ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ — — ᠦᠨᠡᠨᠴᠢ ᠢᠲᠡᠭᠡᠮᠵᠢ ᠶᠢᠨ ᠰᠠᠭᠤᠷᠢ ᠶᠢ ᠪᠠᠲᠤ ᠴᠣᠭᠴᠠᠯᠠᠵᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/18
   ︽ᠥᠩᠭᠡᠷᠡᠭᠰᠡᠨ ᠳᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠦᠷᠴᠦ ᠭᠠᠷ ᠭᠦᠢᠴᠡᠳᠭᠡᠯ ᠬᠢᠬᠦ ᠳᠤ ᠬᠠᠭᠠᠰ ᠡᠳᠦᠷ ᠬᠡᠷᠡᠭᠰᠡᠨ᠎ᠡ᠂ ᠣᠲᠣ ︿ᠢ ᠰᠢᠶᠣᠤ ᠵᠧᠩ﹀ ᠶᠡᠷᠦᠩᠬᠡᠶᠢᠯᠡᠭᠰᠡᠨ ᠴᠣᠩᠬᠤᠪᠴᠢ ᠶᠢᠨ ᠲᠤᠰᠠᠯᠠᠭᠴᠢ ᠪᠠᠷ ᠠᠷᠪᠠᠭᠠᠳ ᠮᠢᠨᠦ᠋ᠲ ᠲᠤ ᠲᠠᠷᠤᠢ ᠭᠦᠢᠴᠡᠳᠭᠡᠴᠢᠬᠡᠨ᠎ᠠ︾ ᠭᠡᠵᠦ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠠᠯᠴᠢᠨ ᠨᠡᠶᠢᠭᠡᠮ ᠲᠣᠭᠤᠷᠢᠭ ᠤᠨ ᠬᠤᠳᠠᠯᠳᠤᠭᠠᠴᠢᠨ ᠲᠤᠤ ᠯᠸᠢ ᠬᠡᠯᠡᠨ᠎ᠡ᠃    ᠰᠤᠷᠪᠤᠯᠵᠢᠯᠠᠭᠴᠢ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠠᠴᠠ ᠣᠶᠢᠯᠠᠭᠠᠭᠰᠠᠨ ᠢᠶᠠᠷ᠂ ᠰᠢᠨ᠎ᠡ ᠪᠠᠷ ᠠᠰᠢᠭᠯᠠᠯᠲᠠ ᠳᠤ ᠣᠷᠣᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠢ ᠰᠢᠶᠤᠤ ᠵᠧᠩ︾ ᠶᠡᠷᠦᠩᠬᠡᠶᠢᠯᠡᠭᠰᠡᠨ ᠴᠤᠩᠬᠤᠪᠴᠢ ᠶᠢᠨ ᠲᠤᠰᠠᠯᠠᠭᠴᠢ ᠦᠢᠯᠡᠳᠪᠦᠷᠢ ᠬᠤᠳᠠᠯᠳᠤᠭᠠᠨ ᠤ ᠡᠵᠡᠩᠨᠡᠯᠲᠡ ᠶᠢᠨ ᠦᠨᠡᠮᠯᠡᠯ ᠢ ᠳᠠᠩᠰᠠᠯᠠᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ᠂ ᠵᠢᠵᠢᠭ ᠢᠳᠡᠭᠡᠨ ᠤᠮᠳᠠᠭᠠᠨ ᠤ ᠡᠵᠡᠩᠨᠡᠯᠲᠡ ᠶᠢᠨ ᠵᠥᠪᠰᠢᠶᠡᠷᠡᠯ᠂ ᠪᠡᠶ᠎ᠡ ᠶᠢᠨ ᠦᠨᠡᠮᠯᠡᠯ ᠢ ᠭᠦᠢᠴᠡᠳᠭᠡᠬᠦ ᠵᠡᠷᠭᠡ 78 ᠵᠦᠢᠯ ᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠪᠡᠶᠡᠯᠡᠭᠦᠯᠵᠦ ᠪᠤᠯᠬᠤ ᠮᠦᠷᠳᠡᠭᠡᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ  ᠪᠠ ᠵᠠᠰᠠᠭ  ᠤᠨ ᠶᠠᠪᠤᠳᠠᠯ  ᠤᠨ ᠦᠢᠯᠡᠴᠢᠯᠡᠭᠡᠨ ᠤ ᠲᠢᠩᠬᠢᠮ ᠲᠠᠢ ᠸᠢᠳᠢᠣ᠋  ᠪᠠᠷ ᠬᠤᠯᠪᠣᠵᠤ᠂ ᠣᠯᠠᠨ ᠲᠦᠮᠡᠨ  ᠪᠠ ᠠᠵᠤ ᠠᠬᠤᠶᠢᠯᠠᠯ  ᠤᠨ 1236 ᠵᠦᠢᠯ  ᠤᠨ ᠬᠡᠷᠡᠭ ᠶᠠᠪᠤᠳᠠᠯ  ᠢ ᠠᠯᠤᠰ  ᠠᠴᠠ ᠭᠦᠢᠴᠡᠳᠭᠡᠵᠦ ᠪᠣᠯᠤᠨ᠎ᠠ᠃    ︽ᠣᠲᠣ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠡᠨᠴᠢ ᠢᠲᠡᠭᠡᠮᠵᠢ ᠶᠢᠨ ᠦᠢᠯᠡᠴᠢᠯᠡᠭᠡ ᠨᠢ ᠦᠨᠡᠬᠡᠷ ᠳᠣᠲᠣᠨᠣ ᠨᠠᠷᠢᠯᠢᠭ ᠪᠣᠯᠵᠠᠶ᠂ ᠥᠩᠭᠡᠷᠡᠭᠰᠡᠨ ᠤ ︿ᠵᠣᠭᠰᠣᠩᠭᠤᠶ ᠮᠠᠶ᠋ᠢᠭ﹀ ᠤᠨ ᠴᠣᠩᠬᠤᠪᠴᠢ ᠦᠢᠯᠡᠴᠢᠯᠡᠭᠡ ᠶᠢ ︿ᠰᠢᠯᠵᠢᠮᠡᠯ ᠮᠠᠶ᠋ᠢᠭ﹀ ᠤᠨ ᠬᠡᠷ ᠲᠤᠨᠢ ᠬᠦᠷᠭᠡᠬᠦ ᠦᠢᠯᠡᠴᠢᠯᠡᠭᠡ ᠪᠣᠯᠭᠠᠨ ᠬᠤᠪᠢᠷᠠᠭᠤᠯᠵᠦ᠂ ︿ᠬᠠᠪᠰᠤᠷᠤᠨ  ᠬᠦᠢᠴᠡᠳᠭᠡᠬᠦ ᠣᠷᠣᠯᠠᠨ ᠬᠦᠢᠴᠡᠳᠭᠡᠬᠦ﹀ ᠪᠠ ︿ᠦᠨᠡᠮᠯᠡᠯ ᠬᠢᠵᠦ ᠬᠡᠷ ᠲᠤᠨᠢ ᠬᠦᠷᠭᠡᠬᠦ﹀ ᠦᠢᠯᠡᠴᠢᠯᠡᠭᠡ ᠶᠢ ᠦᠨᠡᠨ ᠬᠦ ᠪᠠᠶᠢᠩᠭᠤᠵᠢᠭᠤᠯᠪᠠ︾ ᠭᠡᠵᠦ ᠥᠪᠥᠷ ᠮᠣᠩᠭᠤᠯ ᠤᠨ ᠺᠧ ᠷᠦᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠨ ᠱᠧᠩ ᠴᠢ ᠰᠤᠷᠪᠤᠯᠵᠢᠯᠠᠭᠴᠢ ᠳᠤ ᠬᠡᠯᠡᠪᠡ᠃    ᠦᠨᠡᠨᠴᠢ ᠢᠲᠡᠭᠡᠮᠵᠢ ᠪᠣᠯ ᠬᠤᠪᠢ ᠬᠥᠮᠦᠨ ᠤ ᠣᠷᠣᠰᠢᠨ ᠲᠣᠭᠲᠠᠨᠢᠬᠤ ᠶᠢᠨ ᠦᠨᠳᠦᠰᠦ ᠪᠣᠯᠬᠤ ᠪᠠᠷ ᠪᠠᠷᠠᠬᠤ ᠦᠭᠡᠢ ᠪᠠᠰᠠ ᠴᠤ ᠨᠡᠶᠢᠭᠡᠮ ᠤᠨ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠮᠥᠨ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠦᠨᠡᠨᠴᠢ ᠢᠲᠡᠭᠡᠮᠵᠢ ᠶᠢᠨ ᠦᠨ᠎ᠡ ᠦᠷᠳᠡᠭ ᠢ ᠭᠦᠨᠵᠡᠭᠡᠢ ᠣᠶᠢᠯᠠᠭᠠᠬᠤ ᠶᠢᠨ ᠬᠠᠮᠲᠤ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠣᠯᠭᠠᠵᠠᠢ᠃ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠢᠨᠵᠧᠨᠧᠷᠢᠩ ᠪᠣᠯᠭᠠᠨ ᠠᠳᠬᠤᠵᠤ᠂ ᠨᠡᠩ ᠴᠤ ᠬᠥᠭᠵᠢᠯᠲᠡ ᠶᠢ ᠬᠦᠳᠦᠯᠥᠨ ᠳᠠᠭᠠᠭᠤᠯᠬᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠭᠤᠣᠯᠳᠠᠯᠭ᠎ᠠ ᠪᠣᠯᠭᠠᠨ ᠠᠬᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ︾᠂ ︽ᠠᠰᠠᠷᠠᠭᠴᠢ ᠮᠠᠶ᠋ᠢᠭ ᠤᠨ ᠦᠢᠯᠡᠴᠢᠯᠡᠭᠡ ᠬᠠᠩᠭᠠᠬᠤ︾᠂ ︽ᠳᠤᠲᠠᠭᠳᠠᠯ ᠢ ᠨᠢ ᠪᠠᠭᠲᠠᠭᠠᠨ ᠰᠢᠢᠳᠪᠦᠷᠢᠯᠡᠬᠦ︾ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠠᠵᠤ ᠠᠬᠤᠶᠢᠯᠠᠯ ᠤᠨ ᠬᠥᠭᠵᠢᠯᠲᠡ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠪᠦᠬᠦᠢ ᠪᠠᠳᠤᠯᠠᠭ᠎ᠠ ᠬᠠᠩᠭᠠᠵᠠᠢ᠃    ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ 2024 ᠣᠨ ᠤ ᠡᠬᠢ ᠪᠠᠷ ᠬᠤᠷᠠᠯᠳᠤᠭᠤᠯᠤᠭᠰᠠᠨ ︽ᠦᠨᠡᠨᠴᠢ ᠢᠲᠡᠭᠡᠮᠵᠢ ᠲᠠᠢ ᠪᠠᠷ ᠭᠠᠶᠢᠯᠢ ᠲᠤᠰᠢᠶᠠᠵᠤ ᠲᠦᠮᠡᠨ ᠡᠷᠦᠬᠡ ᠳᠤ ᠠᠰᠢᠭ ᠬᠦᠷᠲᠡᠭᠡᠬᠦ︾ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ 134 ᠵᠢᠱᠢᠶᠡᠴᠢ ᠭᠠᠶᠢᠯᠢ ᠲᠤᠰᠢᠶᠠᠭᠴᠢ ᠶᠢ ᠬᠥᠬᠢᠭᠦᠯᠦᠨ ᠰᠠᠶᠢᠰᠢᠶᠠᠵᠦ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢ ᠲᠠᠢ ᠪᠠᠷ ᠭᠠᠶᠢᠯᠢ ᠲᠤᠰᠢᠶᠠᠬᠤ ᠤᠬᠠᠮᠰᠠᠷ ᠢ ᠴᠢᠨᠠᠬᠰᠢᠳᠠ ᠳᠡᠭᠡᠭᠰᠢᠯᠡᠬᠦᠯᠪᠡ᠃ ︽2023 ᠣᠨ ᠳᠤ ᠮᠠᠨ ᠤ ᠺᠣᠮᠫᠠᠨᠢ ᠥᠷᠲᠡᠭ ᠨᠡᠮᠡᠭᠳᠡᠯ ᠤᠨ ᠭᠠᠶᠢᠯᠢ ᠶᠢ ᠪᠤᠴᠠᠭᠠᠭᠰᠠᠨ 9350.87 ᠲᠦᠮᠡᠨ ᠲᠥᠭᠦᠷᠢᠭ ᠢᠶᠠᠷ ᠺᠣᠮᠫᠠᠨᠢ ᠶᠢᠨ 600 ᠰᠢᠬᠠᠮ ᠠᠵᠢᠯᠲᠠᠨ ᠠᠵᠢᠯᠴᠢᠨ ᠤ ᠴᠠᠯᠢᠩ ᠥᠷᠢᠲᠦᠬᠦ ᠵᠢᠴᠢ ᠨᠡᠶᠢᠭᠡᠮ ᠤᠨ ᠳᠠᠭᠠᠳᠬᠠᠯ ᠪᠠ ᠡᠮ ᠡᠮᠨᠡᠯᠭᠡ ᠶᠢᠨ ᠳᠠᠭᠠᠳᠬᠠᠯ ᠤᠨ ᠥᠷᠢᠲᠦᠵᠦ ᠪᠠᠶᠢᠭ᠎ᠠ ᠠᠰᠠᠭᠤᠳᠠᠯ ᠢ ᠨᠢᠭᠡ ᠯᠡ ᠤᠳᠠᠭ᠎ᠠ ᠳᠡᠭᠡᠷ᠎ᠡ ᠰᠢᠢᠳᠪᠦᠷᠢᠯᠡᠪᠠ᠂ ᠡᠨᠡ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠰᠢᠪᠲᠤᠯᠤᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠣᠳᠠᠲᠠᠶ ᠢᠯᠡᠷᠡᠯ ᠪᠣᠯᠬᠤ ᠶᠤᠮ︾ ᠭᠡᠵᠦ ᠥᠪᠥᠷ ᠮᠣᠩᠭᠤᠯ ᠤᠨ ᠹᠧᠩ ᠸᠧᠢ ᠴᠠᠬᠢᠭᠤᠷ ᠤᠨ ᠦᠢᠯᠡᠰ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠵᠤᠤ ᠴᠦᠨ ᠮᠧᠢ ᠬᠡᠯᠡᠪᠡ᠃    ᠡᠨᠡ ᠵᠢᠯ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠰᠢᠨ᠎ᠡ ᠵᠠᠮ ᠢ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠦᠷᠭᠦᠯᠵᠢᠯᠡᠨ ᠥᠷᠭᠡᠳᠭᠡᠵᠦ᠂ ᠠᠶᠢᠮᠠᠭ ᠤᠨ ᠲᠡᠰ ᠤᠨ 40 ᠭᠤᠣᠯᠳᠠᠯᠭ᠎ᠠ ᠲᠠᠢ ᠲᠥᠷᠥᠯ ᠵᠦᠢᠯ ᠢ ᠴᠢᠩᠭ᠎ᠠ ᠠᠳᠬᠤᠵᠦ᠂ ᠪᠦᠬᠦ ᠵᠢᠯ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 54 % ᠳᠤ ᠬᠦᠷᠭᠡᠬᠦ ᠪᠠᠷ ᠴᠢᠷᠮᠠᠶᠢᠵᠦ᠂ ᠹᠯᠣᠷ ᠤᠨ ᠰᠤᠷᠪᠤᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠹᠯᠣᠷ ᠠᠭᠤᠯᠤᠭᠰᠠᠨ ᠳᠡᠭᠡᠳᠦ ᠰᠢᠨ᠎ᠡ ᠮᠡᠷᠭᠡᠵᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠱᠠᠩᠬᠠᠶ ᠦᠪᠦᠷ ᠮᠤᠩᠭᠤᠯ ᠤᠨ ᠡᠨᠧᠷᠭᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ᠂ ᠯᠢᠩ ᠱᠸᠡᠭ ᠲᠠᠷᠢᠮᠠᠯ ᠤᠨ 20 ᠲᠦᠮᠡᠨ ᠲᠣᠨ ᠥᠨᠳᠡᠭᠡᠨ ᠰᠢᠪᠲᠦᠷᠲᠦ ᠬᠦᠴᠢᠯ ᠵᠢᠴᠢ ᠢᠵᠢ ᠪᠦᠷᠢᠳᠦᠭᠦᠯᠦᠭᠰᠡᠨ ᠶᠡᠷᠦᠩᠬᠡᠶ ᠪᠡᠯᠡ ᠣᠷᠣᠭᠤᠯᠤᠯᠲᠠ ᠨᠢ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 3 ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠪᠧᠨ ᠰᠢᠩ ᠪᠠᠯ ᠴᠢᠯᠠᠭᠤᠨ ᠠᠯᠺᠧᠨ᠂ ᠨᠠᠷᠢᠯᠢᠭ ᠡᠪᠡᠰᠦᠨ ᠠᠮᠮᠣᠨᠢ ᠹᠤᠰᠹᠢᠨ᠂ ᠤᠯᠤᠰ ᠤᠨ ᠡᠨᠧᠷᠭᠢ ᠶᠢᠨ 60 ᠲᠦᠮᠡᠨ ᠺᠢᠯᠦᠸᠠᠲ ᠤᠨ ᠰᠠᠯᠬᠢ ᠭᠡᠷᠡᠯ ᠤᠨ ᠤᠰᠤᠲᠥ᠋ᠷᠥᠭᠴᠢᠲᠦ ᠰᠢᠪᠲᠦᠷ᠂ ᠮᠧᠩ ᠨᠧᠩ ᠬᠠᠨ ᠬᠠᠢ ᠶᠢᠨ 100 ᠲᠦᠮᠡᠨ ᠺᠢᠯᠦᠸᠠᠲ ᠤᠨ ᠭᠡᠷᠡᠯᠴᠢ ᠴᠡᠨᠡᠭ ᠵᠡᠷᠭᠡ 13 ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠪᠤᠶᠤ ᠲᠤᠷᠰᠢᠨ ᠦᠢᠯᠡᠳᠪᠦᠷᠢᠯᠡᠬᠦ ᠨᠥᠬᠦᠴᠡᠯ ᠢ ᠪᠦᠷᠢᠯᠳᠦᠭᠦᠯᠦᠨ᠎ᠠ᠃    ︽ᠡᠨᠡ ᠵᠢᠯ ᠪᠢᠳᠠ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ᠂ ᠲᠥᠷᠥᠯ ᠵᠦᠢᠯ ᠢ ᠶᠡᠬᠡᠪᠡᠷ ᠠᠳᠬᠤᠬᠤ ᠂ ᠬᠥᠭᠵᠢᠯᠲᠡ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠤᠯᠭᠠᠵᠤ᠂ ᠭᠤᠣᠯᠯᠠᠬᠤ ᠠᠵᠤ ᠦᠢᠯᠡᠰ ᠢ ᠲᠦᠷᠭᠡᠨ ᠪᠤᠵᠠᠭᠠᠶᠢᠷᠠᠭᠤᠯᠬᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠶᠢ ᠡᠭᠦᠳᠦᠭᠰᠡᠨ ᠰᠢᠪᠲᠤᠯᠤᠯᠲᠠ ᠲᠠᠢ ᠪᠤᠯᠬᠤ᠂ ᠢᠷᠡᠭᠡᠳᠦᠶ ᠶᠢᠨ ᠠᠵᠤ ᠦᠢᠯᠡᠰ ᠢ ᠪᠠᠶᠢᠷᠢᠯᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠬᠤ ᠠᠷᠭ᠎ᠠ ᠮᠠᠶ᠋ᠢᠭ ᠢ ᠪᠠᠶᠠᠯᠢᠭᠵᠢᠭᠤᠯᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠦ᠂ ᠨᠠᠩ ᠣᠯᠠᠨ ᠲᠥᠷᠥᠯ ᠵᠦᠢᠯ ᠤᠨ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠬᠤ ᠶᠢ ᠲᠦᠷᠭᠡᠳᠭᠡᠵᠦ᠂ ᠪᠦᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ᠪᠦᠬᠦ ᠣᠷᠣᠨ ᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠤᠷᠤᠬᠤ ᠬᠠᠷᠠᠯᠲᠠ ᠶᠢ ᠪᠡᠶᠡᠯᠡᠬᠦᠯᠬᠦ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ︿ᠵᠢᠱᠢᠶ᠎ᠡ ᠦᠵᠡᠭᠦᠯᠬᠦ  ᠣᠷᠣᠨ﹀ ᠤ ᠬᠤᠪᠢ ᠨᠡᠮᠡᠷᠢ ᠶᠢ ᠦᠵᠡᠬᠦᠯᠦᠨ᠎ᠠ︾ ᠭᠡᠵᠦ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠯᠢᠦ ᠰᠢᠶᠠᠨ ᠳ᠋ᠧ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号