︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ | ᠳᠦᠷᠢᠮ︾ ᠢ 3 ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠪᠡ᠃ ︽ᠬᠡᠷᠡᠭᠵᠢᠭᠦᠯᠬᠦ ᠳᠦᠷᠢᠮ︾ ᠨᠢ ᠨᠡᠶᠢᠲᠡ 8 | ᠪᠦᠯᠦᠭ 52 ᠵᠤᠷᠪᠤᠰ ᠲᠠᠢ ᠪᠠᠶᠢᠵᠤ᠂ ᠲᠠᠩᠰᠠ ᠡᠪᠬᠡᠮᠡᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ | ᠲᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ ᠬᠠᠮᠢᠶᠠᠷᠬᠤ ᠶᠢ ᠵᠢᠷᠤᠮᠵᠢᠭᠤᠯᠬᠤ᠂ ᠲᠠᠩᠰᠠ ᠡᠪᠬᠡᠮᠡᠯ ᠢ ᠬᠠᠳᠠᠭᠠᠯᠠᠨ | ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠨᠡᠭᠡᠭᠡᠨ ᠠᠰᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠵᠡᠷᠭᠡ | ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠠᠢ᠃ | ᠺᠤᠮᠫᠠᠨᠢ ᠶᠢᠨ ᠡᠳ᠋ ᠬᠥᠷᠥᠩᠭᠡ ᠶᠢ ᠬᠢᠮᠳᠠ ᠪᠠᠷ ᠬᠤᠳᠠᠯᠳᠤᠪᠠᠯ ᠶᠠᠯᠠᠳᠠᠨ᠎ᠠ | ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ | ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶᠠᠨ ᠤ ᠨᠥᠬᠦᠪᠦᠷᠢ ᠲᠣᠭᠲᠠᠭᠠᠯ ︵ᠨᠠᠢᠮᠠ︶︾ ᠢ 3 ᠰᠠᠷ᠎ᠠ ᠶᠢᠨ 1 ᠠᠴᠠ ᠡᠬᠢᠯᠡᠵᠦ | ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠢ ᠦᠨᠳᠦᠰᠦᠯᠡᠪᠡᠯ᠂ ︽︿ᠪᠦᠭᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ | ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾᠂ ︽ᠡᠷᠡᠭᠦᠦ ᠶᠢᠨ ᠬᠠᠤᠯᠢ ᠶᠢᠨ ᠬᠤᠪᠢᠶᠠᠷᠢ ᠳᠦᠷᠢᠮ ᠳᠤ | ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠯᠡᠬᠦ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠠᠨᠠᠯ︾ | ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠡᠷᠡᠭᠦᠦ ᠶᠢᠨ ᠬᠠᠤᠯᠢ︾ ᠶᠢᠨ ᠵᠠᠭᠤ ᠵᠢᠷᠠ ᠶᠢᠰᠦᠳᠦᠭᠡᠷ ᠵᠦᠢᠯ ︵︽ᠡᠷᠡᠭᠦᠦ ᠶᠢᠨ ᠬᠠᠤᠯᠢ ᠳᠤ ᠵᠠᠰᠠᠪᠤᠷᠢ | ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠤᠨ ᠭᠤᠷᠪᠠᠳᠤᠭᠠᠷ ᠵᠦᠢᠯ︶ ᠳᠠᠬᠢ ᠶᠠᠯ᠎ᠠ ᠶᠢᠨ ᠨᠡᠷ᠎ᠡ ᠶᠢ ︽ | ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠮᠳᠠ | ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠪᠠᠶᠢᠭᠰᠠᠨ ᠢ ︽ | ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠺᠤᠮᠫᠠᠨᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ | ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠵᠠᠰᠠᠪᠠ᠃ | ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠪᠠᠯ ᠰᠢᠢᠳᠬᠡᠨ᠎ᠡ | ︽ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠵᠤ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ 3 ᠰᠠᠷ᠎ᠠ ᠶᠢᠨ 15 ᠠᠴᠠ ᠡᠬᠢᠯᠡᠨ | ᠵᠢᠩᠬᠢᠨᠢ ᠪᠠᠷ ᠬᠡᠷᠡᠭᠵᠢᠭᠦᠯᠦᠨ᠎ᠡ᠃ ᠳᠤᠰ ︽ᠲᠣᠭᠲᠠᠭᠠᠯ︾ ᠳᠤ ᠳᠤᠷᠠᠳᠤᠭᠰᠠᠨ ᠢᠶᠠᠷ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠪᠠ ᠲᠥᠪ ᠤᠨ ᠠᠵᠤ ᠠᠬᠤᠶᠢᠯᠠᠯ᠂ ᠨᠡᠷ᠎ᠡ ᠠᠯᠳᠠᠷᠰᠢᠭᠰᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠪᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢᠶᠠᠷ ᠬᠠᠭᠤᠷᠮᠠᠭᠯᠠᠵᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠳᠠᠯᠳᠠ ᠴᠢᠨᠠᠷ ᠢᠶᠠᠷ ᠴᠢᠩᠭ᠎ᠠ᠂ ᠥᠷᠭᠡᠵᠢᠨ ᠳᠡᠯᠭᠡᠷᠡᠬᠦ ᠨᠢ ᠲᠦᠷᠭᠡᠨ᠂ | ᠨᠡᠶᠢᠭᠡᠮ ᠤᠨ ᠨᠥᠯᠥᠭᠡ ᠶᠡᠭᠡ ᠵᠡᠷᠭᠡ ᠣᠨᠴᠠᠯᠢᠭ ᠲᠤ ᠴᠢᠭᠯᠡᠭᠦᠯᠦᠨ᠂ ᠪᠡᠶ᠎ᠡ ᠶᠢᠨ ᠭᠠᠷᠤᠯ ᠢ ᠬᠠᠷᠭᠤᠭᠤᠯᠤᠨ | ᠪᠠᠶᠢᠴᠠᠭᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢ | ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ᠂ ᠳᠠᠩᠰᠠᠯᠠᠯᠲᠠ ᠶᠢ ᠬᠦᠴᠦᠨ ᠦᠭᠡᠢ ᠪᠤᠯᠭᠠᠬᠤ | ᠵᠢᠷᠤᠮ ᠢ ᠲᠡᠭᠦᠯᠳᠡᠷᠵᠢᠭᠦᠯᠬᠦ᠂ ᠨᠢᠭᠡᠨᠲᠡ ᠬᠡᠷᠡᠭ ᠪᠣᠯᠭᠠᠨ ᠲᠠᠩᠰᠠᠯᠠᠵᠤ ᠪᠠᠶᠢᠴᠠᠭᠠᠭᠰᠠᠨ ᠠᠵᠤ ᠠᠬᠤᠶᠢᠯᠠᠯ ᠢ ᠬᠠᠤᠯᠢ | ᠶᠣᠰᠣᠭᠠᠷ ᠳᠠᠩᠰᠠᠯᠠᠯᠲᠠ ᠬᠢᠬᠦ ᠦᠭᠡᠢ᠂ ᠬᠠᠤᠯᠢ ᠪᠤᠰᠤ ᠵᠠᠭᠤᠴᠢ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ | ᠠᠵᠢᠯᠯᠠᠭ᠎ᠠ ᠶᠢ ᠴᠢᠩᠭ᠎ᠠ ᠰᠢᠢᠳᠬᠡᠬᠦ ᠵᠡᠷᠭᠡ ᠠᠷᠭ᠎ᠠ ᠬᠡᠮᠵᠢᠶ᠎ᠡ ᠠᠪᠬᠤ ᠪᠣᠯᠣᠨ᠎ᠠ᠃ | ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠰᠢᠯᠭᠠᠨ ᠬᠢᠨᠠᠨ᠎ᠠ | ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ | ᠪᠠᠶᠢᠴᠠᠭᠠᠵᠤ ᠰᠢᠯᠭᠠᠨ ᠬᠢᠨᠠᠬᠤ ᠵᠦᠭᠯᠡᠭᠦᠷ︾᠂ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ | ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾ ᠶᠢ 3 | ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠵᠦ᠂ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ | ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠠᠢ᠃ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ | ᠬᠠᠷᠢᠭᠤᠴᠠᠯᠭᠠᠲᠠᠨ ᠠᠴᠠ︽ᠵᠦᠭᠯᠡᠭᠦᠷ︾ ᠪᠠ ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ | ᠦᠨᠳᠦᠰᠦᠯᠡᠨ᠂ ᠤᠨᠴᠠᠭᠠᠢ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ | ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠴᠢᠬᠤᠯᠠ | ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ | ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠢ ᠬᠠᠮᠢᠶᠠᠷᠤᠯᠲᠠ ᠶᠢᠨ | ᠲᠣᠭᠲᠠᠴᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ | | |