ᠪᠠᠶ ᠬᠠᠶ ᠯᠢᠨ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠳᠣᠬᠠᠢ ᠪᠠᠶᠢᠴᠠᠭᠠᠨ ᠰᠣᠳᠣᠯᠵᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/18
    3 ᠳ᠋ᠤᠭᠠᠷ ᠰᠠᠷ᠎ᠠ ᠶᠢᠨ 14 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠪᠠᠶ ᠬᠠᠶ ᠯᠢᠨ ᠠᠯᠠᠱᠠ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠤ ᠳᠠᠷᠠᠭ᠎ᠠ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠳᠣᠬᠠᠢ ᠶᠠᠷᠢᠯᠴᠠᠬᠤ ᠬᠤᠷᠠᠯ ᠢ ᠲᠤᠬᠠᠶ ᠶᠢᠨ ᠲᠠᠯᠠᠪᠠᠶ ᠳᠤ ᠡᠷᠭᠢᠯᠡᠨ ᠬᠤᠷᠠᠯᠳᠤᠭᠤᠯᠵᠤ᠂ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠪᠣᠯᠤᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠡᠨᠧᠷᠭᠢ ᠵᠡᠷᠭᠡ 11 ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ︽ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠰᠠᠨᠠᠯ︾ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠵᠢᠯᠣᠭᠤᠳᠬᠤ ᠰᠠᠨᠠᠯ ᠳᠤᠷᠠᠳᠪᠠ᠃
    ᠪᠠᠶ ᠬᠠᠶ ᠯᠢᠨ᠂ ᠠᠯᠠᠱᠠ ᠵᠡᠭᠦᠨ ᠬᠤᠰᠢᠭᠤ ᠪᠣᠯ ᠠᠶᠢᠮᠠᠭ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠮᠥᠨ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠ ᠡᠮᠦᠨ᠎ᠡ ᠨᠢ ᠶᠠᠪᠤᠵᠤ᠂ ᠬᠡᠪ ᠳᠠᠭᠤᠷᠢᠶᠠᠯ ᠪᠣᠯᠵᠣ᠂ ᠵᠢᠱᠢᠶ᠎ᠡ ᠦᠵᠡᠭᠦᠯᠬᠦ ᠬᠡᠷᠡᠭᠲᠡᠶ᠃ ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠣᠭᠤᠷᠢᠨ ᠳᠤ ᠨᠠᠷᠢᠨ ᠬᠢᠨᠠᠮᠠᠭᠠᠶ ᠰᠤᠳᠤᠯᠵᠤ᠂ ᠨᠠᠷᠢᠨ ᠨᠢᠮᠪᠠᠶ ᠲᠥᠯᠥᠪᠯᠡᠨ᠂ ᠨᠠᠩ ᠣᠯᠠᠨ ᠬᠠᠨᠳᠤᠯᠭᠠᠲᠤ ᠴᠢᠨᠠᠷᠲᠠᠶ᠂ ᠥᠪᠡᠷ ᠤᠨ ᠪᠠᠶᠢᠳᠠᠯ ᠳᠤᠨᠢ ᠲᠣᠬᠢᠷᠠᠭᠤᠯᠤᠨ ᠲᠣᠭᠲᠠᠭᠠᠭᠰᠠᠨ ᠵᠤᠷᠰᠢᠯ ᠠᠴᠠ ᠳᠠᠪᠠᠭᠰᠠᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠠᠯᠠᠱᠠ ᠵᠡᠭᠦᠨ ᠬᠤᠰᠢᠭᠤ ᠲᠠᠢ ᠬᠠᠮᠲᠤ ᠪᠠᠷ ︽ᠰᠠᠨᠠᠯ︾ ᠳᠠᠬᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠦᠲᠦᠭᠡᠯᠴᠢ ᠪᠠᠷ ᠠᠬᠢᠭᠤᠯᠬᠤ ᠬᠡᠷᠡᠭᠲᠡᠶ᠃ ᠮᠥᠷᠳᠡᠨ ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ ᠨᠠᠶᠢᠳᠠᠪᠤᠷᠢᠵᠢᠭᠤᠯᠵᠤ᠂ ︽ᠰᠠᠨᠠᠯ︾ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃
     ᠪᠠᠶ ᠬᠠᠶ ᠯᠢᠨ᠂ ᠠᠯᠠᠱᠠ ᠵᠡᠭᠦᠨ ᠬᠤᠰᠢᠭᠤ ᠲᠡᠷᠢᠭᠦᠨ ᠪᠠᠶᠢᠷᠢᠨ ᠳᠤ ᠳᠠᠯᠪᠢᠬᠤ ᠴᠢᠬᠤᠯᠠ ᠤᠬᠠᠮᠰᠠᠷ ᠢ ᠪᠠᠲᠤ ᠪᠣᠶ ᠪᠣᠯᠭᠠᠵᠤ᠂ ᠠᠶᠢᠮᠠᠭ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠪᠠ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠭᠤᠤᠯ ᠰᠢᠵᠢᠮ ᠢ ᠡᠷᠡᠰ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠢᠳᠡᠪᠬᠢᠲᠡᠶ ᠪᠠᠷ ᠴᠢᠷᠮᠠᠶᠢᠨ ᠲᠡᠮᠡᠴᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ︽ᠰᠠᠨᠠᠯ︾ ᠳᠠᠬᠢ ᠡᠯ᠎ᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠯᠡᠵᠦ᠂ ᠭᠦᠢᠴᠡᠳ ᠠᠮᠢᠳᠤᠯᠢᠭ ᠬᠡᠷᠡᠭᠯᠡᠵᠦ᠂ ᠠᠯᠠᠱᠠ ᠵᠡᠭᠦᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠶ᠃ ᠨᠢᠭᠡ ᠳᠤ᠂ ᠠᠵᠤ ᠠᠬᠤᠶ ᠶᠢᠨ ᠬᠥᠭᠵᠢᠯᠲᠡ ᠶᠢ ︽ᠳᠡᠷᠢᠬᠦᠨ ᠳᠤ ᠳᠠᠯᠪᠢᠬᠤ︾ ᠬᠡᠷᠡᠭᠲᠡᠶ᠃ ᠳᠠᠪᠠᠭᠤᠯᠢᠭ ᠢᠶᠠᠨ ᠤᠯᠠᠮ ᠨᠢᠭᠡ ᠠᠯᠬᠤᠮ ᠥᠷᠭᠡᠳᠬᠡᠵᠦ᠂ ᠳᠠᠯᠳᠠ ᠬᠦᠴᠦᠨ ᠢ ᠭᠦᠨ ᠠᠭᠤᠳᠠᠯᠵᠤ᠂ ᠣᠯᠠᠨᠪᠤᠯᠠᠭ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠵᠣᠷᠢᠭᠲᠠᠶ ᠪᠠᠷ ᠲᠥᠯᠥᠪᠵᠢᠭᠦᠯᠦᠨ ᠪᠠᠶᠢᠭᠤᠯᠵᠤ᠂ ᠥᠯᠵᠡᠶ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠢ ᠰᠠᠶᠢᠲᠤᠷ ᠠᠳᠬᠤᠬᠤ ᠶᠢᠨ ᠬᠠᠮᠲᠤ᠂ ︽ᠴᠡᠪᠡᠷ ᠴᠠᠬᠢᠯᠭᠠᠨ︾ ᠨᠠᠷᠠᠲᠤ ᠲᠥᠷᠥᠯ ᠲᠡᠮᠳᠡᠭᠲᠦ ᠶᠢ ᠰᠠᠶᠢᠲᠤᠷ ᠬᠢᠵᠦ᠂ ︽ᠴᠡᠪᠡᠷ ᠡᠨᠧᠷᠭᠢ︾ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠭᠤᠷᠪᠠᠨ ᠥᠨᠳᠥᠷ ᠨᠢᠭᠡ ᠳᠣᠤᠷ᠎ᠠ︾ ᠲᠥᠷᠥᠯ ᠵᠦᠢᠯ ᠢ ᠢᠳᠡᠪᠬᠢᠲᠡᠶ ᠣᠷᠣᠭᠤᠯᠤᠨ ᠠᠪᠴᠢᠷᠠᠵᠤ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠬᠤᠶᠠᠷ ᠲᠤ᠂ ᠰᠣᠶᠣᠯ ᠵᠢᠭᠤᠯᠴᠢᠯᠠᠯ ᠤᠨ ᠬᠥᠭᠵᠢᠯᠲᠡ ᠶᠢ ︽ᠳᠡᠷᠢᠬᠦᠨ ᠳᠤ ᠳᠠᠯᠪᠢᠬᠤ︾ ᠬᠡᠷᠡᠭᠲᠡᠢ᠃ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠤ ᠨᠠᠷᠠᠲᠤ ᠲᠥᠷᠥᠯ ᠲᠡᠮᠳᠡᠭᠲᠦ ᠶᠢ ᠤᠯᠠᠮ ᠨᠢᠭᠡ ᠠᠯᠬᠤᠮ ᠠᠯᠳᠠᠷᠰᠢᠭᠤᠯᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠡᠷᠲᠡᠬᠡᠨ ᠲᠥᠯᠥᠪᠯᠡᠨ ᠪᠡᠯᠡᠳᠬᠡᠵᠦ᠂ ᠰᠠᠭᠤᠷᠢ ᠲᠥᠬᠦᠭᠡᠷᠦᠮᠵᠢ ᠪᠠ ᠢᠵᠢ ᠪᠥᠷᠢᠳᠦᠭᠦᠯᠬᠦ ᠦᠢᠯᠡᠴᠢᠯᠡᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠭᠤᠯᠴᠢᠯᠠᠭᠴᠢᠳ ᠢ ᠭᠥᠯᠢᠶᠡᠨ ᠠᠪᠬᠤ ᠴᠢᠳᠠᠪᠤᠷᠢ ᠬᠢᠷᠢ ᠲᠦᠪᠰᠢᠨ ᠢ ᠬᠦᠴᠦᠯᠡᠨ ᠨᠡᠮᠡᠭᠳᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠷ᠎ᠡ ᠠᠰᠢᠭ ᠤᠨ ᠬᠡᠪᠴᠢᠶ᠎ᠡ ᠶᠢ ᠲᠠᠰᠤᠷᠠᠯᠲᠠ ᠥᠬᠡᠶ ᠦᠷᠭᠡᠳᠭᠡᠬᠦ ᠬᠡᠷᠡᠭᠳᠡᠢ᠃ ᠭᠤᠷᠪᠠ ᠳᠤ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ ︽ᠲᠡᠷᠢᠭᠦᠨ ᠳᠤ ᠳᠠᠯᠪᠢᠬᠤ︾ ᠬᠡᠷᠡᠭᠲᠡᠶ᠃ ᠬᠤᠲᠠ ᠪᠠᠯᠭᠠᠰᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠪᠠᠶᠠᠨᠬᠤᠲᠠ ᠶᠢ ᠢᠯᠡ ᠲᠣᠳᠣ ᠣᠨᠴᠠᠯᠢᠭ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠪᠠᠷ  ᠴᠢᠷᠮᠠᠶᠢᠬᠤ ᠬᠡᠷᠡᠭᠳᠡᠢ᠃ ᠲᠦᠷᠪᠡ ᠳᠤ᠂ ᠺᠠᠳ᠋ᠷ ᠤᠨ ᠡᠩᠨᠡᠭᠡ ᠶᠢ ︽ᠳᠡᠷᠢᠬᠦᠨ ᠳᠤ ᠳᠠᠯᠪᠢᠬᠤ︾ ᠬᠡᠷᠡᠭᠲᠡᠢ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠵᠠᠯᠠᠭᠤ ᠺᠠᠳ᠋ᠷᠴᠤᠳ ᠢ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷ ᠤᠨ ᠡᠩᠨᠡᠭᠡᠨ ᠤ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠶᠢ ᠦᠨᠡᠨ ᠬᠦ ᠳᠡᠭᠡᠭᠰᠢᠯᠡᠭᠦᠯᠵᠦ᠂ ᠬᠡᠷᠡᠭᠵᠢᠭᠦᠯᠵᠦ ᠨᠠᠶᠢᠳᠠᠪᠤᠷᠢᠵᠢᠭᠤᠯᠬᠤ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠵᠦ᠂ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号