ᠬᠤᠸᠠᠩ ᠶᠠ ᠯᠢ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/18
    3 ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠬᠤᠸᠠᠩ ᠶᠠ ᠯᠢ ᠠᠯᠠᠱᠠ ᠵᠡᠭᠦᠨ ᠬᠤᠰᠢᠭᠤ᠂ ᠠᠯᠠᠱᠠ ᠪᠠᠷᠠᠭᠤᠨ ᠬᠤᠰᠢᠭᠤᠨ ᠤ ᠬᠡᠰᠡᠭ ᠰᠤᠮᠤ ᠪᠠᠯᠭᠠᠰᠤᠨ ᠳᠤ ᠭᠦᠨᠵᠡᠭᠡᠶᠢᠷᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠨᠢᠬᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠬᠤᠸᠠ᠂ ᠠᠶᠢᠮᠠᠭ ᠤᠨ ᠤᠳᠤᠷᠢᠳᠤᠯᠭ᠎ᠠ ᠸᠧᠶ ᡁᠢ ᠭᠦᠸᠧ᠂ ᠯᠸᠢ ᠬᠠᠶ ᠣᠷᠣᠯᠴᠠᠵᠠᠶ᠃
    ᠬᠤᠸᠠᠩ ᠶᠠ ᠯᠢ ᠨᠡᠷ ᠡᠩ ᠲᠡᠷᠢᠭᠦᠨ ᠳᠤ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠤᠨ ᠤ ᠴᠠᠬᠠᠷ ᠱᠠᠯᠠ ᠭᠠᠴᠠᠭᠠᠨ ᠤ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠤ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠬᠤ᠂ ᠬᠢᠮᠢ ᠶᠢᠨ ᠪᠤᠷᠳᠤᠭᠤᠷ ᠤᠨ ᠨᠥᠭᠡᠴᠡ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠪᠦᠳᠦᠭᠡᠨ ᠪᠠᠶᠢᠭᠤᠯᠤᠯᠲᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠠᠷᠢᠶᠠᠯᠠᠭ᠎ᠠ ᠶᠢᠨ ᠴᠠᠭ ᠢ ᠰᠠᠭᠠᠲᠠᠭᠠᠬᠤ ᠦᠭᠡᠢ ᠪᠠᠷ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠠᠳᠬᠤᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ ᠤᠨ ᠪᠣᠭᠤᠮᠲᠠ᠂ ᠬᠠᠩᠭᠠᠯᠭ᠎ᠠ ᠶᠢᠨ ᠬᠡᠯᠬᠢᠶ᠎ᠡ ᠶᠢ ᠰᠠᠶᠢᠲᠤᠷ ᠡᠵᠡᠮᠳᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠤ ᠠᠮᠤᠷ ᠲᠦᠪᠰᠢᠨ ᠭᠦᠢᠴᠡᠳ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
    ᠰᠤᠬᠠᠶᠢᠲᠤ ᠭᠠᠴᠠᠭᠠᠨ ᠤ ︽ᠵᠠᠭᠤᠨ ᠲᠦᠮᠡᠨ ᠮᠥ︾ ᠵᠠᠭ ᠤᠨ ᠣᠶ ᠶᠢᠨ ᠰᠠᠭᠤᠷᠢᠨ ᠭᠠᠵᠠᠷ ᠲᠤ ᠬᠤᠸᠠᠩ ᠶᠠ ᠯᠢ ᠭᠠᠴᠠᠭᠠᠨ ᠤ ᠱᠦᠵᠢ ᠲᠠᠢ ᠶᠠᠷᠢᠯᠴᠠᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠣᠷᠣᠭᠤᠯᠤᠯᠲᠠ᠂ ᠦᠷ᠎ᠡ ᠪᠦᠲᠦᠮᠵᠢ ᠵᠢᠴᠢ ᠴᠠᠭᠠᠨ ᠭᠤᠶᠣᠣ ᠶᠢᠨ ᠭᠠᠷᠤᠯᠲᠠ ᠪᠣᠷᠣᠯᠠᠭᠤᠯᠭ᠎ᠠ ᠶᠢᠨ ᠵᠠᠮ᠂ ᠠᠵᠤ ᠦᠢᠯᠡᠰᠵᠢᠭᠰᠡᠨ ᠬᠥᠭᠵᠢᠯᠲᠡ ᠵᠡᠷᠭᠡ ᠪᠠᠶᠢᠳᠠᠯ ᠢ ᠨᠠᠷᠢᠨ ᠠᠰᠠᠭᠤᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠠᠵᠤ ᠦᠢᠯᠡᠰ ᠢ ᠬᠥᠭᠵᠢᠭᠦᠯᠬᠦ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠶᠢ ᠨᠢᠭᠲᠠ ᠤᠶᠠᠯᠳᠤᠭᠤᠯᠵᠤ᠂ ᠲᠣᠯᠣᠭᠠᠶᠢᠯᠠᠭᠴᠢ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠨᠧᠷᠭᠢ ᠣᠯᠭᠤᠬᠤ ᠶᠢ ᠴᠢᠩᠭᠠᠳᠬᠠᠵᠤ᠂ ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠪᠠᠷᠢᠮᠵᠢᠶ᠎ᠠ ᠶᠢ ᠨᠢᠭᠡᠳᠬᠡᠬᠦ᠂ ᠲᠦᠷᠦᠯ ᠲᠡᠮᠳᠡᠭ ᠢ ᠡᠭᠦᠳᠬᠦ ᠳᠡᠭᠡᠷ᠎ᠡ ᠶᠡᠭᠡ ᠬᠦᠴᠦ ᠣᠷᠣᠭᠤᠯᠵᠤ᠂ ᠵᠢᠷᠤᠮᠵᠢᠭᠰᠠᠨ ᠲᠦᠭᠦᠬᠡᠢ ᠮᠠᠲ᠋ᠧᠷᠢᠶᠠᠯ ᠲᠠᠷᠢᠬᠤ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠡᠳ᠋ᠰᠢᠭᠦᠯᠦᠨ ᠪᠣᠷᠣᠯᠠᠭᠤᠯᠬᠤ ᠬᠡᠯᠬᠢᠶ᠎ᠡ ᠮᠠᠶ᠋ᠢᠭ ᠤᠨ ᠬᠥᠭᠵᠢᠯᠲᠡ ᠶᠢᠨ ᠵᠠᠭᠪᠤᠷ ᠢ ᠲᠦᠷᠭᠡᠨ ᠪᠠᠶᠢᠭᠤᠯᠵᠤ᠂ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
     ᠵᠣᠯᠵᠠᠭ᠎ᠠ ᠰᠢᠵᠢᠷ ᠠᠯᠳ᠋ᠨ ᠶᠢ ᠨᠡᠭᠡᠭᠡᠨ ᠬᠦᠭᠵᠢᠬᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠬᠤᠸᠠᠩ ᠶᠠ ᠯᠢ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠢ ᠡᠭᠦᠳᠦᠨ ᠪᠠᠶᠢᠭᠤᠯᠵᠤ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ ᠡᠯ᠎ᠡ ᠭᠤᠭᠴᠤᠭ᠎ᠠ ᠶᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠵᠢᠭᠦᠯᠵᠦ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠳᠠᠷᠠᠭ᠎ᠠ ᠨᠢ᠂ ᠬᠤᠸᠠᠩ ᠶᠠ ᠯᠢ ᠨᠠᠷ ᠠᠯᠠᠱᠠ ᠪᠠᠷᠠᠭᠤᠨ ᠬᠤᠰᠢᠭᠤᠨ ᠤ ᠠᠯᠳ᠋ᠬᠤᠪᠣᠭ᠎ᠠ ᠪᠠᠯᠭᠠᠰᠤᠨ ᠤ ᠱᠧᠨ ᠲᠦᠸᠧ ᠰᠦ ᠶᠢᠨ ᠦᠢᠯᠡᠰ᠂ ᠢᠩᠭᠡᠨ ᠰᠦ ᠶᠢᠨ ᠢᠷᠡᠯᠲᠡ ᠶᠢᠨ ᠰᠠᠭᠤᠷᠢᠨ ᠳᠤ ᠬᠦᠷᠴᠦ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠰᠤᠮᠤ ᠪᠠᠯᠭᠠᠰᠤ᠂ ᠭᠠᠴᠠᠭᠠᠨ ᠤ ᠪᠠᠭ᠂ ᠪᠠᠶᠠᠵᠢᠯ ᠤᠨ ᠲᠠᠭᠠᠭᠤᠯᠤᠬᠴᠢ ᠪᠠ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠲᠠᠢ ᠶᠠᠷᠢᠯᠴᠠᠪᠠ᠃ ᠰᠦ ᠶᠢᠨ ᠢᠷᠡᠯᠲᠡ ᠶᠢᠨ ᠶᠠᠰᠤ ᠴᠢᠨᠠᠷ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠰᠢᠯᠢᠳᠡᠭᠵᠢᠭᠦᠯᠦᠨ᠂ ᠲᠡᠮᠡᠭᠡᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
    ᠶᠠᠷᠢᠯᠴᠠᠬᠤ ᠬᠤᠷᠠᠯ ᠳᠡᠭᠡᠷ᠎ᠡ᠂ ᠬᠤᠸᠠᠩ ᠶᠠ ᠯᠢ ᠭᠠᠴᠠᠭᠠᠨ ᠤ ᠮᠠᠯᠴᠢᠨ ᠲᠠᠷᠢᠶᠠᠴᠢᠨ ᠲᠠᠢ ᠣᠷᠣᠯᠭ᠎ᠠ ᠶᠢᠨ ᠲᠠᠩᠰᠠ ᠶᠢ ᠨᠢᠭᠡᠳ ᠨᠢᠭᠡ ᠪᠠᠷ ᠪᠤᠳᠤᠵᠤ᠂ ᠮᠠᠯᠴᠢᠨ ᠲᠠᠷᠢᠶᠠᠴᠢᠨ ᠤ ᠪᠠᠶᠠᠵᠢᠨ ᠴᠢᠨᠡᠭᠡᠯᠢᠭᠵᠢᠬᠦ ᠳᠤ ᠠᠷᠭ᠎ᠠ ᠵᠠᠮ ᠲᠠᠢ᠂ ᠠᠮᠢᠳᠤᠷᠠᠯ ᠡᠷᠡᠮᠡᠯᠵᠡᠯ ᠲᠠᠢ ᠪᠠᠶᠢᠬᠤ ᠶᠢ ᠣᠶᠢᠯᠠᠭᠠᠭᠰᠠᠨ ᠤ ᠳᠠᠷᠠᠭ᠎ᠠ ᠮᠠᠰᠢ ᠪᠠᠶᠠᠷᠯᠠᠪᠠ᠃ ᠲᠡᠷᠡ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠢᠮᠠᠭᠲᠠ ᠲᠤᠤᠱᠯᠠᠭᠤᠯᠵᠤ ᠂ ᠠᠵᠤ ᠦᠢᠯᠡᠰ ᠤᠨ ᠬᠥᠭᠵᠢᠯᠲᠡ ᠪᠣᠯᠤᠨ ᠤᠯᠠᠨ ᠲᠦᠮᠡᠨ ᠤ ᠬᠡᠷᠡᠭᠴᠡᠭᠡ ᠲᠠᠢ ᠤᠶᠠᠯᠳᠤᠭᠤᠯᠵᠤ᠂ ᠠᠷᠠᠳ ᠤᠨ ᠲᠥᠯᠥᠭᠡ ᠦᠨᠡᠨ ᠬᠦ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠳᠠᠭᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠡᠯᠡᠰᠦᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠢ ᠰᠠᠶᠢᠲᠤᠷ ᠬᠥᠭᠵᠢᠭᠦᠯᠵᠦ᠂ ᠰᠠᠶᠢᠨ ᠪᠤᠳᠤᠵᠤ ᠪᠠᠶᠢᠭᠠᠳ ᠲᠦᠷᠭᠡᠨ ᠠᠵᠢᠯᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠰᠠᠭᠠᠲᠠᠭᠠᠵᠤ ᠪᠣᠯᠬᠤ ᠦᠭᠡᠢ᠂ ᠠᠷᠭ᠎ᠠ ᠪᠦᠬᠦᠨ ᠢ ᠰᠦᠪᠡᠭᠴᠢᠯᠡᠨ ᠭᠠᠴᠠᠭᠠᠨ ᠤ ᠠᠵᠤ ᠠᠬᠤᠢ ᠶᠢ ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠨ ᠢ ᠵᠣᠷᠢᠭᠵᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠴᠢᠩᠭᠠᠳᠬᠠᠵᠤ᠂ ᠰᠤᠮᠤ ᠪᠠᠯᠭᠠᠰᠤᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠱᠠᠯᠠᠪᠳᠠᠨ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠫᠠᠶᠢᠰᠠ ᠣᠯᠠᠨ᠂ ᠲᠥᠪ ᠠᠷᠪᠢᠨ︾ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠳᠤ ᠦᠢᠯᠡᠴᠢᠯᠡᠵᠦ᠂ ᠣᠯᠠᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号