ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠭᠵᠢᠬᠡᠨ᠎ᠡ
ᠨᠡᠶᠢᠲᠡᠯᠡᠭᠰᠡᠨ ᠴᠠᠭ᠄
2024/3/18
     ᠡᠨᠡ ᠵᠢᠯ ᠤᠨ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠭᠤᠣᠯ ᠰᠡᠳᠦᠪ ᠨᠢ ᠶᠠᠮᠠᠷ ᠠᠭᠤᠯᠭ᠎ᠠ ᠲᠠᠢ ᠪᠤᠢ︖ 2023 ᠣᠨ ᠳᠤ᠂ ᠮᠠᠨ ᠤ ᠠᠶᠢᠮᠠᠭ ᠤᠨ 12315 ᠲᠠᠪᠴᠠᠩ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠶᠠᠮᠠᠷ ᠪᠣᠶ︖ ᠡᠨᠡ ᠵᠢᠯ ᠤᠨ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠷᠠᠯᠲᠠ ᠪᠠ ᠰᠡᠳᠬᠢᠮᠵᠢ ᠨᠢ ᠶᠠᠭᠤ ᠪᠣᠶ︖ ᠡᠨᠡ ᠳᠣᠬᠠᠢ ᠠᠯᠠᠱᠠ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠰᠢᠤᠸᠠᠢ ᠮᠢᠨ ᠰᠣᠷᠪᠣᠯᠵᠢᠯᠠᠭ᠎ᠠ ᠬᠦᠯᠢᠶᠡᠪᠡ᠃      ᠰᠣᠷᠪᠣᠯᠵᠢᠯᠠᠭᠴᠢ᠄ ᠡᠨᠡ ᠵᠢᠯ ᠤᠨ ᠭᠤᠣᠯ ᠰᠡᠳᠦᠪ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠶᠠᠪᠤᠳᠠᠯ ᠨᠢ ᠶᠠᠮᠠᠷ ᠠᠭᠤᠯᠭ᠎ᠠ ᠲᠠᠢ ᠪᠤᠢ︖      ᠴᠧᠨ ᠰᠢᠤᠸᠠᠢ ᠮᠢᠨ᠄ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠲᠠᠯ᠎ᠠ ᠪᠠᠷ ᠳᠣᠣᠷᠠᠬᠢ ᠭᠤᠷᠪᠠᠨ ᠲᠠᠯ᠎ᠠ ᠶᠢᠨ ᠠᠭᠤᠯᠭ᠎ᠠ ᠲᠠᠢ᠃      ᠨᠢᠭᠡ ᠳᠤ᠂ ᠬᠡᠷᠡᠭᠯᠡᠭᠴᠢᠳ ᠤᠨ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠢᠶᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠴᠢᠳ ᠢ ᠬᠠᠪᠰᠤᠷᠤᠨ ᠬᠤᠶᠢᠰᠢᠳᠠ ᠶᠢᠨ ᠵᠣᠪᠠᠨᠢᠯ ᠢ ᠨᠢ ᠰᠢᠢᠳᠪᠦᠷᠢᠯᠡᠵᠦ᠂ ᠬᠡᠷᠡᠭᠯᠡᠭᠴᠢᠳ ᠢ ᠵᠣᠷᠢᠭᠲᠠᠶ ᠪᠠᠷ ᠬᠡᠷᠡᠭᠯᠡᠭᠦᠯᠦᠨ᠎ᠡ᠃ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠨᠢ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠡᠷᠬᠡ ᠪᠠᠨ ᠬᠠᠮᠠᠭᠠᠯᠠᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠡᠷᠬᠡ ᠪᠠᠨ ᠬᠠᠮᠠᠭᠠᠯᠠᠬᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠨᠠᠩ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠶ ᠵᠠᠭᠠᠯᠳᠤᠯᠭ᠎ᠠ ᠶᠢ ᠰᠢᠢᠳᠪᠦᠷᠢᠯᠡᠬᠦ᠂ ᠨᠠᠩ ᠭᠦᠨᠵᠡᠭᠡᠶ ᠪᠥᠭᠡᠳ ᠬᠦᠴᠦᠲᠡᠶ ᠬᠡᠷᠡᠭᠯᠡᠭᠡ ᠳᠤ ᠬᠢᠨᠠᠯᠲᠠ ᠲᠠᠯᠪᠢᠬᠤ᠂ ᠨᠠᠩ ᠡᠷᠡᠰ ᠪᠥᠭᠡᠳ ᠵᠣᠷᠢᠭᠲᠠᠶ ᠪᠠᠷ ᠰᠢᠭᠦᠮᠵᠢᠯᠡᠬᠦ᠂ ᠨᠠᠩ ᠪᠦᠲᠦᠮᠵᠢᠲᠡᠶ ᠰᠠᠨᠠᠭᠤᠯᠤᠮᠵᠢ ᠪᠠᠷ ᠰᠡᠷᠡᠮᠵᠢᠯᠡᠭᠦᠯᠦᠯ ᠪᠣᠯᠭᠠᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠬᠡᠷᠡᠭᠯᠡᠭᠴᠢᠳ ᠤᠨ ᠬᠤᠳᠠᠯᠳᠤᠨ ᠠᠪᠬᠤ ᠢᠲᠡᠭᠡᠯ ᠢ ᠨᠡᠮᠡᠭᠳᠡᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠂ ᠬᠡᠷᠡᠭᠯᠡᠭᠡᠨ ᠤ ᠳᠠᠯᠳᠠ ᠴᠢᠳᠠᠪᠤᠷᠢ ᠶᠢ ᠪᠠᠳᠠᠷᠠᠭᠤᠯᠤᠨ᠎ᠠ᠃      ᠬᠤᠶᠠᠷ ᠲᠤ᠂ ᠬᠡᠷᠡᠭᠯᠡᠭᠡᠨ ᠤ ᠣᠷᠴᠢᠨ ᠲᠣᠭᠤᠷᠢᠨ ᠢ ᠬᠠᠮᠵᠢᠯᠴᠠᠨ ᠰᠢᠯᠢᠳᠡᠭᠵᠢᠭᠦᠯᠵᠦ᠂ ᠬᠡᠷᠡᠭᠯᠡᠭᠴᠢᠳ ᠢ ᠬᠠᠪᠰᠤᠷᠤᠨ ᠬᠦᠷᠲᠡᠮᠵᠢ ᠶᠢᠨ ᠲᠦᠷᠦᠭᠳᠡᠯ ᠢ ᠨᠡᠮᠡᠭᠳᠡᠭᠦᠯᠵᠦ᠂ ᠬᠡᠷᠡᠭᠯᠡᠭᠴᠢᠳ ᠤᠨ ᠳᠤᠷᠠᠲᠠᠢ ᠬᠡᠷᠡᠭᠯᠡᠭᠡ ᠶᠢ ᠲᠠᠶᠢᠴᠢᠯᠠᠨ᠎ᠠ᠃ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠨᠢ ᠨᠡᠶᠢᠭᠡᠮ ᠤᠨ ᠬᠠᠮᠲᠤ ᠪᠠᠷ ᠵᠠᠰᠠᠬᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠬᠡᠷᠡᠭᠯᠡᠭᠴᠢᠳ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠶᠢ ᠠᠬᠢᠭᠤᠯᠵᠤ᠂ ᠬᠠᠤᠯᠢ ᠲᠣᠭᠲᠠᠭᠠᠬᠤ᠂ ᠵᠠᠰᠠᠭ ᠵᠠᠬᠢᠷᠭᠠᠨ᠂ ᠬᠠᠤᠯᠢ ᠴᠠᠭᠠᠵᠠ᠂ ᠨᠡᠶᠢᠭᠡᠮ ᠤᠨ ᠬᠠᠮᠠᠭᠠᠯᠠᠯᠲᠠ ᠵᠢᠴᠢ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠶᠢ ᠬᠠᠮᠤᠷᠤᠭᠰᠠᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠵᠠᠰᠠᠯᠲᠠ ᠶᠢᠨ ᠪᠠᠶᠢᠷᠢᠰᠢᠯ ᠢ ᠪᠠᠶᠢᠭᠤᠯᠤᠨ ᠪᠦᠷᠢᠨᠰᠢᠬᠦᠯᠵᠦ᠂ ᠲᠥᠷᠥ ᠶᠢᠨ ᠪᠣᠳᠣᠯᠭ᠎ᠠ᠂ ᠲᠦᠷᠢᠮ᠂ ᠬᠠᠤᠯᠢ ᠴᠠᠭᠠᠵᠠ᠂ ᠪᠠᠷᠢᠮᠵᠢᠶ᠎ᠠ᠂ ᠶᠠᠷᠢᠶ᠎ᠠ ᠬᠡᠯᠡᠯᠴᠡᠭᠡ ᠵᠡᠷᠭᠡ ᠣᠯᠠᠨ ᠳᠠᠪᠬᠤᠷᠭ᠎ᠠ᠂ ᠣᠯᠠᠨ ᠬᠦᠷᠢᠶ᠎ᠡ ᠠᠴᠠ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠡᠷᠬᠡ ᠪᠠᠨ ᠬᠠᠮᠠᠭᠠᠯᠠᠵᠤ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠠᠮᠲᠤ ᠪᠠᠷ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠬᠡᠷᠡᠭᠯᠡᠭᠴᠢᠳ ᠤᠨ ᠨᠥᠬᠦᠷᠰᠡᠭ ᠬᠡᠯᠪᠡᠷᠢ ᠶᠢᠨ ᠬᠡᠷᠡᠭᠯᠡᠭᠡᠨ ᠤ ᠣᠷᠴᠢᠨ ᠲᠣᠭᠤᠷᠢᠨ ᠢ ᠪᠠᠶᠢᠭᠤᠯᠤᠨ᠂ ᠬᠡᠷᠡᠭᠯᠡᠭᠴᠢᠳ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠦᠭᠵᠢᠬᠡᠬᠦ ᠶᠢ ᠠᠬᠢᠭᠤᠯᠤᠨ᠂ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃      ᠭᠤᠷᠪᠠ ᠳᠤ᠂ ᠬᠡᠷᠡᠭᠯᠡᠭᠡ ᠶᠢᠨ ᠲᠡᠰ ᠳᠡᠪᠰᠢᠬᠦ ᠳᠠᠯᠳᠠ ᠴᠢᠳᠠᠪᠤᠷᠢ ᠶᠢ ᠪᠠᠳᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠬᠡᠷᠡᠭᠯᠡᠭᠴᠢᠳ ᠲᠤ ᠴᠢᠨᠠᠷ ᠰᠠᠶᠢᠲᠠᠢ ᠬᠡᠷᠡᠭᠯᠡᠭᠡ ᠶᠢ ᠡᠳ᠋ᠯᠡᠭᠦᠯᠦᠨ᠎ᠡ᠃ ᠬᠡᠷᠡᠭᠯᠡᠭᠴᠢᠳ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠤᠯᠲᠠ ᠨᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠶᠢ ᠶᠡᠬᠡᠪᠡᠷ ᠰᠠᠨᠠᠭᠠᠴᠢᠯᠠᠵᠤ᠂ ᠬᠡᠷᠡᠭᠯᠡᠭᠴᠢᠳ ᠢ ᠬᠠᠪᠰᠤᠷᠤᠨ ᠪᠣᠬᠢᠷᠲᠤᠯ ᠦᠭᠡᠢ ᠬᠡᠷᠡᠭᠯᠡᠭᠡᠨ ᠤ ᠦᠵᠡᠯᠲᠡ ᠶᠢ ᠪᠤᠢ ᠪᠣᠯᠭᠠᠵᠤ᠂ ᠡᠵᠡᠩᠨᠡᠭᠴᠢᠳ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠬᠠᠷᠭᠤᠭᠤᠯᠬᠤ ᠶᠢ ᠠᠬᠢᠭᠤᠯᠵᠤ᠂ ᠨᠡᠩ ᠤᠯᠠᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠬᠦᠨ ᠪᠠ ᠦᠢᠯᠡᠴᠢᠯᠡᠭᠡ ᠬᠠᠩᠭᠠᠨ᠎ᠠ᠃ ᠬᠡᠷᠡᠭᠯᠡᠭᠡ ᠶᠢᠨ ᠬᠦᠷᠢᠶᠡᠨ ᠳᠠᠬᠢ ᠰᠢᠨ᠎ᠡ ᠪᠠᠶᠢᠳᠠᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠲᠤ ᠴᠢᠭᠯᠡᠭᠦᠯᠦᠨ᠂ ᠡᠪᠡᠷᠰᠢᠶᠡᠯ ᠲᠠᠢ ᠭᠠᠵᠠᠷ ᠢ ᠣᠨᠣᠪᠴᠢᠲᠠᠶ ᠡᠷᠢᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠬᠥᠲᠥᠯᠦᠨ ᠵᠢᠯᠣᠭᠤᠳᠬᠤ ᠵᠢᠷᠤᠮᠵᠢᠯ ᠢ ᠴᠢᠩᠭᠠᠳᠬᠠᠨ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠰᠠᠨᠠᠭᠠᠴᠢᠯᠠᠭ᠎ᠠ ᠠᠴᠠ ᠪᠠᠨ ᠦᠢᠯᠡᠳᠪᠦᠷᠢᠯᠡᠯ ᠡᠵᠡᠩᠨᠡᠭᠴᠢ ᠳᠤ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠲᠤᠰᠬᠠᠵᠤ᠂ ᠠᠵᠢᠯ ᠲᠥᠷᠥᠯ ᠤᠨ ᠠᠵᠤ ᠠᠬᠤᠶᠢᠯᠠᠯ ᠤᠨ ᠬᠡᠷᠡᠭᠯᠡᠭᠡᠨ ᠤ ᠣᠶᠢᠯᠠᠭᠠᠯᠲᠠ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠬᠤ ᠴᠢᠨᠠᠷ ᠢ ᠳᠡᠭᠡᠭᠰᠢᠯᠡᠭᠦᠯᠦᠨ᠂ ᠴᠢᠨᠠᠷ ᠰᠠᠶᠢᠲᠠᠶ ᠬᠠᠩᠭᠠᠯᠭ᠎ᠠ ᠪᠠᠷ ᠬᠡᠷᠡᠭᠯᠡᠭᠴᠢᠳ ᠤᠨ ᠡᠳᠦᠷ ᠢᠷᠡᠬᠦᠶ᠎ᠡ ᠲᠠᠰ ᠳᠡᠪᠰᠢᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠬᠦᠯᠦᠨ᠎ᠡ᠃
    ᠰᠣᠷᠪᠣᠯᠵᠢᠯᠠᠭᠴᠢ᠄ 2023 ᠣᠨ ᠳᠤ᠂ ᠮᠠᠨ ᠤ ᠠᠶᠢᠮᠠᠭ ᠤᠨ 12315 ᠲᠠᠪᠴᠠᠩ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠶᠠᠮᠠᠷ ᠪᠣᠶ︖     ᠴᠧᠨ ᠰᠢᠤᠸᠠᠢ ᠮᠢᠨ᠄ 2023 ᠣᠨ ᠳᠤ ᠪᠦᠬᠦ ᠠᠶᠢᠮᠠᠭ ᠤᠨ 12315 ᠲᠠᠪᠴᠠᠩ 1286 ᠬᠤᠪᠢ ᠬᠡᠷᠡᠭᠯᠡᠭᠡᠨ ᠤ ᠵᠠᠭᠠᠯᠳᠤᠯᠭ᠎ᠠ ᠶᠢ ᠬᠦᠯᠢᠶᠡᠨ ᠠᠪᠤᠪᠠ᠃ ᠡᠭᠦᠨ ᠳᠤ᠂ ᠲᠠᠸᠠᠷ ᠤᠨ ᠲᠥᠷᠥᠯ ᠤᠨ ᠵᠠᠭᠠᠯᠳᠤᠯᠭ᠎ᠠ 647 ᠬᠤᠪᠢ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ 639 ᠬᠤᠪᠢ ᠪᠠᠶᠢᠵᠤ᠂ ᠮᠠᠷᠭᠤᠯᠳᠤᠭᠠᠨ ᠳᠤ ᠬᠤᠯᠪᠣᠭᠳᠠᠭᠰᠠᠨ ᠵᠣᠭᠤᠰ ᠤᠨ ᠲᠤᠭ᠎ᠠ 146.14 ᠲᠦᠮᠡᠨ ᠲᠥᠭᠦᠷᠢᠭ ᠲᠤ ᠬᠦᠷᠴᠦ᠂ ᠬᠡᠷᠡᠭᠯᠡᠭᠴᠢᠳ ᠲᠤ 42.48 ᠲᠦᠮᠡᠨ ᠲᠥᠭᠦᠷᠢᠭ  ᠤᠨ ᠠᠵᠤ ᠠᠬᠤᠶ  ᠶᠢᠨ ᠬᠤᠬᠢᠷᠠᠯ ᠢ ᠡᠭᠡᠭᠦᠯᠦᠨ ᠠᠪᠴᠢᠷᠠᠪᠠ︔ ᠢᠯᠡᠴᠢᠯᠡᠨ ᠮᠡᠳᠡᠭᠦᠯᠦᠭᠰᠡᠨ ᠬᠡᠷᠡᠭ ᠵᠢᠴᠢ ᠰᠦᠪᠡᠭᠴᠢ  ᠶᠢ 226 ᠭᠥᠯᠢᠶᠡᠨ ᠠᠪᠣᠪᠠ︔ ᠡᠯ᠎ᠡ ᠲᠥᠷᠥᠯ ᠤᠨ ᠯᠠᠪᠯᠠᠯᠲᠠ ᠶᠢ ᠭᠥᠯᠢᠶᠡᠨ ᠠᠪᠤᠭᠰᠠᠨ  ᠨᠢ 1208 ᠬᠤᠪᠢ ᠪᠠᠶᠢᠵᠤ᠂ ᠴᠥᠮ ᠬᠠᠷᠢᠭᠤᠯᠲᠠ ᠥᠭᠴᠦ ᠰᠢᠢᠳᠪᠦᠷᠢᠯᠡᠪᠡ᠃     ᠪᠣᠳᠠᠲᠠᠶ ᠲᠠᠸᠠᠷ ᠤᠨ ᠲᠥᠷᠥᠯ ᠤᠨ ᠵᠠᠭᠠᠯᠳᠤᠯᠭ᠎ᠠ ᠭᠤᠤᠯᠳᠠᠭᠤ ᠢᠳᠡᠭᠡᠨ᠂ ᠬᠤᠪᠴᠠᠰᠤ ᠬᠤᠨᠠᠷ ᠱᠠᠬᠠᠶ ᠮᠠᠯᠠᠭᠠᠶ᠂ ᠬᠡᠷ ᠤᠨ ᠬᠡᠷᠡᠭᠰᠡᠯ᠂ ᠬᠡᠷ ᠤᠨ ᠴᠠᠬᠢᠯᠭᠠᠨ ᠬᠡᠷᠡᠭᠰᠡᠯ᠂ ᠵᠠᠰᠠᠯ ᠴᠢᠮᠡᠭᠯᠡᠯ ᠤᠨ ᠪᠠᠷᠢᠯᠭ᠎ᠠ ᠶᠢᠨ ᠮᠠᠲ᠋ᠧᠷᠢᠶᠠᠯ᠂ ᠵᠠᠮ ᠬᠠᠷᠢᠯᠴᠠᠭᠠᠨ ᠤ ᠪᠠᠭᠠᠵᠢ ᠵᠡᠷᠭᠡ ᠵᠢᠷᠭᠤᠭᠠᠨ ᠲᠥᠷᠥᠯ ᠳᠤ ᠲᠥᠪᠯᠡᠷᠡᠵᠦ᠂ ᠡᠭᠦᠨ ᠳᠤ ᠢᠳᠡᠭᠡᠨ ᠤ ᠲᠥᠷᠥᠯ ᠨᠢ ᠲᠠᠸᠠᠷ ᠤᠨ ᠵᠠᠭᠠᠯᠳᠤᠯᠭ᠎ᠠ ᠶᠢᠨ ᠲᠥᠷᠥᠯ ᠤᠨ 29% ᠶᠢ ᠡᠵᠡᠯᠡᠵᠦ ᠪᠠᠶᠢᠨ᠎ᠠ᠃     ᠪᠣᠳᠠᠲᠠᠶ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠳᠤ᠂ ᠵᠠᠭᠠᠯᠳᠤᠯᠭ᠎ᠠ ᠶᠢᠨ ᠬᠡᠮᠵᠢᠶ᠎ᠡ ᠡᠮᠦᠨ᠎ᠡ 8 ᠪᠠᠶᠢᠷᠢ ᠳᠤ ᠪᠠᠶᠢᠵᠤ᠂ ᠬᠤᠭᠤᠯᠠ ᠤᠮᠳᠠ ᠬᠤᠨᠣᠭᠯᠠᠬᠤ ᠦᠢᠯᠡᠴᠢᠯᠡᠭᠡ᠂ ᠪᠣᠷᠣᠯᠠᠭᠤᠯᠬᠤ ᠦᠢᠯᠡᠴᠢᠯᠡᠭᠡ᠂ ᠵᠢᠰᠦ ᠭᠤᠶᠣᠯᠠᠵᠤ ᠦᠰᠦ ᠵᠠᠰᠠᠬᠤ ᠦᠢᠯᠡᠴᠢᠯᠡᠭᠡ᠂ ᠲᠤᠰᠬᠠᠶ ᠮᠡᠷᠭᠡᠵᠢᠯ ᠤᠨ ᠦᠢᠯᠡᠴᠢᠯᠡᠭᠡ᠂ ᠵᠢᠭᠤᠯᠴᠢᠯᠠᠯ ᠤᠨ ᠦᠢᠯᠡᠴᠢᠯᠡᠭᠡ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ ᠦᠢᠯᠡᠴᠢᠯᠡᠭᠡ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠦᠢᠯᠡᠴᠢᠯᠡᠭᠡ᠂ ᠰᠣᠶᠣᠯ ᠵᠤᠭ᠎ᠠ ᠴᠡᠩᠭᠡᠯ ᠤᠨ ᠪᠡᠶ᠎ᠡ ᠶᠢᠨ ᠲᠠᠮᠢᠷ ᠤᠨ ᠦᠢᠯᠡᠴᠢᠯᠡᠭᠡ ᠵᠡᠷᠭᠡ ᠪᠣᠯᠤᠨ᠎ᠠ᠃
   ᠰᠣᠷᠪᠣᠯᠵᠢᠯᠠᠭᠴᠢ᠄ ᠡᠨᠡ ᠵᠢᠯ ᠤᠨ ᠪᠥᠬᠦ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠷᠠᠯᠲᠠ ᠪᠠ ᠰᠡᠳᠬᠢᠮᠵᠢ ᠨᠢ ᠶᠠᠭᠤ ᠪᠣᠶ︖    ᠴᠧᠨ ᠰᠢᠤᠸᠠᠢ ᠮᠢᠨ᠄ ᠨᠢᠭᠡ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠨ᠎ᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢ ᠰᠠᠭᠠᠳ ᠥᠬᠡᠶ ᠨᠡᠪᠲᠡᠷᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠭᠦᠢᠴᠡᠳᠭᠡᠬᠦ︾ ᠪᠠ  ᠬᠠᠮᠳᠣᠷᠠᠭᠰᠠᠨ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠣᠯᠠᠨ ᠵᠢᠯ ᠬᠦᠴᠦᠨ ᠥᠬᠡᠶ ᠪᠣᠯᠭᠠᠭᠠᠳᠣᠢ ᠶᠢ ᠠᠯᠪᠠᠳᠠᠨ ᠬᠦᠴᠦᠨ ᠦᠬᠡᠢ ᠪᠣᠯᠭᠠᠬᠤ ᠶᠢ  ᠰᠦᠪᠡᠭᠴᠢᠯᠡᠵᠦ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠭᠡ ᠪᠠᠷ ᠳᠡᠮᠵᠢᠵᠦ᠂ ︽ᠬᠤᠪᠢ ᠶᠢᠨ ᠡᠵᠡᠩᠨᠡᠯᠲᠡ ᠶᠢ ᠠᠵᠤ ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠦ ᠠᠬᠤᠶᠢᠯᠠᠯ ᠢ ᠬᠡᠪᠴᠢᠶᠡᠵᠢᠬᠦᠯᠬᠦ︾ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠢᠯᠡᠴᠢᠯᠡᠭᠡ ᠶᠢ ᠦᠨᠡᠨ ᠬᠦ ᠬᠢᠨᠠᠯᠲᠠ ᠬᠠᠮᠢᠶᠠᠷᠤᠯᠲᠠ ᠶᠢᠨ ᠡᠮᠦᠨ᠎ᠡ ᠪᠠᠶᠢᠯᠭᠠᠨ᠎ᠠ᠃    ᠬᠤᠶᠠᠷ ᠲᠤ᠂ ︽ᠭᠤᠷᠪᠠᠨ ᠳᠦᠷᠦᠯ ᠨᠢᠭᠡ ᠣᠨᠴᠠ︾ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠲᠠᠯ᠎ᠠ ᠪᠠᠷ ᠰᠢᠨ᠎ᠡ ᠡᠭᠦᠷᠭᠡᠯᠡᠯ ᠢᠶᠠᠨ ᠢᠯᠡᠷᠡᠭᠦᠯᠦᠨ᠎ᠡ᠃ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠪᠥᠬᠦ ᠠᠶᠢᠮᠠᠭ ᠤᠨ ᠶᠡᠭᠡ ᠲᠠᠯ᠎ᠠ ᠶᠢᠨ ᠠᠮᠤᠷ ᠲᠦᠪᠰᠢᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃    ᠭᠤᠷᠪᠠ ᠳᠤ᠂ ︽ᠭᠤᠷᠪᠠᠨ ᠶᠡᠭᠡ ᠪᠠᠶᠢᠯᠳᠤᠬᠤ ᠪᠤᠳᠤᠯᠭ᠎ᠠ︾ ᠶᠢ ᠭᠦᠨᠵᠡᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠬᠦ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ᠃ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠶᠠᠰᠤ ᠴᠢᠨᠠᠷ ᠤᠨ ᠬᠥᠭᠵᠢᠯᠲᠡ᠂ ᠪᠠᠷᠢᠮᠵᠢᠶ᠎ᠠ ᠬᠡᠮᠵᠢᠭᠦᠷ᠂ ᠭᠡᠷᠡᠴᠢᠯᠡᠯ ᠤᠨ ᠪᠠᠶᠢᠴᠠᠭᠠᠨ ᠬᠡᠮᠵᠢᠯᠲᠡ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠰᠤ ᠴᠢᠨᠠᠷ ᠢᠶᠠᠷ ᠠᠶᠢᠮᠠᠭ ᠢᠶᠠᠨ ᠬᠦᠴᠦᠷᠬᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠪᠠᠷᠢᠮᠵᠢᠶᠠᠵᠢᠭᠤᠯᠬᠤ ᠭᠤᠷᠪᠠᠨ ᠶᠡᠭᠡ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠴᠢᠨᠠᠷ ᠰᠠᠶᠢᠲᠠᠶ ᠬᠦᠭᠵᠢᠬᠦᠯᠦᠨ᠎ᠡ᠃    ᠲᠦᠷᠪᠡ ᠳᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠲᠥᠪ ᠭᠤᠣᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ᠃ ᠠᠵᠤ ᠠᠬᠤᠶ ᠶᠢᠨ ᠵᠠᠰᠠᠯᠲᠠ ᠳᠤᠮᠳᠠᠬᠢ ᠡᠷᠬᠡ ᠲᠡᠭᠰᠢ ᠥᠷᠢᠰᠥᠯᠳᠦᠭᠡᠨ ᠤ ᠴᠢᠬᠤᠯᠠ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠠᠵᠢᠯᠯᠠᠭ᠎ᠠ᠂ ᠦᠨ᠎ᠡ ᠬᠠᠩᠰᠢ ᠰᠦᠢᠳᠬᠡᠯ ᠬᠤᠷᠢᠶᠠᠬᠤ ᠳᠣᠬᠠᠢ ᠬᠢᠨᠠᠯᠲᠠ ᠬᠠᠮᠢᠶᠠᠷᠤᠯᠲᠠ᠂ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢᠨ ︽ᠪᠦᠷᠭᠦᠳ ᠤᠨ ᠨᠢᠳᠦ︾ ᠠᠵᠢᠯᠯᠠᠭ᠎ᠠ᠂ ᠵᠠᠷ ᠮᠡᠳᠡᠭᠡ ᠶᠢ ᠬᠢᠨᠠᠨ ᠬᠠᠮᠢᠶᠠᠷᠬᠤ᠂ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠦᠬᠦ ᠤᠯᠤᠰ ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ ᠢ ᠪᠦᠳᠦᠭᠡᠨ ᠪᠠᠶᠢᠭᠤᠯᠬᠤ ᠠᠵᠢᠯ ᠤᠨ ᠠᠬᠢᠴᠠ ᠶᠢ ᠯᠠᠪᠳᠠᠭᠤᠨ ᠢᠶᠠᠷ ᠠᠬᠢᠭᠤᠯᠣᠨ᠎ᠠ᠃    ᠲᠠᠪᠤ ᠳᠤ᠂ ︽ᠭᠤᠷᠪᠠᠨ ᠬᠢᠨᠠᠯᠲᠠ ᠬᠠᠮᠢᠶᠠᠷᠤᠯᠲᠠ︾ ᠶᠢᠨ ᠪᠠᠶᠢᠭᠤᠯᠤᠯᠲᠠ ᠶᠢ ᠰᠢᠰᠲ᠋ᠧᠮ ᠲᠠᠢ ᠠᠬᠢᠭᠤᠯᠵᠤ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠠᠬᠢᠴᠠ ᠲᠠᠢ ᠪᠠᠶᠢᠯᠭᠠᠨ᠎ᠠ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠳᠡᠵᠦ᠂ ᠬᠠᠤᠯᠢ ᠶᠣᠰᠣᠭᠠᠷ ᠬᠢᠨᠠᠨ ᠬᠠᠮᠢᠶᠠᠷᠬᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠰᠢᠰᠲ᠋ᠧᠮ ᠲᠠᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号