ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/14
    ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠳᠦᠬᠦᠮᠴᠢᠯᠡᠨ᠎ᠡ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ ᠨᠠᠮ ᠤᠨ ᠲᠥᠪ ᠬᠤᠷᠢᠶ᠎ᠠ ᠠᠴᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ ᠴᠣᠯᠠ ᠶᠢ ᠰᠢᠯᠭᠠᠷᠠᠭᠤᠯᠤᠨ ᠣᠯᠭᠤᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠭᠠᠪᠢᠶᠠᠲᠤ ᠵᠢᠱᠢᠶᠡᠴᠢ ᠬᠥᠮᠦᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠬᠡᠵᠥ ᠵᠢᠭᠠᠵᠥ ᠭᠠᠷᠭᠠᠪᠠ᠃     ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠥ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠥ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠵᠥ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠦᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ ᠬᠥᠬᠢᠭᠦᠯᠦᠨ ᠰᠠᠶᠢᠰᠢᠶᠠᠵᠥ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠥ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠥ᠂ ᠪᠦᠬᠦ ᠨᠡᠶᠢᠭᠡᠮ ᠢᠶᠠᠷ ᠢᠶᠠᠨ ᠡᠷᠳᠡᠮᠲᠡᠨ ᠮᠡᠷᠭᠡᠳ ᠠᠴᠠ ᠰᠤᠷᠤᠯᠴᠠᠬᠤ᠂ ᠪᠠᠭᠠᠲᠤᠷᠴᠤᠳ ᠢ ᠬᠦᠨᠳᠦᠳᠭᠡᠬᠦ᠂ ᠬᠤᠰᠢᠭᠤᠴᠢ ᠪᠣᠯᠬᠤ ᠪᠠᠷ ᠴᠢᠷᠮᠠᠶᠢᠬᠤ ᠶᠢ ᠠᠬᠢᠭᠤᠯᠵᠥ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠬᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠳᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ᠃     ︽ᠮᠡᠳᠡᠭᠳᠡᠯ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ ᠬᠤᠪᠢ ᠬᠥᠮᠦᠨ ᠢ ᠴᠥᠮ ᠨᠡᠷ᠎ᠡ ᠳᠤᠷᠠᠳᠴᠤ ᠪᠣᠯᠤᠨ᠎ᠠ᠂ ᠨᠥᠬᠦᠴᠡᠯ ᠳᠤ ᠨᠡᠶᠢᠴᠡᠭᠰᠡᠨ ᠨᠠᠰᠤ ᠪᠠᠷᠠᠭᠰᠠᠨ ᠬᠥᠮᠦᠨ ᠳᠤ ᠨᠡᠬᠡᠮᠵᠢᠯᠡᠨ ᠣᠯᠭᠤᠵᠤ ᠪᠣᠯᠤᠨ᠎ᠠ᠃ ︽ᠪᠥᠬᠦᠳᠡ ᠨᠠᠶᠢᠷᠠᠮᠳᠠᠬᠤ ᠤᠯᠤᠰ ᠤᠨ ᠭᠠᠪᠢᠶᠠᠨ ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠥᠲᠥᠭᠡᠨ ᠪᠠᠶᠢᠭᠤᠯᠤᠯᠲᠠ ᠪᠠ ᠬᠥᠭᠵᠢᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠯᠤᠲᠤ ᠶᠡᠭᠡ ᠬᠤᠪᠢ ᠨᠡᠮᠡᠷᠢ ᠦᠵᠡᠭᠦᠯᠵᠥ᠂ ᠭᠠᠷᠮᠠᠭᠠᠶ ᠭᠠᠪᠢᠶ᠎ᠠ ᠪᠠᠶᠢᠭᠤᠯᠤᠬᠰᠠᠨ᠂ ᠡᠷᠬᠢᠮ ᠳᠡᠬᠡᠳᠤ ᠶᠣᠰᠣ ᠮᠤᠷᠠᠯ ᠵᠠᠩ ᠴᠢᠨᠠᠷ ᠳ᠋ᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠶ ᠬᠥᠮᠦᠰ ᠪᠠᠶᠢᠬᠤ ᠬᠡᠷᠡᠭᠲᠡᠶ᠃ ︽ᠨᠥᠬᠦᠷᠯᠡᠯ ᠤᠨ ᠭᠠᠪᠢᠶᠠᠨ ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ ᠵᠢᠷᠤᠮᠳᠤ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠥ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ ᠳᠤᠮᠳᠠ ᠭᠠᠷᠮᠠᠭᠠᠶ ᠬᠤᠪᠢ ᠨᠡᠮᠡᠷᠢ ᠦᠵᠡᠭᠦᠯᠦᠭᠰᠡᠨ᠂ ᠳᠤᠮᠳᠠᠳᠤ ᠤᠯᠤᠰ ᠲᠤ ᠣᠷᠳᠣ ᠬᠤᠭᠤᠴᠠᠭ᠎ᠠ ᠪᠠᠷ ᠨᠥᠬᠦᠷᠰᠡᠭ᠂ ᠰᠠᠶᠢᠨ ᠰᠠᠶᠢᠬᠠᠨ ᠨᠡᠷ᠎ᠡ ᠠᠯᠳᠠᠷ ᠲᠠᠢ ᠭᠠᠳᠠᠭᠠᠳᠤ ᠶᠢᠨ ᠬᠥᠮᠦᠨ ᠪᠠᠶᠢᠬᠤ ᠬᠡᠷᠡᠭᠲᠡᠶ᠃ ᠤᠯᠤᠰ ᠤᠨ ᠢᠷᠠᠭᠤ ᠠᠯᠳᠠᠷ ᠤᠨ ᠴᠣᠯᠠ ᠳᠤ ᠨᠡᠷ᠎ᠡ ᠳᠤᠷᠠᠳᠬᠤ ᠵᠢᠱᠢᠭᠳᠡᠭᠴᠢ ᠨᠢ ᠠᠵᠤ ᠠᠬᠤᠶ᠂ ᠨᠡᠶᠢᠭᠡᠮ᠂ ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ ᠬᠠᠷᠢᠯᠴᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠡᠯ᠎ᠡ ᠠᠵᠢᠯ ᠲᠥᠷᠥᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠡᠷᠬᠢᠮ ᠳᠡᠭᠡᠳᠦ ᠨᠡᠷ᠎ᠡ ᠬᠦᠨᠳᠦ ᠲᠠᠢ᠂ ᠡᠷᠬᠢᠮ ᠳᠡᠭᠡᠳᠦ ᠶᠣᠰᠣ ᠮᠤᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠶ ᠬᠥᠮᠦᠰ ᠪᠠᠶᠢᠬᠤ ᠬᠡᠷᠡᠭᠲᠡᠶ᠃     ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠶ ᠪᠠᠶᠢᠷᠢᠯᠠᠭᠤᠯᠤᠨ ᠲᠣᠬᠢᠷᠠᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠭᠢᠯᠭᠡ ᠪᠠᠷ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠵᠥᠪ ᠴᠢᠭᠯᠡᠯ ᠢ ᠡᠵᠡᠮᠳᠡᠵᠦ᠂ ᠨᠡᠷ᠎ᠡ ᠳᠤᠷᠠᠳᠤᠭᠳᠠᠭᠰᠠᠨ ᠬᠥᠮᠦᠰ ᠤᠨ ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠷ᠎ᠡ ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠩᠭᠤ ᠶᠢᠨ ᠢᠯᠡᠷᠡᠯ ᠢ ᠪᠥᠬᠦ ᠲᠠᠯ᠎ᠠ ᠪᠠᠷ ᠬᠢᠨᠠᠨ ᠰᠢᠯᠭᠠᠵᠤ᠂ ᠤᠯᠤᠰ ᠲᠥᠷᠥ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠰᠠᠶᠢᠲᠤᠷ ᠰᠠᠬᠢᠬᠤ ᠶᠢ ᠳᠣᠪᠤᠶᠢᠯᠭᠠᠵᠤ᠂ ᠪᠣᠳᠠᠲᠠᠶ ᠬᠤᠪᠢ ᠨᠡᠮᠡᠷᠢ ᠪᠠᠷ ᠴᠢᠬᠤᠯᠠ ᠦᠨᠡᠯᠡᠬᠦ ᠪᠠᠷᠢᠮᠵᠢᠶ᠎ᠠ ᠪᠣᠯᠭᠠᠵᠤ᠂ ᠢᠯᠡ ᠲᠣᠳᠣ ᠡᠷᠬᠡ ᠲᠡᠭᠰᠢ ᠲᠥᠪ ᠭᠤᠤᠯᠴᠢ ᠪᠠᠶᠢᠬᠤ ᠶᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠴᠤ᠂ ᠰᠠᠶᠢᠨ ᠤ ᠳᠤᠮᠳᠠ ᠠᠴᠠ ᠰᠢᠯᠢᠳᠡᠭ ᠢ ᠨᠢ ᠰᠣᠩᠭᠤᠬᠤ ᠬᠡᠷᠡᠭᠲᠡᠶ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号