3 ᠰᠠᠷ᠎ᠠ ᠠᠴᠠ ᠡᠬᠢᠯᠡᠨ ᠡᠳᠡᠭᠡᠷ ᠰᠢᠨ᠎ᠡ ᠲᠣᠭᠲᠠᠭᠠᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/3/18
   ︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾᠎ ᠢ 3 ᠰᠠᠷ᠎ᠠ ᠶᠢᠨ 1᠎ ᠠᠴᠠ ᠡᠬᠢᠯᠡᠵᠦ ᠬᠡᠷᠡᠭᠵᠢᠭᠦᠯᠪᠡ᠃ ︽ᠬᠡᠷᠡᠭᠵᠢᠭᠦᠯᠬᠦ ᠳᠦᠷᠢᠮ︾᠎ ᠨᠢ ᠨᠡᠶᠢᠲᠡ 8 ᠪᠦᠯᠦᠭ 52 ᠵᠤᠷᠪᠤᠰ ᠲᠠᠢ ᠪᠠᠶᠢᠵᠤ᠂ ᠲᠠᠩᠰᠠ ᠡᠪᠬᠡᠮᠡᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠲᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ ᠬᠠᠮᠢᠶᠠᠷᠬᠤ ᠶᠢ ᠵᠢᠷᠤᠮᠵᠢᠭᠤᠯᠬᠤ᠂ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠨᠡᠭᠡᠭᠡᠨ ᠠᠰᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠠᠢ᠃    ᠺᠤᠮᠫᠠᠨᠢ ᠶᠢᠨ ᠡᠳ᠋ ᠬᠥᠷᠥᠩᠭᠡ ᠶᠢ ᠬᠢᠮᠳᠠ ᠪᠠᠷ ᠬᠤᠳᠠᠯᠳᠤᠪᠠᠯ  ᠶᠠᠯᠠᠳᠠᠨ᠎ᠠ    ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀᠎ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠥᠬᠦᠪᠦᠷᠢ ᠲᠣᠭᠲᠠᠭᠠᠯ ︵ᠨᠠᠢᠮᠠ︶︾᠎ ᠢ 3 ᠰᠠᠷ᠎ᠠ ᠶᠢᠨ 1᠎ ᠠᠴᠠ ᠡᠬᠢᠯᠡᠵᠦ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾᠎ ᠢ ᠦᠨᠳᠦᠰᠦᠯᠡᠪᠡᠯ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀᠎ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾᠂ ︽ᠡᠷᠡᠭᠦᠦ ᠶᠢᠨ ᠬᠠᠤᠯᠢ ᠶᠢᠨ ᠬᠤᠪᠢᠶᠠᠷᠢ ᠳᠦᠷᠢᠮ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠯᠡᠬᠦ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠠᠨᠠᠯ︾᠎ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾᠎ ᠶᠢᠨ ᠵᠠᠭᠤ ᠵᠢᠷᠠ ᠶᠢᠰᠦᠳᠦᠭᠡᠷ ᠵᠦᠢᠯ ︵︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾᠎ ᠤᠨ ᠭᠤᠷᠪᠠᠳᠤᠭᠠᠷ ᠵᠦᠢᠯ︶᠎ ᠳᠠᠬᠢ  ᠶᠠᠯ᠎ᠠ ᠶᠢᠨ ᠨᠡᠷ᠎ᠡ ᠶᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠪᠠᠶᠢᠭᠰᠠᠨ ᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠺᠤᠮᠫᠠᠨᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠵᠠᠰᠠᠪᠠ᠃    ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠪᠠᠯ ᠰᠢᠢᠳᠬᠡᠨ᠎ᠡ    ︽ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠵᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾᠎ ᠢ 3 ᠰᠠᠷ᠎ᠠ ᠶᠢᠨ 15᠎ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠳᠤᠰ ︽ᠲᠣᠭᠲᠠᠭᠠᠯ︾᠎ ᠳᠤ ᠳᠤᠷᠠᠳᠤᠭᠰᠠᠨ ᠢᠶᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠲᠥᠪ ᠤᠨ ᠠᠵᠤ ᠠᠬᠤᠶᠢᠯᠠᠯ᠂ ᠨᠡᠷ᠎ᠡ ᠠᠯᠳᠠᠷᠰᠢᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢᠶᠠᠷ ᠬᠠᠭᠤᠷᠮᠠᠭᠯᠠᠵᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠳᠠᠯᠳᠠ ᠴᠢᠨᠠᠷ ᠢᠶᠠᠷ ᠴᠢᠩᠭ᠎ᠠ᠂ ᠥᠷᠭᠡᠵᠢᠨ ᠳᠡᠯᠭᠡᠷᠡᠬᠦ ᠨᠢ ᠲᠦᠷᠭᠡᠨ᠂ ᠨᠡᠶᠢᠭᠡᠮ ᠤᠨ ᠨᠥᠯᠥᠭᠡ ᠶᠡᠭᠡ ᠵᠡᠷᠭᠡ ᠣᠨᠴᠠᠯᠢᠭ ᠲᠤ ᠴᠢᠭᠯᠡᠭᠦᠯᠦᠨ᠂ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ᠂ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠵᠢᠷᠤᠮ ᠢ ᠲᠡᠭᠦᠯᠳᠡᠷᠵᠢᠭᠦᠯᠬᠦ᠂ ᠨᠢᠭᠡᠨᠲᠡ ᠬᠡᠷᠡᠭ ᠪᠣᠯᠭᠠᠨ ᠲᠠᠩᠰᠠᠯᠠᠵᠤ ᠪᠠᠶᠢᠴᠠᠭᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠳᠠᠩᠰᠠᠯᠠᠯᠲᠠ ᠬᠢᠬᠦ ᠦᠭᠡᠢ᠂ ᠬᠠᠤᠯᠢ ᠪᠤᠰᠤ ᠵᠠᠭᠤᠴᠢ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠬᠦ ᠵᠡᠷᠭᠡ ᠠᠷᠭ᠎ᠠ ᠬᠡᠮᠵᠢᠶ᠎ᠡ ᠠᠪᠬᠤ ᠪᠣᠯᠣᠨ᠎ᠠ᠃    ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠰᠢᠯᠭᠠᠨ ᠬᠢᠨᠠᠨ᠎ᠠ    ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠵᠦᠭᠯᠡᠭᠦᠷ︾᠂ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾᠎ ᠶᠢ 3 ᠰᠠᠷ᠎ᠠ ᠶᠢᠨ 1᠎ ᠠᠴᠠ ᠡᠬᠢᠯᠡᠨ ᠬᠡᠷᠡᠭᠵᠢᠭᠦᠯᠵᠦ᠂ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ︽ᠵᠦᠭᠯᠡᠭᠦᠷ︾ ᠪᠠ ︽ᠬᠥᠲᠥᠯᠪᠦᠷᠢ︾᠎ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠤᠨᠴᠠᠭᠠᠢ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号