ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/18
    3 ᠳ᠋ᠤᠭᠠᠷ ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠨᠢᠭᠡ ᠡᠳᠦᠷ ᠤᠨ ᠴᠠᠭ ᠢ ᠠᠰᠢᠭᠯᠠᠨ᠂ ᠪᠠᠶᠠᠨᠬᠤᠲᠠ ᠪᠠᠯᠭᠠᠰᠤᠨ ᠤ ᠬᠤᠲᠠ ᠪᠠᠯᠭᠠᠰᠤᠨ ᠤ ᠲᠥᠯᠥᠪᠵᠢᠭᠦᠯᠭᠡ᠂ ᠭᠠᠵᠠᠷ ᠳᠣᠤᠷᠠᠬᠢ ᠬᠤᠭᠤᠯᠠᠶ ᠲᠣᠤᠷ ᠢ ᠰᠢᠯᠢᠳᠡᠭᠵᠢᠭᠦᠯᠬᠦ᠂ ᠪᠠᠶᠢᠰᠢᠩ ᠤᠨ ᠲᠣᠭᠤᠷᠢᠭ ᠢ ᠥᠭᠡᠷᠡᠴᠢᠯᠡᠬᠦ᠂ ᠬᠤᠲᠠ ᠪᠠᠯᠭᠠᠰᠤᠨ ᠤ ᠵᠠᠮ ᠢ ᠳᠡᠭᠡᠭᠰᠢᠯᠡᠭᠦᠯᠬᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠵᠤ᠂ ᠠᠷᠭ᠎ᠠ ᠪᠣᠳᠣᠯᠭ᠎ᠠ ᠶᠢ ᠦᠨᠳᠦᠰᠦᠨ ᠱᠠᠲᠤᠨ ᠳᠤ ᠬᠡᠷᠡᠭᠵᠢᠬᠦᠯᠵᠦ᠂ ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃
    ᠰᠢᠨ ᠰᠢᠨ ᠵᠢᠶᠠ ᠶᠣᠸᠠᠨ ᠤ ᠬᠤᠶᠠᠳᠤᠭᠠᠷ ᠬᠤᠭᠤᠴᠠᠭ᠎ᠠ᠂ ᠮᠢᠩ ᠳ᠋ᠦ᠋ ᠸᠠᠨ ᠾᠧ ᠴᠧᠩ ᠤᠨ ᠵᠡᠭᠦᠨ ᠲᠠᠯ᠎ᠠ ᠶᠢᠨ ᠪᠠᠶᠢᠰᠢᠩ ᠤᠨ ᠲᠣᠭᠤᠷᠢᠭ᠂ ᠠᠮᠢ ᠠᠬᠤᠢ ᠶᠢᠨ ᠠᠵᠤ ᠦᠢᠯᠡᠰ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠪᠤᠰᠬᠠᠬᠤ ᠬᠦᠷᠢᠶᠡᠯᠡᠩ᠂ ᠠᠯᠠᠱᠠ ᠠᠶᠢᠮᠠᠭ ᠤᠨ ᠪᠡᠶ᠎ᠡ ᠶᠢᠨ ᠲᠠᠮᠢᠷ ᠤᠨ ᠴᠡᠴᠡᠷᠯᠢᠭ᠂ ᠬᠤᠸᠠᠷᠠᠨ ᠤ ᠰᠢᠯᠢ  ᠶᠢᠨ ᠠᠮᠢ ᠠᠬᠤᠢ ᠶᠢᠨ ᠴᠡᠴᠡᠷᠯᠢᠭ ᠲᠤ᠂ ᠪᠠᠢ ᠬᠠᠢ ᠯᠢᠨ ᠲᠦᠷᠦᠯ ᠵᠦᠢᠯ ᠤᠨ ᠲᠥᠯᠥᠪᠵᠢᠭᠦᠯᠭᠡ᠂ ᠭᠠᠵᠠᠷ ᠰᠢᠷᠣᠢ ᠶᠢᠨ ᠬᠠᠩᠭᠠᠯᠭ᠎ᠠ᠂ ᠪᠠᠶᠢᠰᠢᠩ ᠤᠨ ᠲᠣᠭᠤᠷᠢᠭ ᠤᠨ ᠥᠭᠡᠷᠡᠴᠢᠯᠡᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠬᠤᠲᠠ ᠪᠠᠯᠭᠠᠰᠤᠨ ᠤ ᠲᠥᠯᠥᠪᠵᠢᠭᠦᠯᠭᠡ ᠢᠷᠡᠭᠡᠳᠦᠶ ᠶᠢᠨ ᠬᠥᠭᠵᠢᠯᠲᠡ ᠲᠠᠢ ᠬᠤᠯᠪᠣᠭᠳᠠᠨ᠎ᠠ᠂ ᠠᠯᠤᠰ ᠬᠡᠲᠦ ᠶᠢᠨ ᠬᠠᠷᠠᠴᠠ ᠲᠠᠢ ᠪᠠᠶᠢᠵᠤ᠂ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠠᠮᠢ ᠠᠬᠤᠶ ᠵᠡᠷᠭᠡ ᠴᠢᠳᠠᠮᠵᠢ ᠶᠢᠨ ᠡᠯᠧᠮᠧᠨ᠋ᠲ ᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠵᠦᠶ ᠵᠣᠬᠢᠰᠲᠠᠶ ᠪᠠᠶᠢᠷᠢᠯᠠᠭᠤᠯᠵᠤ᠂ ᠢᠮᠠᠬᠤ ᠶᠢᠨ ᠲᠡᠳᠦᠶ ᠭᠠᠵᠠᠷ ᠰᠢᠷᠣᠶ ᠶᠢ ᠨᠠᠷᠢᠨ ᠨᠢᠮᠪᠠᠶ ᠰᠠᠶᠢᠲᠤᠷ ᠬᠡᠷᠡᠭᠯᠡᠬᠦ ᠮᠥᠷᠲᠡᠭᠡᠨ ᠪᠠᠰᠠ ᠢᠷᠡᠭᠡᠳᠦᠶ ᠶᠢᠨ ᠬᠥᠭᠵᠢᠯᠲᠡ ᠳᠤ ᠣᠷᠣᠨ ᠵᠠᠶ ᠦᠯᠡᠳᠡᠭᠡᠬᠦ ᠬᠡᠷᠡᠭᠲᠡᠶ᠃ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠪᠦᠲᠦᠮᠵᠢᠲᠡᠶ ᠠᠰᠢᠭᠯᠠᠬᠤ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠬᠥᠷᠥᠩᠭᠡ᠂ ᠥᠪᠡᠰᠦᠪᠡᠨ ᠪᠠᠷᠢᠭᠰᠠᠨ ᠪᠠᠶᠢᠰᠢᠩ ᠵᠡᠷᠭᠡ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠲᠦᠷᠬᠡᠨ ᠰᠢᠢᠳᠪᠦᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ︽ᠳᠣᠳᠠᠭᠤ ᠣᠷᠬᠢᠭᠰᠠᠨ︾ ᠲᠥᠷᠥᠯ ᠵᠦᠢᠯ ᠢ ᠠᠮᠢᠳᠤᠯᠢᠭ ᠪᠣᠯᠭᠠᠵᠤ᠂ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠥᠬᠡᠶ ᠰᠠᠶᠢᠵᠢᠷᠠᠭᠤᠯᠬᠤ ᠬᠡᠷᠡᠭᠲᠡᠶ ᠬᠡᠪᠡ᠃
    ᠶᠦᠨ ᠳ᠋ᠡ ᠰᠠᠯᠬᠢᠨ ᠬᠦᠴᠦᠨ ᠤ ᠴᠠᠬᠢᠯᠭᠠᠨ᠂ ᠷᠧᠨ ᠾᠧ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠭᠠᠵᠠᠷ᠂ ᠢᠷᠭᠠᠢ ᠪᠠᠶᠠᠠᠬᠤᠳᠠ ᠶᠢᠨ ᠰᠠᠯᠪᠤᠷᠢ ᠱᠤᠭᠤᠮ ᠤᠨ ᠲᠡᠮᠦᠷ ᠵᠠᠮ ᠤᠨ ᠭᠠᠯᠲᠤ ᠲᠡᠷᠭᠡᠨ ᠤ ᠥᠷᠲᠡᠭᠡ᠂ ᠬᠡᠶᠢᠳᠦ ᠣᠩᠭᠤᠴᠠ ᠶᠢᠨ ᠰᠠᠭᠤᠷᠢᠨ ᠭᠠᠵᠠᠷ ᠤᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠪᠠᠶ ᠬᠠᠶ ᠯᠢᠨ ᠲᠥᠷᠥᠯ ᠵᠦᠢᠯ ᠤᠨ ᠲᠥᠯᠥᠪᠵᠢᠭᠦᠯᠭᠡ᠂ ᠠᠵᠢᠯ ᠪᠠ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠨᠠᠷᠢᠨ ᠠᠰᠠᠭᠤᠵᠤ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷ ᠠᠰᠠᠭᠤᠳᠠᠯ ᠳᠤ ᠴᠢᠭᠯᠡᠭᠦᠯᠦᠨ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠪᠣᠯᠤᠨ ᠬᠠᠮᠢᠶ᠎ᠠ ᠪᠥᠬᠦᠶ ᠰᠠᠯᠠᠭ᠎ᠠ ᠮᠥᠴᠢᠷ ᠢ ᠨᠠᠷᠢᠨ ᠬᠢᠨᠠᠮᠠᠭᠠᠶ ᠰᠤᠳᠤᠯᠵᠤ᠂ ᠱᠠᠯᠠᠪᠳᠠᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ ᠲᠡᠷᠡ᠂ ᠶᠠᠮᠠᠷ ᠲᠦᠷᠦᠯ ᠵᠦᠢᠯ ᠬᠢᠭᠰᠡᠨ ᠴᠦ ᠴᠥᠮ ᠠᠮᠤᠷ ᠲᠦᠪᠰᠢᠨ ᠤ ᠪᠣᠭᠤᠮᠲᠠ ᠪᠣᠯᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠯ᠎ᠡ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠠᠯᠠᠱᠠ ᠵᠡᠭᠦᠨ ᠬᠤᠰᠢᠭᠤᠨ ᠤ ᠬᠠᠷᠢᠶ᠎ᠠ ᠭᠠᠵᠠᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠣᠯᠣᠯᠴᠠᠭ᠎ᠠ ᠪᠠᠨ ᠴᠢᠩᠭᠠᠳᠬᠠᠵᠤ᠂ ᠵᠢᠯᠣᠭᠤᠳᠤᠯᠭ᠎ᠠ ᠪᠠᠨ ᠰᠠᠶᠢᠲᠤᠷ ᠬᠢᠵᠦ᠂ ᠲᠥᠷᠥᠯ ᠵᠦᠢᠯ ᠨᠢᠭᠡᠪᠦᠷᠢ ᠶᠢ ᠴᠥᠮ ᠶᠠᠰᠤ ᠴᠢᠨᠠᠷ ᠤᠨ ᠢᠨᠵᠧᠨᠧᠷᠢᠩ ᠪᠣᠯᠭᠠᠨ ᠪᠦᠲᠦᠭᠡᠨ ᠪᠠᠶᠢᠭᠤᠯᠵᠤ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠥᠳᠡᠯᠭᠡᠭᠦ ᠬᠦᠴᠦᠨ ᠨᠡᠮᠡᠷᠢᠯᠡᠬᠦ ᠪᠠᠷ ᠴᠢᠷᠮᠠᠶᠢᠬᠤ ᠬᠡᠷᠡᠭᠲᠡᠢ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号