ᠦᠪᠡᠷᠳᠡᠭᠡᠨ ᠵᠠᠰᠠᠬᠤ ᠤᠷᠤᠨ ᠤ ᠪᠦᠬᠦ ᠤᠯᠤᠰ ᠤᠨ ᠬᠤᠶᠠᠷ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠡᠨ ᠲᠤᠭᠤᠰᠢᠯᠠᠭᠤᠯᠬᠤ ᠺᠠᠳ᠋ᠷᠴᠤᠳ ᠤᠨ ᠶᠡᠭᠡ ᠬᠤᠷᠠᠯ ᠬᠦᠭᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/3/13
    3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃
   ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠤᠨ ᠰᠢᠭᠦᠬᠦ ᠬᠤᠷᠢᠶ᠎ᠠ ᠶᠢᠨ ᠲᠠᠷᠤᠭ᠎ᠠ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠺᠤᠮᠢᠰᠰᠠᠷ᠂ ᠬᠡᠰᠡᠭ ᠮᠤᠵᠢ ᠶᠢᠨ ᠱᠠᠲᠤᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠬᠤᠷᠠᠯ ᠳᠤ ᠣᠷᠣᠯᠴᠠᠵᠠᠶ᠃    ᠰᠦᠨ ᠱᠤᠤ ᠴᠧᠩ᠂ ᠡᠨᠡ ᠤᠳᠠᠭ᠎ᠠ ᠶᠢᠨ ᠪᠦᠬᠦ ᠤᠯᠤᠰ ᠤᠨ ᠬᠤᠶᠠᠷ ᠬᠤᠷᠠᠯ ᠢ ᠮᠠᠰᠢ ᠲᠡᠭᠦᠰ ᠠᠮᠵᠢᠯᠲᠠ ᠲᠠᠢ ᠬᠤᠷᠠᠯᠳᠤᠭᠤᠯᠪᠠ᠂ ᠡᠨᠡ ᠪᠣᠯ ᠨᠢᠭᠡᠨ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠬᠰᠠᠨ᠂ ᠦᠨᠡᠨ ᠬᠦ ᠠᠳᠬᠤᠨ ᠪᠣᠳᠠᠲᠠᠢ ᠠᠵᠢᠯᠯᠠᠬᠰᠠᠨ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠣᠯᠠᠨ ᠲᠠᠯᠠᠪᠤᠷ ᠲᠤ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠳᠤ ᠴᠢᠬᠤᠯᠠ ᠵᠢᠯᠣᠭᠤᠳᠣᠯᠭ᠎ᠠ ᠬᠠᠩᠭᠠᠭᠰᠠᠨ ᠪᠠᠶᠢᠨ᠎ᠠ᠃ ᠣᠷᠣᠨ ᠲᠠᠶᠠᠭᠠᠷ ᠢᠶᠠᠨ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠢ ᠭᠡᠵᠤ ᠬᠡᠯᠡᠪᠡ᠃    ᠰᠦᠨ ᠱᠣᠣ ᠴᠧᠩ᠂ ᠨᠢᠳᠤᠨᠤᠨ ᠠᠴᠠ ᠨᠠᠭᠠᠰᠢ᠂ ᠲᠦᠢᠯ ᠤᠨ ᠨᠠᠷᠢᠨ ᠪᠤᠳᠤᠯᠢᠶᠠᠨᠲᠠᠶ ᠣᠯᠠᠨ ᠤᠯᠤᠰ ᠤᠨ ᠣᠷᠴᠢᠨ ᠲᠣᠭᠤᠷᠢᠨ ᠪᠠ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠯᠠᠪᠳᠠᠭᠤᠨ ᠪᠠᠲᠤᠲᠠᠢ ᠲᠡᠮᠡᠴᠡᠵᠦ᠂ ᠮᠠᠨ ᠤ ᠤᠯᠤᠰ ᠤᠨ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠦᠯᠡᠮᠵᠢ ᠦᠷ᠎ᠡ ᠪᠦᠲᠦᠭᠡᠯ ᠣᠯᠪᠠ᠂ ᠡᠨᠡ ᠵᠢᠯ ᠪᠠᠰᠠ ᠬᠤᠪᠢᠷᠠᠯᠲᠠ ᠶᠢ ᠠᠷᠭᠠᠴᠠᠭᠠᠵᠤ ᠰᠢᠨ᠎ᠡ ᠶᠢ ᠡᠭᠦᠳᠬᠦ᠂ ᠢᠷᠡᠭᠡᠳᠦᠢ ᠶᠢᠨ ᠢᠯᠠᠯᠲᠠ ᠶᠢ ᠤᠯᠬᠤ ᠠᠯᠢ ᠤᠯᠠᠨ ᠡᠭᠦᠷᠭᠡ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠬᠦ ᠤᠯᠤᠰ ᠢᠶᠠᠷ ᠢᠶᠠᠨ ᠬᠦᠴᠢᠷ ᠪᠡᠷᠬᠡᠰᠢᠶᠡᠯ ᠤᠨ ᠳᠤᠮᠳᠠ ᠠᠮᠵᠢᠯᠲᠠ ᠤᠯᠬᠤ ᠪᠠᠷ ᠴᠢᠷᠮᠠᠶᠢᠬᠤ᠂ ᠥᠷᠢᠰᠥᠯᠳᠦᠨ ᠤᠷᠤᠭᠰᠢᠯᠠᠵᠤ ᠵᠢᠳᠬᠦᠯ ᠴᠢᠷᠮᠠᠶᠢᠯᠭ᠎ᠠ ᠭᠠᠷᠭᠠᠬᠤ ᠢᠲᠡᠭᠡᠯ ᠵᠣᠷᠢᠭ ᠢ ᠨᠡᠩ ᠪᠠᠲᠤᠳᠬᠠᠪᠠ᠃ ︽ᠬᠤᠶᠠᠷ ᠢ ᠲᠣᠭᠲᠠᠭᠠᠬᠰᠡᠨ︾ ᠪᠣᠯ ᠪᠢᠳᠡᠨ ᠤ ᠠᠯᠢᠪᠠ ᠠᠵᠢᠯ ᠢ ᠰᠠᠶᠢᠲᠤᠷ ᠬᠢᠬᠦ ᠶᠢᠨ ᠢᠲᠡᠭᠡᠯ ᠵᠣᠷᠢᠭ ᠤᠨ ᠦᠨᠳᠦᠰᠦ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠭ᠋ᠤ ᠶᠢᠨ ᠢᠯᠠᠯᠲᠠ ᠶᠢᠨ ᠡᠬᠢ ᠮᠥᠨ ᠭᠡᠳᠡᠭ ᠢ ᠦᠢᠯᠡᠳᠦᠯᠭᠡ ᠲᠠᠬᠢᠨ ᠳᠠᠪᠲᠠᠨ ᠭᠡᠷᠡᠴᠢᠯᠡᠪᠠ᠃ ᠡᠯ᠎ᠡ ᠱᠠᠲᠤᠨ ᠤ ᠬᠢᠨ ᠮᠠᠨ ᠤ ᠤᠯᠤᠰ ᠤᠨ ᠬᠥᠭᠵᠢᠯᠲᠡ ᠶᠢᠨ ᠲᠠᠯ᠎ᠠ ᠪᠠᠷ ᠤᠯᠤᠬᠰᠠᠨ ᠶᠡᠷᠦ ᠪᠤᠰᠤ ᠶᠢᠨ ᠠᠮᠵᠢᠯᠲᠠ ᠪᠦᠲᠦᠮᠵᠢ ᠪᠣᠯᠤᠨ ᠭᠡᠷᠡᠯ ᠰᠠᠴᠤᠷᠠᠩᠭᠤᠢ ᠠᠯᠤᠰ ᠢᠷᠡᠭᠡᠳᠦᠢ ᠠᠴᠠ ︽ᠬᠤᠶᠠᠷ ᠢ ᠲᠣᠭᠲᠠᠭᠠᠬᠰᠡᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ ᠢᠮᠠᠬᠳᠠ ᠶᠡᠷᠦᠩᠬᠡᠢ ᠱᠦᠵᠢ ᠰᠢ ᠶᠢᠨ ᠫᠢᠩ ᠤᠨ ᠵᠢᠯᠤᠭᠤᠳᠤᠯᠭ᠎ᠠ ᠵᠠᠷᠯᠢᠭ ᠵᠢᠭᠠᠪᠤᠷᠢ ᠶᠢ ᠰᠡᠳᠭᠢᠯ ᠲᠠᠯᠪᠢᠨ ᠰᠣᠨᠣᠰᠴᠤ᠂ ᠶᠡᠷᠦᠩᠬᠡᠢ ᠱᠦᠵᠢ ᠬᠠᠮᠢᠭᠠᠰᠢ ᠵᠢᠭᠠᠪᠠᠯ ᠲᠠᠷᠤᠢ ᠲᠦᠮᠡᠨ ᠪᠡᠷᠬᠡ ᠶᠢ ᠢᠯᠠᠨ ᠳᠠᠪᠠᠵᠤ ᠲᠡᠨᠳᠡ ᠬᠦᠷᠴᠦ ᠢᠯᠠᠯᠲᠠ ᠤᠯᠬᠤ ᠭᠡᠷᠡᠭᠳᠠᠢ ᠭᠡᠵᠤ ᠬᠡᠯᠡᠪᠡ᠃    ᠰᠦᠨ ᠱᠤᠤ ᠴᠧᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠠᠴᠠ ᠬᠤᠶᠠᠷ ᠶᠡᠭᠡ ᠶᠠᠪᠤᠳᠠᠯ ᠢ ᠴᠢᠨᠠᠭᠰᠢᠳᠠ ᠰᠠᠶᠢᠲᠤᠷ ᠬᠢᠬᠦ ᠬᠥᠳᠡᠯᠭᠡᠬᠦ ᠬᠦᠴᠦᠨ ᠢ ᠣᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤᠮᠳᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢ ᠨᠠᠶᠢᠳᠠᠪᠦᠷᠢᠵᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠠᠬᠢ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠡᠷᠢᠬᠦ ᠪᠠ ᠰᠠᠶᠢᠲᠤᠷ ᠬᠡᠷᠡᠭᠯᠡᠵᠦ᠂ ᠥᠪᠥᠷ ᠮᠣᠩᠭᠤᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠨᠢᠭᠡ ᠪᠦᠷᠢ ᠶᠢ ᠴᠥᠮ ᠪᠣᠳᠠᠲᠠᠶ ᠲᠥᠷᠥᠯ ᠵᠦᠢᠯ ᠪᠣᠯᠭᠠᠨ ᠨᠠᠷᠢᠯᠢᠬᠵᠢᠭᠤᠯᠵᠤ ᠨᠠᠶᠢᠳᠠᠪᠤᠷᠢᠵᠢᠭᠤᠯᠬᠤ ᠬᠡᠷᠡᠭᠲᠡᠶ᠃ ᠰᠢᠨ᠎ᠡ ᠴᠢᠨᠠᠷ ᠪᠦ᠋ᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠᠷ ᠬᠥᠲᠥᠯᠦᠮᠵᠢ ᠪᠣᠯᠭᠠᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠠᠭᠤᠳᠠᠯᠬᠤ ᠪᠠ ᠪᠤᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠲᠦᠷᠭᠡᠳᠭᠡᠨ ᠠᠬᠢᠭᠤᠯᠵᠤ ᠂ ᠤᠯᠤᠰ ᠤᠨ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠴᠢᠯᠡᠬᠦ ᠶᠢ ᠠᠬᠢᠭᠤᠯᠬᠤ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠠ ᠲᠣᠬᠢᠶᠠᠯ ᠢ ᠠᠮᠵᠢᠨ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠶᠢ ᠦᠢᠯᠡᠳᠬᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠵᠡᠷᠭᠡ ᠠᠵᠤ ᠦᠢᠯᠡᠰ ᠢ ᠰᠠᠶᠢᠲᠤᠷ ᠬᠢᠬᠦ ᠬᠡᠷᠡᠭᠲᠡᠢ᠃ ᠭᠤᠣᠯ ᠬᠦᠴᠦᠨ ᠪᠣᠯᠬᠤ ᠡᠭᠦᠷᠭᠡᠯᠡᠯ᠂ ᠬᠤᠰᠢᠭᠤᠴᠢ ᠪᠣᠯᠬᠤ ᠰᠦᠷ ᠬᠦᠴᠦᠨ ᠢᠶᠠᠷ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠤᠬᠴᠠᠵᠢᠭᠤᠯᠬᠤ ᠢᠨᠵᠧᠨᠧᠷᠢᠩ ᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠦᠨᠳᠦᠰᠦᠨ ᠵᠦᠢᠯ ᠢ ᠪᠠᠲᠤᠯᠠᠬᠤ᠂ ᠬᠤᠷᠢᠭ᠎ᠠ ᠱᠤᠭᠤᠮ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠶᠤᠯᠭᠦᠢ ᠦᠢᠯᠡᠳᠪᠦᠷᠢᠯᠡᠯ ᠪᠣᠯᠤᠨ ᠰᠦᠩ ᠬᠠᠯᠢᠶ᠎ᠡ ‍ᠦ᠋ᠠᠷ ᠢ ᠰᠡᠷᠭᠡᠶᠢᠯᠡᠬᠦ᠂ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠵᠡᠷᠭᠡ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ᠃    ᠰᠦᠨ ᠱᠤᠤ ᠴᠧᠩ᠂ ᠨᠢᠳᠤᠨᠤᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠪᠣᠯᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠯᠴᠢ ᠴᠢᠨᠠᠷᠲᠠᠢ ᠪᠠᠷ ᠡᠭᠦᠷᠭᠡ ᠲᠤᠰᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠡᠯ᠎ᠡ ᠲᠠᠯ᠎ᠠ ᠶᠢᠨ ᠠᠵᠢᠯ ᠢᠶᠠᠨ ᠢᠳᠡ ᠬᠦᠴᠦᠲᠡᠢ ᠶᠠᠪᠤᠭᠳᠠᠭᠤᠯᠪᠠ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠦᠴᠦᠯᠡᠬᠦ ᠭᠤᠤᠯᠳᠠᠯᠭ᠎ᠠ ᠪᠠᠨ ᠴᠢᠨᠠᠭᠰᠢᠳᠠ ᠣᠨᠣᠪᠴᠢᠲᠠᠶ ᠡᠷᠢᠵᠦ ᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠦᠨ᠂ ︽ᠬᠤᠶᠠᠷ ᠲᠥ᠋ᠯᠥᠭᠡᠯᠡᠬᠴᠢ ᠨᠢᠭᠡ ᠭᠡᠰᠢᠭᠦᠨ︾ ᠤ ᠬᠠᠷᠢᠯᠴᠠᠵᠤ ᠦᠢᠯᠡᠴᠢᠯᠡᠬᠦ᠂ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠵᠡᠷᠭᠡ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ ᠂ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ ᠭᠡᠵᠦ ᠬᠡᠯᠡᠪᠡ᠃    ᠰᠦᠨ ᠱᠤᠤ ᠴᠧᠩ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠬᠤᠶᠠᠷ ᠬᠤᠷᠠᠯ ᠤᠨ ᠬᠤᠭᠤᠴᠠᠭᠠᠨ ᠳᠤ ᠤᠯᠠᠨ ᠤᠳᠠᠭ᠎ᠠ ᠴᠢᠬᠤᠯᠠᠴᠢᠯᠠᠭᠰᠠᠨ ᠴᠢᠬᠤᠯᠠ ᠱᠠᠭᠠᠷᠳᠠᠯᠭ᠎ᠠ ᠪᠣᠯᠬᠤ ᠪᠥᠭᠡᠳ ᠮᠦᠨ ᠴᠤ ᠶᠡᠭᠡ ᠬᠤᠷᠠᠯ ᠠᠴᠠ ᠬᠥᠮᠦᠰ ᠲᠤ ᠦᠯᠡᠳᠡᠭᠡᠭᠰᠡᠨ ᠭᠦᠨ ᠰᠠᠭᠤᠭᠳᠠᠯ ᠪᠣᠯᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠪᠦᠬᠦ ᠤᠯᠤᠰ ᠤᠨ ᠬᠤᠶᠠᠷ ᠬᠤᠷᠠᠯ ᠤᠨ ᠰᠢᠨ᠎ᠡ ᠳᠦᠷᠰᠦ ᠪᠠᠶᠢᠳᠠᠯ ᠢ ᠰᠤᠷᠤᠯᠴᠠᠬᠤ ᠳᠤᠮᠳᠠ ᠦᠨᠡᠨ ᠬᠦ ᠠᠳᠬᠤᠵᠤ ᠪᠣᠳᠠᠲᠠᠢ ᠠᠵᠢᠯᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠡᠯ᠎ᠡ ᠲᠠᠯ᠎ᠠ ᠶᠢᠨ ᠬᠢᠨ ᠢ ᠬᠦᠳᠦᠯᠥᠨ ᠳᠠᠭᠠᠭᠤᠯᠵᠤ ᠢᠲᠡᠭᠡᠯ ᠵᠣᠷᠢᠭ ᠪᠠ ᠡᠷᠴᠢ ᠬᠦᠴᠦᠨ ᠢ ᠨᠢ ᠬᠥᠪᠴᠢᠯᠡᠬᠦ ᠬᠡᠷᠡᠭᠲᠡᠢ᠃ ᠥᠪᠥᠷ ᠮᠣᠩᠭᠤᠯ ᠤᠨ ᠺᠠᠳ᠋ᠷ ᠲᠤ ᠠᠪᠴᠤ ᠬᠡᠯᠡᠪᠡᠯ᠂ ᠵᠥᠪᠬᠡᠨ ᠢᠲᠡᠭᠡᠯ ᠪᠠᠶᠢᠭᠠᠳ ᠪᠣᠯᠬᠤ ᠦᠭᠡᠢ᠂ ᠪᠠᠰᠠ ᠠᠤᠭ᠎ᠠ ᠵᠣᠷᠢᠭ ᠲᠠᠢ ᠪᠠᠶᠢᠬᠤ ᠬᠡᠷᠡᠭᠲᠡᠢ᠃ ᠵᠣᠷᠢᠭᠲᠠᠢ ᠪᠠᠷ ᠲᠡᠷᠢᠭᠦᠨ ᠤ ᠬᠢ ᠶᠢ ᠲᠠᠮᠠᠴᠡᠨ ᠡᠮᠦᠨ᠎ᠡ ᠨᠢ ᠤᠷᠤᠬᠤ ᠪᠠᠷ ᠴᠢᠷᠮᠠᠶᠢᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠣᠷᠣᠬᠤ ᠬᠠᠷᠠᠯᠲᠠ ᠶᠢ ᠤᠨᠢᠯᠠᠵᠤ ᠰᠤᠯᠠᠷᠠᠭᠤᠯᠤᠯ ᠦᠭᠡᠢ ᠠᠳᠬᠤᠵᠤ᠂ ᠥᠷᠯᠥᠭᠡ ᠦᠳᠡᠰᠢ ᠶᠢ ᠲᠡᠮᠡᠴᠡᠨ ᠰᠢᠷᠭᠠᠭᠤ ᠠᠵᠢᠯᠯᠠᠵᠤ᠂ ᠡᠨᠡ ᠵᠢᠯ ᠲᠠᠬᠢᠨ ᠨᠢᠭᠡ ᠶᠡᠭᠡ ᠠᠯᠬᠤᠮ ᠤᠷᠤᠭᠰᠢᠯᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠱᠠᠲᠤᠨ ᠤ ᠬᠢᠨ ᠦᠨᠡᠨ ᠪᠣᠳᠠᠲᠠᠢ ᠪᠠᠷ ᠠᠵᠢᠯ ᠢᠶᠠᠨ ᠲᠦᠯᠦᠪᠯᠡᠵᠦ ᠠᠵᠢᠯ ᠬᠢᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠵᠠᠯᠠᠷᠠᠭᠤᠯᠤᠨ ᠵᠠᠰᠠᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠳᠤ ᠦᠷᠭᠦᠯᠵᠢᠯᠡᠨ ᠰᠶᠢᠳᠪᠦᠷᠢᠯᠡᠬᠦ ᠬᠡᠷᠡᠭᠲᠡᠢ᠂ ᠴᠠᠭ ᠮᠥᠴᠡ ᠤᠶᠤᠨ ᠴᠢᠳᠠᠯ ᠢᠶᠠᠨ ᠬᠡᠢ ᠬᠤᠭᠤᠰᠣᠨ ᠶᠠᠪᠤᠳᠠᠯ ᠪᠣᠯᠤᠨ ᠰᠤᠷᠳᠤᠭᠤᠯᠠᠵᠤ ᠶᠠᠩᠪᠠᠯᠠᠬᠤ ᠲᠡᠭᠡᠷ᠎ᠡ ᠪᠦᠷᠢᠯᠭᠡᠵᠦ ᠪᠤᠯᠬᠤ ᠦᠭᠡᠢ᠃ ︽ᠠᠯᠢᠪᠠ ᠪᠦᠬᠦᠨ ᠳᠤ ᠦᠷ᠎ᠡ ᠳ᠋ᠦᠩ ᠢᠶᠠᠷ ᠨᠢ ᠦᠭᠡ ᠬᠡᠯᠡᠬᠦ᠂ ᠪᠣᠳᠠᠲᠤ ᠦᠷ᠎ᠡ ᠪᠦᠲᠦᠮᠵᠢ ᠪᠠᠷ ᠦᠨᠡᠯᠡᠬᠦ︾ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠦᠬᠦ ᠠᠩᠬᠠᠷᠤᠯ ᠢᠶᠠᠨ ᠲᠦᠪᠯᠡᠷᠡᠬᠦᠯᠵᠤ ᠬᠠᠷᠠᠯᠲᠠ ᠪᠠᠨ ᠣᠨᠢᠯᠠᠨ ᠪᠠᠶᠢᠯᠳᠤᠭᠠᠨ ᠬᠢᠬᠦ ᠶᠢ ᠱᠠᠯᠠᠪᠳᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠯ ᠤᠨ ᠡᠴᠦᠰ ᠲᠤ ᠦᠷ᠎ᠡ ᠳ᠋ᠦᠩ ᠪᠣᠯᠤᠨ ᠪᠣᠳᠠᠲᠤ ᠦᠷ᠎ᠡ ᠪᠦᠲᠦᠮᠵᠢ ᠶᠢ ᠯᠡ ᠦᠵᠡᠨ᠎ᠡ ᠭᠡᠵᠦ ᠬᠡᠯᠡᠪᠡ᠃    ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠪᠣᠯᠤᠨ ᠮᠠᠨᠵᠤᠤᠷ ᠬᠤᠲᠠ᠂ ᠡᠷᠢᠶᠡᠨ ᠬᠤᠲᠠ᠂ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号