦᠢᠯᠡᠳᠬᠦ ᠵᠡᠷᠭᠡ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠨ᠎ᠠ᠃     ᠤᠯᠤᠰ ᠤᠨ ᠲᠠᠰ ᠤᠨ ᠨᠡᠭᠦᠷᠡᠰᠦ ᠬᠠᠳᠠᠭᠠᠯᠠᠵᠤ ᠲᠣᠬᠢᠷᠠᠭᠤᠯᠬᠤ ᠰᠠᠭᠤᠷᠢᠨ ᠭᠠᠵᠠᠷ ᠢ ᠪᠠᠶᠢᠭᠤᠯᠬᠤ ᠲᠣᠭᠤᠷᠢᠨ ᠳᠤ᠂ ᠪᠣᠭᠤᠮᠲᠠ ᠶᠢᠨ ᠠᠵᠤ ᠠᠬᠤᠶ ᠶᠢᠨ ᠠᠵᠤ ᠦᠢᠯᠡᠰ ᠨᠢ ᠴᠡᠭᠡ᠂ ᠦᠯᠵᠡᠢ ᠬᠤᠶᠠᠷ ᠶᠡᠭᠡ ᠪᠣᠭᠤᠮᠲᠠ ᠳᠤ ᠲᠦᠰᠢᠭᠯᠡᠨ᠂ ᠭᠠᠳᠠᠭᠠᠳᠤ ᠠᠴᠠ ᠣᠷᠣᠭᠤᠯᠬᠤ ᠡᠬᠢ ᠪᠠᠶᠠᠯᠢᠭ ᠢ ᠨᠠᠷᠢᠯᠢᠭ ᠭᠦᠨᠵᠡᠭᠡᠶ ᠪᠣᠯᠪᠠᠰᠣᠷᠠᠭᠤᠯᠬᠤ ᠪᠠᠷ ᠭᠤᠤᠯᠳᠠᠯᠭ᠎ᠠ ᠪᠣᠯᠭᠠᠵᠤ᠂ ᠪᠣᠭᠤᠮᠲᠠ+ ᠳᠣᠲᠣᠷ᠎ᠠ ᠭᠠᠵᠠᠷ+ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠳᠤᠮᠳᠠᠳᠤ ᠮᠣᠩᠭᠤᠯ ᠤᠨ ᠬᠢᠯᠢ ᠶᠢᠨ ᠬᠠᠮᠤᠭ ᠤᠨ ᠲᠣᠮᠣ ᠨᠡᠭᠦᠷᠡᠰᠦ ᠲᠥᠪᠯᠡᠷᠡᠭᠦᠯᠵᠦ ᠲᠠᠷᠬᠠᠭᠠᠬᠤ ᠭᠠᠵᠠᠷ ᠪᠠ ᠠᠷᠠᠯᠵᠢᠶᠠᠨ ᠤ ᠳᠠᠮᠵᠢᠭᠤᠯᠬᠤ ᠭᠠᠷᠠᠮ ᠢ ᠬᠦᠴᠦᠯᠡᠨ ᠪᠥᠲᠥᠭᠡᠨ ᠪᠠᠶᠢᠭᠤᠯᠤᠨ᠎ᠠ᠃ ᠳᠤᠲᠠᠭᠤᠳᠠᠯ ᠢᠶᠠᠨ ᠨᠥᠬᠦᠪᠦᠷᠢᠯᠡᠵᠦ᠂ ᠰᠢᠯᠢᠳᠡᠭᠵᠢᠭᠦᠯᠦᠨ ᠬᠦᠴᠦᠷᠬᠡᠭᠵᠢᠭᠦᠯᠬᠦ ᠰᠠᠶᠢᠨ ᠲᠥᠷᠥᠯ ᠵᠦᠢᠯ ᠲᠣᠮᠣ ᠲᠥᠷᠥᠯ ᠵᠦᠢᠯ ᠢ ᠨᠡᠩ ᠣᠯᠠᠨ ᠰᠦᠪᠡᠭᠴᠢᠯᠡᠨ᠎ᠡ᠃     ᠲᠠᠪᠴᠠᠩ ᠪᠠᠶᠢᠭᠤᠯᠬᠤ ᠎ ᠶᠢ ᠴᠢᠩᠭᠠᠳᠬᠠᠵᠤ᠂ ᠠᠵᠢᠯᠯᠠᠭ᠎ᠠ  ᠎ ᠪᠠᠷ ᠬᠤᠳᠠᠯᠳᠤᠭᠠᠴᠢᠨ ᠤᠷᠢᠬᠤ  ᠶᠢ ᠠᠬᠢᠭᠤᠯᠣᠨ᠎ᠠ᠃     ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠤᠭᠰᠠᠨ ᠳᠤᠮᠳᠠᠳᠤ ᠮᠣᠩᠭᠤᠯ ᠤᠨ ᠦᠵᠡᠰᠬᠦᠯᠡᠩ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠰᠢᠶᠠᠩᠭᠠᠩ ᠣᠣᠮᠧᠨ ᠵᠡᠷᠭᠡ ᠭᠠᠵᠠᠷ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠥᠨᠳᠥᠷ ᠬᠢᠷᠢ ᠲᠦᠪᠰᠢᠨ ᠪᠥᠬᠦᠶ ᠬᠤᠳᠠᠯᠳᠤᠭᠠᠴᠢᠨ ᠤᠷᠢᠬᠤ ᠲᠠᠪᠴᠠᠩ ᠢ ᠠᠰᠢᠭᠯᠠᠨ᠂ ᠠᠵᠤ ᠦᠢᠯᠡᠰ ᠤᠨ ᠭᠤᠤᠯᠳᠠᠯᠭ᠎ᠠ ᠶᠢ ᠦᠨᠳᠦᠰᠦᠯᠡᠨ ᠠᠯᠠᠱᠠ ᠶᠢᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠶᠢ ᠵᠡᠷᠭᠡ ᠪᠠᠷ ᠵᠣᠬᠢᠶᠠᠨ ᠪᠠᠶᠢᠭᠤᠯᠤᠨ ᠥᠷᠨᠢᠭᠦᠯᠦᠨ᠎ᠡ᠃     ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠲᠦᠷᠪᠡ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃     ᠡᠨᠡ ᠵᠢᠯ ᠲᠥᠷᠥᠯ ᠵᠦᠢᠯ ᠢ ᠨᠠᠶᠢᠳᠠᠪᠤᠷᠢᠵᠢᠭᠤᠯᠬᠤ ᠨᠣᠷᠮ᠎ᠠ ᠪᠠ ᠪᠠᠯᠠ ᠮᠥᠩᠭᠦ ᠶᠢ ᠪᠣᠳᠠᠲᠠᠶᠢᠵᠢᠭᠤᠯᠬᠤ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠤᠳᠤᠷᠢᠳᠤᠮᠵᠢ ᠪᠣᠯᠭᠠᠬᠤ ᠶᠢ ᠪᠠᠲᠤ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠦᠢᠯᠡᠴᠢᠯᠡᠬᠦ ᠰᠡᠭᠦᠯᠴᠢ ᠶᠢᠨ ᠠᠵᠢᠯ ᠢ ᠲᠣᠪᠤᠶᠢᠮ᠎ᠠ ᠰᠠᠶᠢᠲᠤᠷ ᠬᠢᠨ᠎ᠠ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠦᠷᠢᠮ ᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠦᠨ ᠂ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠲᠥᠷᠥᠯ ᠵᠦᠢᠯ ᠳᠤ ᠲᠤᠰᠬᠠᠶ ᠠᠩᠭᠢ ᠪᠠᠶᠢᠭᠤᠯᠵᠤ᠂ ︽ᠨᠢᠭᠡ ᠲᠥᠷᠥᠯ ᠵᠦᠢᠯ᠂ ᠨᠢᠭᠡ ᠤᠳᠤᠷᠢᠳᠤᠯᠭ᠎ᠠ᠂ ᠨᠢᠭᠡ ᠪᠠᠭ᠂ ᠨᠢᠭᠡ ᠲᠥᠰᠦᠯ᠂ ᠡᠴᠦᠰ ᠲᠤᠨᠢ ᠲᠤᠯᠲᠠᠯ᠎ᠠ ᠠᠳᠬᠤᠬᠤ︾ ︽ᠲᠠᠪᠤᠨ ᠨᠢᠭᠡ︾᠎ ᠶᠢᠨ ᠮᠥᠷᠳᠡᠨ ᠦᠢᠯᠡᠴᠢᠯᠡᠬᠦ ᠲᠣᠭᠲᠠᠴᠠ ᠶᠢ ᠪᠠᠶᠢᠭᠤᠯᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠴᠡᠭ ᠬᠠᠷᠠᠭᠠᠯᠵᠠᠭᠤᠯᠤᠨ ᠬᠠᠮᠢᠶᠠᠷᠴᠤ᠂ ︽ᠨᠢᠭᠡ ᠬᠡᠷᠡᠭ ᠢ ᠨᠢᠭᠡ ᠵᠥᠪᠯᠡᠬᠦ︾ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠠᠪᠬᠤ︾᠎ ᠶᠢ ᠬᠦᠴᠦᠯᠡᠨ ᠠᠬᠢᠭᠤᠯᠵᠤ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠲᠦᠷᠭᠡᠨ ᠬᠢᠨᠠᠨ ᠵᠥᠪᠰᠢᠶᠡᠷᠡᠬᠦ᠂ ᠲᠥᠷᠥᠯ ᠵᠦᠢᠯ ᠢ ᠲᠦᠷᠭᠡᠨ ᠪᠥᠲᠥᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ᠂ ᠲᠦᠷᠭᠡᠨ ᠦᠷ᠎ᠡ ᠪᠦᠲᠦᠮᠵᠢ ᠤᠯᠬᠤ ᠶᠢ ᠬᠦᠴᠦᠯᠡᠨ ᠠᠬᠢᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠤᠨ ᠭᠠᠷᠳᠠᠮ ᠢ ᠭᠦᠢᠴᠡᠳᠬᠡᠵᠦ ᠳᠠᠭᠤᠰᠬᠠᠬᠤ ᠨᠣᠷᠮ᠎ᠠ᠂ ᠠᠵᠢᠯ ᠡᠬᠢᠯᠡᠭᠦᠯᠬᠦ ᠨᠣᠷᠮ᠎ᠠ᠂ ᠪᠠᠯᠠ ᠮᠥᠩᠭᠦ ᠶᠢ ᠪᠣᠳᠠᠲᠠᠶᠢᠵᠢᠭᠤᠯᠬᠤ ᠨᠣᠷᠮ᠎ᠠ᠂ ᠠᠵᠢᠯ ᠡᠬᠢᠯᠡᠭᠦᠯᠬᠦ ᠨᠣᠷᠮ᠎ᠠ ᠶᠢ ᠦᠨᠡᠨ ᠬᠦ ᠳᠡᠭᠡᠭᠰᠢᠯᠡᠬᠦᠯᠦᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号