ᠲᠦᠷᠦ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭᠠᠨ ᠤ ᠲᠦᠰᠤᠯ︾ ᠢ ᠲᠠᠷᠤᠮᠠᠯᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/3/15
    ᠤᠢᠢᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭᠠᠨ ᠤ ᠲᠥᠰᠦᠯ︾ ︵ᠳᠣᠷᠣᠭᠰᠢ ︽ᠠᠵᠢᠯᠯᠠᠭᠠᠨ ᠤ ᠲᠥᠰᠦᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠠᠵᠢᠯᠯᠠᠭᠠᠨ ᠤ ᠲᠥᠰᠦᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠬᠡᠷᠡᠭᠴᠡᠭᠡ ᠶᠢ ᠨᠢᠭᠡᠳᠦᠯᠲᠡᠶ ᠲᠥᠯᠥᠪᠵᠢᠬᠦᠯᠤᠨ ᠥᠷᠭᠡᠳᠭᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠣᠷᠤᠩᠭᠤᠶ ᠶᠢ ᠰᠢᠭᠰᠢᠭᠳᠡᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠵᠤ᠂ ᠡᠮᠬᠢ ᠵᠢᠷᠤᠮ ᠲᠠᠢ ᠪᠠᠷ ᠳᠡᠭᠡᠭᠰᠢᠯᠡᠭᠦᠯᠵᠦ᠂ ᠲᠥᠬᠦᠭᠡᠷᠦᠮᠵᠢ ᠶᠢ ᠰᠢᠨᠡᠳᠭᠡᠬᠦ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ᠂ ᠪᠤᠴᠠᠭᠠᠨ ᠬᠤᠷᠢᠶᠠᠵᠤ ᠡᠷᠬᠢᠯᠳᠦᠬᠦᠯᠦᠨ ᠠᠰᠢᠭᠯᠠᠬᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠲᠦᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠤ ᠲᠥᠬᠦᠭᠡᠷᠦᠮᠵᠢ ᠶᠢ ᠦᠢᠯᠡᠳᠪᠦᠷᠢᠯᠡᠵᠦ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠪᠥᠬᠡᠯᠢᠭ ᠬᠡᠷᠡᠭᠯᠡᠭᠡ ᠶᠢᠨ ᠵᠦᠢᠯ ᠢ ᠰᠠᠭᠤᠭᠠᠯᠢ ᠠᠷᠠᠳ ᠤᠨ ᠠᠮᠢᠳᠤᠷᠠᠯ ᠳᠤ ᠨᠡᠩ ᠤᠯᠠᠨ ᠣᠷᠣᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ ᠬᠡᠯᠬᠢᠶ᠎ᠡ ᠶᠢ ᠰᠠᠭᠠᠳ ᠦᠭᠡᠢ ᠨᠡᠪᠲᠡᠷᠡᠭᠦᠯᠵᠦ᠂ ᠤᠯᠤᠰ ᠠᠷᠠᠳ ᠤᠨ ᠠᠵᠤ ᠠᠬᠤᠶ ᠶᠢᠨ ᠡᠷᠬᠢᠯᠳᠡ ᠶᠢᠨ ᠶᠠᠰᠤ ᠴᠢᠨᠠᠷ ᠪᠠ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃    ︽ᠠᠵᠢᠯᠯᠠᠭᠠᠨ ᠤ ᠲᠥᠰᠦᠯ︾ ᠳᠤ᠂ 2027 ᠣᠨ ᠪᠣᠯᠬᠤ ᠳᠤ ᠠᠵᠤ ᠦᠢᠯᠡᠳᠪᠦᠷᠢ᠂ ᠬᠥᠳᠡᠭᠡ ᠠᠵᠤ ᠠᠬᠤᠢ᠂ ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮ ᠡᠮᠨᠡᠯᠭᠡ ᠵᠡᠷᠭᠡ ᠬᠦᠷᠢᠶᠡᠨ ᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠦᠨ᠎ᠡ︔ ᠭᠤᠤᠯᠳᠠᠯᠭ᠎ᠠ ᠲᠠᠢ ᠠᠵᠢᠯ ᠲᠥᠷᠥᠯ ᠤᠨ ᠭᠤᠤᠯ ᠪᠣᠯᠬᠤ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠲᠦᠪᠰᠢᠨ ᠳᠤ ᠬᠦᠷᠭᠡᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠨᠢ A ᠲᠠᠰ ᠤᠨ ᠲᠦᠪᠰᠢᠨ ᠳᠤ ᠬᠦᠷᠦᠭᠰᠡᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠪᠠᠭᠠᠵᠢ ᠶᠢᠨ ᠲᠦᠭᠡᠮᠡᠯᠵᠢᠭᠰᠡᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠣᠭᠠᠴᠢᠯᠠᠬᠰᠠᠨ ᠡᠵᠡᠮᠳᠡᠯ ᠤᠨ ᠨᠣᠷᠮ᠎ᠠ ᠶᠢ ᠲᠣᠰ ᠲᠣᠰ 90%᠂ 75% ᠶᠢ ᠳᠠᠪᠠᠭᠤᠯᠤᠨ᠎ᠠ︔ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ ᠬᠤᠷᠢᠶᠠᠭᠰᠠᠨ ᠬᠡᠮᠵᠢᠶ᠎ᠡ ᠶᠢ 2023 ᠣᠨ ᠤ ᠬᠢ ᠠᠴᠠ ᠪᠠᠷᠤᠭ ᠨᠢᠭᠡ ᠳᠠᠬᠢᠨ ᠨᠡᠮᠡᠭᠳᠡᠬᠦᠯᠵᠦ᠂ ᠭᠠᠷ ᠳᠠᠮᠵᠢᠭᠰᠠᠨ ᠮᠠᠰᠢᠨ ᠲᠡᠷᠭᠡ ᠶᠢᠨ ᠠᠷᠠᠯᠵᠢᠶᠠᠨ ᠤ ᠬᠡᠮᠵᠢᠶ᠎ᠡ ᠶᠢ 2023 ᠣᠨ ᠤ ᠬᠢ ᠠᠴᠠ 45% ᠪᠠᠷ ᠨᠡᠮᠡᠭᠳᠡᠬᠦᠯᠵᠦ᠂ ᠬᠠᠭᠤᠴᠢᠨ ᠬᠠᠶᠠᠭᠳᠠᠮᠠᠯ ᠬᠡᠷ ᠤᠨ ᠴᠠᠬᠢᠯᠭᠠᠨ ᠬᠡᠷᠡᠭᠰᠡᠯ ᠢ ᠪᠤᠴᠠᠭᠠᠨ ᠬᠤᠷᠢᠶᠠᠭᠰᠠᠨ ᠬᠡᠮᠵᠢᠶ᠎ᠡ ᠶᠢ 2023 ᠣᠨ ᠤ ᠬᠢ ᠠᠴᠠ 30% ᠪᠠᠷ ᠨᠡᠮᠡᠭᠳᠡᠬᠦᠯᠵᠦ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠬᠢᠨ ᠠᠰᠢᠬᠯᠠᠵᠤ ᠪᠤᠯᠬᠤ ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠴᠢᠨᠠᠬᠰᠢᠳᠠ ᠳᠡᠭᠡᠭᠰᠢᠯᠡᠬᠦᠯᠤᠨ᠎ᠠ ᠭᠡᠵᠤ ᠲᠤᠷᠠᠳᠪᠠ᠃    ︽ᠠᠵᠢᠯᠯᠠᠭᠠᠨ ᠤ ᠲᠥᠰᠦᠯ︾ ᠳᠤ 5 ᠲᠠᠯ᠎ᠠ ᠶᠢᠨ 20 ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶ ᠲᠣᠭᠲᠠᠭᠠᠪᠠ᠃ ᠨᠢᠭᠡ ᠳᠤ᠂ ᠲᠥᠬᠦᠭᠡᠷᠦᠮᠵᠢ ᠶᠢ ᠰᠢᠨᠡᠳᠭᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠭᠡᠨ ᠥᠭᠡᠷᠡᠴᠢᠯᠡᠬᠦ ᠶᠢ ᠠᠬᠢᠭᠤᠯᠵᠤ᠂ ᠪᠠᠷᠢᠯᠭ᠎ᠠ ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠭᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠷᠬᠠᠰᠠᠨ ᠲᠠᠷᠢᠶᠠᠯᠠᠩ ᠤᠨ ᠮᠠᠰᠢᠨ ᠮᠧᠬᠠᠨᠢᠭ ᠤᠨ ᠰᠢᠨᠡᠴᠢᠯᠡᠯᠲᠡ ᠶᠢ ᠲᠡᠮᠵᠢᠵᠤ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮ ᠡᠮᠨᠡᠯᠭᠡ ᠶᠢᠨ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠥᠷᠨᠢᠭᠦᠯᠵᠦ᠂ ᠭᠡᠷ ᠤᠨ ᠡᠳ᠋ᠯᠡᠯ ᠬᠡᠷᠡᠭᠰᠡᠯ ᠤᠨ ᠰᠢᠨ᠎ᠡ ᠶᠢ ᠰᠣᠯᠢᠬᠤ ᠶᠢ ᠠᠬᠢᠭᠤᠯᠤᠨ᠎ᠠ᠃ ᠭᠤᠷᠪᠠ ᠳᠤ᠂ ᠪᠤᠴᠠᠭᠠᠨ ᠬᠤᠷᠢᠶᠠᠵᠤ ᠡᠷᠬᠢᠯᠳᠦᠬᠦᠯᠦᠨ ᠠᠰᠢᠭᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠶᠠᠭᠳᠠᠮᠠᠯ ᠬᠠᠭᠤᠴᠢᠨ ᠦᠢᠯᠡᠳᠬᠦᠨ ᠤ ᠲᠥᠬᠦᠭᠡᠷᠦᠮᠵᠢ ᠶᠢ ᠪᠤᠴᠠᠭᠠᠨ ᠬᠤᠷᠢᠶᠠᠬᠤ ᠲᠣᠣᠷ ᠢ ᠲᠡᠭᠦᠯᠳᠡᠷᠵᠢᠭᠦᠯᠵᠦ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ ᠲᠡᠮᠵᠢᠵᠤ᠂ ᠲᠠᠬᠢᠨ ᠦᠢᠯᠡᠳᠬᠦ ᠪᠠ ᠱᠠᠲᠤᠯᠠᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠡᠬᠢ ᠪᠠᠶᠠᠯᠢᠭ ᠢ ᠥᠨᠳᠥᠷ ᠲᠦᠪᠰᠢᠨ ᠢᠶᠠᠷ ᠲᠠᠬᠢᠨ ᠠᠰᠢᠭᠯᠠᠬᠤ ᠶᠢ ᠠᠬᠢᠭᠤᠯᠤᠨ᠎ᠠ᠃ ᠲᠦᠷᠪᠡ ᠳᠤ᠂ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠢᠢ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ᠂ ᠭᠠᠳᠠᠭᠰᠢᠯᠠᠭᠤᠯᠤᠯᠲᠠ᠂ ᠮᠡᠷᠭᠡᠵᠢᠯ ᠤᠨ ᠪᠠᠷᠢᠮᠵᠢᠶ᠎ᠠ ᠶᠢ ᠲᠦᠷᠭᠡᠳᠭᠡᠨ ᠲᠡᠭᠦᠯᠳᠡᠷᠵᠢᠭᠦᠯᠵᠦ᠂ ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠶᠢ ᠴᠢᠩᠭᠠᠳᠬᠠᠵᠤ᠂ ᠡᠬᠢ ᠪᠠᠶᠠᠯᠢᠭ ᠢ ᠡᠷᠬᠢᠯᠳᠦᠬᠦᠯᠦᠨ ᠠᠰᠢᠭᠯᠠᠬᠤ ᠪᠠᠷᠢᠮᠵᠢᠶ᠎ᠠ ᠶᠢᠨ ᠬᠠᠩᠭᠠᠯᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ ᠵᠤᠯᠭᠠᠭᠤᠯᠬᠤ ᠶᠢ ᠴᠢᠩᠭᠠᠳᠬᠠᠨ᠎ᠠ᠃ ᠲᠠᠪᠤ ᠳᠤ᠂ ᠲᠦᠷᠦ ᠶᠢᠨ ᠪᠤᠳᠤᠯᠭ᠎ᠠ ᠶᠢᠨ ᠪᠠᠲᠤᠯᠠᠭ᠎ᠠ ᠢᠢ ᠴᠢᠩᠭᠠᠳᠬᠠᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠠᠶᠢᠯᠢ ᠶᠢᠨ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠰᠢᠨ᠎ᠠ ᠶᠢ ᠡᠬᠦᠳᠬᠦ ᠲᠤᠯᠭᠠᠭᠤᠷᠢᠯᠠᠯ ᠢ ᠴᠢᠩᠭᠠᠳᠬᠠᠨ᠎ᠠ᠃    ︽ᠠᠵᠢᠯᠯᠠᠭᠠᠨ ᠤ ᠲᠥᠰᠦᠯ︾ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠵᠢᠬᠦᠯᠤᠨ ᠵᠣᠬᠢᠴᠠᠭᠤᠯᠬᠤ ᠪᠠᠨ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠭᠡᠬᠦ ᠪᠠ ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号